ᠠᠯᠠᠱᠠ ᠶᠢᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠄ ᠭᠠᠩ ᠬᠠᠭᠰᠠᠷᠠᠭᠠᠨ ᠲᠠᠢ ᠲᠡᠮᠡᠴᠡᠵᠦ ᠡᠯᠪᠡᠭ ᠬᠤᠷᠢᠶᠠᠯᠲᠠ ᠶᠢ ᠪᠠᠲᠤᠯᠠᠨ᠎ᠠ
ᠨᠡᠶᠢᠲᠡᠯᠡᠭᠰᠡᠨ ᠴᠠᠭ᠄
2024/7/24
     ᠮᠠᠯᠵᠢᠬᠤ ᠲᠠᠷᠢᠶᠠᠯᠠᠬᠤ ᠣᠷᠣᠨ ᠤ ᠭᠠᠩ ᠬᠠᠭᠰᠠᠷᠠᠭᠠᠨ ᠤ ᠪᠠᠶᠢᠳᠠᠯ ᠳᠤ ᠴᠢᠭᠯᠡᠭᠦᠯᠦᠨ᠂ ᠠᠯᠠᠱᠠ ᠶᠢᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠠᠮᠠᠷ ᠶᠠᠮᠠᠷ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠠᠪᠤᠭᠰᠠᠨ ᠪᠣᠶ︖ ᠠᠯᠠᠱᠠ ᠶᠢᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠨᠠᠮ ᠤᠨ ᠬᠤᠷᠢᠶᠠᠨ ᠤ ᠭᠡᠰᠢᠭᠦᠨ᠂ ᠪᠠᠩᠬᠢ ᠶᠢᠨ ᠳᠡᠳ᠋ ᠳᠠᠷᠤᠭ᠎ᠠ ᠸᠠᠩ ᠯᠸᠢ ᠡᠨᠡ ᠳᠣᠬᠠᠢ ᠶᠠᠷᠢᠯᠴᠠᠯᠭ᠎ᠠ ᠦᠭᠪᠡ᠃     ᠰᠣᠷᠪᠣᠯᠵᠢᠯᠠᠭᠴᠢ᠄ ᠮᠠᠯᠵᠢᠬᠤ ᠲᠠᠷᠢᠶᠠᠯᠠᠬᠤ ᠣᠷᠣᠨ ᠤ ᠭᠠᠩ ᠬᠠᠭᠰᠠᠷᠠᠭᠠᠨ ᠤ ᠪᠠᠶᠢᠳᠠᠯ ᠳᠤ ᠴᠢᠭᠯᠡᠭᠦᠯᠦᠨ᠂ ᠠᠯᠠᠱᠠ ᠶᠢᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠠᠮᠠᠷ ᠶᠠᠮᠠᠷ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠠᠪᠤᠭᠰᠠᠨ ᠪᠣᠶ︖     ᠸᠠᠩ ᠯᠸᠢ᠄ ᠨᠢᠭᠡ᠂ ᠭᠠᠩ ᠬᠠᠭᠰᠠᠷᠠᠭᠠᠨ ᠲᠠᠢ ᠲᠡᠮᠡᠴᠡᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠬᠦᠨᠵᠡᠭᠡᠶᠢᠷᠡᠬᠦᠯᠪᠡ     ᠠᠯᠠᠱᠠ ᠶᠢᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠨᠢ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠣᠯᠠᠨ ᠤᠳᠠᠭ᠎ᠠ ᠠᠵᠢᠯᠲᠠᠨ ᠢᠶᠠᠨ ᠵᠣᠬᠢᠶᠠᠨ ᠪᠠᠶᠢᠭᠤᠯᠤᠨ ᠭᠠᠴᠠᠭᠠᠨ ᠤ ︽ᠬᠤᠶᠠᠷ ᠵᠥᠪᠯᠡᠯ︾ ᠪᠠ ᠮᠠᠯᠴᠢᠨ ᠲᠠᠷᠢᠶᠠᠴᠢᠨ ᠤ ᠬᠡᠷ ᠲᠤ ᠬᠦᠷᠴᠦ᠂ ᠮᠥᠩᠭᠦᠨ ᠭᠦᠢᠯᠭᠡᠭᠡᠨ ᠤ ᠨᠡᠭᠦᠳᠡᠯ ᠦᠢᠯᠡᠴᠢᠯᠡᠭᠡᠨ ᠤ ᠲᠡᠷᠭᠡ᠂ ᠬᠥᠳᠡᠭᠡ ᠲᠣᠰᠬᠤᠨ ᠤ ᠢᠲᠡᠭᠡᠮᠵᠢ ᠶᠢᠨ ᠥᠷᠲᠡᠭᠡ ᠵᠡᠷᠭᠡ ᠪᠠᠷ ᠳᠠᠮᠵᠢᠭᠤᠯᠤᠨ᠂ ᠪᠠᠭ᠎ᠠ ᠲᠣᠭᠠᠨ ᠤ ᠵᠢᠭᠡᠯᠡᠯᠭᠡ ᠶᠢ ᠳᠡᠭᠡᠭᠰᠢᠯᠡᠭᠦᠯᠵᠦ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠵᠠᠭᠪᠤᠷ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠮᠠᠯᠴᠢᠨ ᠲᠠᠷᠢᠶᠠᠴᠢᠨ ᠤ ᠵᠢᠭᠡᠯᠡᠯᠭᠡ ᠭᠤᠶᠤᠴᠢᠯᠠᠬᠤ  ᠴᠤᠪᠤᠷᠠᠯ ᠢ ᠲᠥᠬᠦᠮ ᠪᠣᠯᠭᠠᠪᠡ᠃     ᠪᠠᠴᠢᠮ ᠬᠡᠷᠡᠭᠰᠡᠬᠦ ᠲᠡᠵᠢᠭᠡᠯ ᠡᠪᠡᠰᠦ ᠪᠣᠷᠳᠤᠭ᠎ᠠ ᠬᠤᠳᠠᠯᠳᠤᠨ ᠠᠪᠬᠤ ᠮᠠᠯᠴᠢᠨ ᠲᠠᠷᠢᠶᠠᠴᠢᠳ ᠲᠤ ︽ᠰᠠᠭᠠᠳ ᠥᠬᠡᠶ ᠨᠡᠪᠲᠡᠷᠡᠬᠦ ᠵᠠᠮ︾ ᠨᠡᠭᠡᠭᠡᠨ ᠥᠭᠴᠦ᠂ ᠵᠢᠭᠡᠯᠡᠯᠭᠡ ᠶᠢᠨ ᠭᠤᠶᠤᠴᠢᠯᠠᠯ ᠢ ᠤᠷᠢᠳᠠᠪᠠᠷ ᠭᠥᠯᠢᠶᠡᠨ ᠠᠪᠴᠤ ᠰᠢᠢᠳᠪᠦᠷᠢᠯᠡᠨ᠂ ᠵᠢᠭᠡᠯᠡᠯᠭᠡ ᠶᠢᠨ ᠮᠠᠲ᠋ᠧᠷᠢᠶᠠᠯ ᠢ ᠤᠷᠢᠳᠠᠪᠠᠷ ᠬᠢᠨᠠᠨ ᠵᠥᠪᠰᠢᠶᠡᠷᠡᠵᠦ᠂ ᠵᠢᠭᠡᠯᠡᠯᠭᠡ ᠶᠢᠨ ᠪᠠᠯᠠ ᠮᠥᠩᠭᠦ ᠶᠢ ᠤᠷᠢᠳᠠᠪᠠᠷ ᠣᠯᠭᠤᠪᠠ᠃
1.jpg
    ᠬᠤᠶᠠᠷ᠂ ᠠᠵᠤ ᠦᠢᠯᠡᠰ ᠢ ᠲᠡᠳᠬᠦᠵᠦ᠂ ᠲᠤᠰᠬᠠᠶ ᠵᠦᠢᠯ ᠤᠨ ᠲᠥᠷᠥ ᠶᠢᠨ ᠪᠣᠳᠣᠯᠭ᠎ᠠ ᠲᠠᠷᠢᠶᠠᠯᠠᠩ ᠳᠤ ᠬᠦᠴᠦᠨ ᠨᠡᠮᠡᠷᠢᠯᠡᠪᠡ    ᠭᠠᠵᠠᠷ ᠣᠷᠣᠨ ᠤ ᠭᠤᠣᠯᠳᠠᠯᠭ᠎ᠠ ᠲᠠᠢ ᠤᠨᠴᠠᠯᠢᠭᠳᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠯᠠᠰᠢᠨ ᠦᠬᠡᠷ᠂ ᠠᠯᠠᠰᠢᠨ ᠬᠤᠨᠢ᠂ ᠲᠡᠮᠡᠭᠡ᠂ ᠡᠷᠳᠡᠨᠢ ᠰᠢᠰᠢ᠂ ᠨᠡᠷᠡᠨ ᠬᠤᠸᠠᠷ᠂ ᠢᠳᠡᠰᠢᠨ ᠨᠣᠭᠤᠭ᠎ᠠ ᠵᠡᠷᠭᠡ ᠳᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠬᠡᠷ ᠤᠨ ᠠᠵᠤ ᠦᠢᠯᠡᠰ ᠤᠨ ᠲᠤᠰᠬᠠᠢ ᠡᠵᠡᠩᠨᠡᠯᠲᠡ ᠶᠢᠨ ᠰᠠᠯᠪᠤᠷᠢ ᠪᠠᠩᠬᠢ︾ ᠪᠠᠶᠢᠭᠤᠯᠵᠤ᠂ ᠡᠷᠭᠡᠬᠠᠰᠢᠬ᠎ᠠ ᠶᠢᠨ ᠪᠢᠴᠢᠬᠠᠨ ᠦᠬᠡᠷ᠂ ᠠᠯᠠᠱᠠ ᠶᠢᠨ ᠬᠤᠣᠰ ᠪᠥᠬᠦᠲᠦ ᠲᠡᠮᠡᠭᠡ᠂ ᠴᠠᠭᠠᠨ ᠨᠣᠯᠣᠣᠷ ᠤᠨ ᠢᠮᠠᠭ᠎ᠠ᠂ ᠴᠠᠭᠠᠨ ᠭᠤᠶᠣᠣ᠂ ᠤᠯᠠᠭᠠᠨ ᠭᠤᠶᠣᠣ ᠵᠡᠷᠭᠡ ᠳᠠᠪᠠᠭᠤᠯᠢᠭ ᠤᠨᠴᠠᠯᠢᠭᠳᠤ ᠠᠵᠤ ᠦᠢᠯᠡᠰ ᠢ ᠤᠷᠢᠳᠠᠪᠠᠷ ᠳᠡᠮᠵᠢᠪᠡ᠃ ᠳᠡᠭᠡᠷ᠎ᠡ ᠬᠠᠭᠠᠰ ᠵᠢᠯ ᠳᠤ᠂ ᠭᠤᠤᠯᠳᠠᠯᠭ᠎ᠠ ᠲᠠᠢ ᠳᠡᠮᠵᠢᠬᠦ ᠠᠵᠤ ᠦᠢᠯᠡᠰ ᠲᠤ ᠨᠡᠶᠢᠲᠡ 8.91 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ᠃    ᠭᠤᠷᠪᠠ᠂ ᠳᠦᠷᠢᠮ ᠢ ᠲᠣᠭᠲᠠᠭᠠᠵᠤ᠂ ᠲᠤᠰᠬᠠᠢ ᠦᠢᠯᠡᠳᠬᠦᠨ ᠢᠶᠠᠷ ᠲᠠᠷᠢᠶᠠᠯᠠᠩ ᠢ ᠰᠠᠭᠠᠲᠠᠭᠠᠬᠤ ᠦᠭᠡᠢ ᠪᠠᠶᠢᠬᠤ ᠶᠢ ᠪᠠᠳᠣᠯᠠᠪᠠ    ︽ᠹᠦ᠋ ᠨᠥᠩ ᠵᠢᠭᠡᠯᠡᠯᠭᠡ︾ ᠪᠣᠯ ᠠᠯᠠᠱᠠ ᠶᠢᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠲᠤᠰᠬᠠᠶ ᠲᠣᠭᠲᠠᠭᠠᠭᠰᠠᠨ ᠶᠤᠮ᠂ ᠬᠠᠷᠢᠶ᠎ᠠ ᠣᠷᠣᠨ ᠳᠠᠬᠢ ᠢᠲᠡᠭᠡᠮᠵᠢ ᠣᠯᠭᠤᠬᠤ ᠨᠥᠬᠦᠴᠡᠯ ᠳᠤ ᠨᠡᠶᠢᠴᠡᠬᠦ ᠮᠠᠯᠵᠢᠬᠤ ᠲᠠᠷᠢᠶᠠᠯᠠᠬᠤ ᠡᠷᠦᠬᠡ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠬᠥᠳᠡᠭᠡ ᠲᠣᠰᠬᠤᠨ ᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠵᠡᠷᠭᠡ ᠳᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠲᠥᠯ ᠲᠤᠰᠴᠤ ᠪᠤᠶᠢᠵᠢᠭᠤᠯᠬᠤ᠂ ᠲᠠᠷᠢᠶᠠᠯᠠᠩ ᠤᠨ ᠬᠡᠷᠡᠭᠰᠡᠯ ᠬᠤᠳᠠᠯᠳᠤᠨ ᠠᠪᠬᠤ᠂ ᠮᠠᠯ ᠤᠨᠤᠭ᠎ᠠ ᠲᠡᠵᠢᠭᠡᠬᠦ ᠡᠵᠡᠩᠨᠡᠯᠲᠡ ᠶᠢᠨ ᠴᠢᠨᠠᠷᠲᠠᠶ ᠵᠢᠭᠡᠯᠡᠯᠭᠡ ᠲᠠᠯᠪᠢᠵᠤ᠂ ᠢᠲᠡᠭᠡᠮᠵᠢ ᠶᠢᠨ ᠲᠤᠭ᠎ᠠ ᠬᠡᠮᠵᠢᠶ᠎ᠡ ᠨᠢ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ  ᠲᠤ ᠬᠦᠷᠴᠦ᠂ ᠢᠲᠡᠭᠡᠮᠵᠢ ᠣᠯᠭᠤᠬᠤ ᠬᠤᠭᠤᠴᠠᠭ᠎ᠠ ᠨᠢ ᠬᠠᠮᠤᠭ ᠤᠨ ᠤᠷᠲᠤ ᠳᠠᠭᠠᠨ 3 ᠵᠢᠯ ᠪᠣᠯᠤᠨ᠎ᠠ᠃ ᠳᠡᠭᠡᠷ᠎ᠡ ᠬᠠᠭᠠᠰ ᠵᠢᠯ ᠳᠤ᠂ ᠨᠢᠭᠡᠨᠲᠡ ᠨᠡᠶᠢᠲᠡ 9.61 ᠳ᠋ᠦᠩᠰᠢᠭᠤᠷ ᠲᠥᠭᠦᠷᠢᠭ ᠤᠨ ︽ᠹᠦ᠋ ᠨᠦᠩ ᠵᠢᠭᠡᠯᠡᠯᠭᠡ︾ ᠶᠢ ᠲᠠᠷᠬᠠᠭᠠᠪᠠ᠃
2.jpg
     ᠲᠣᠰ ᠵᠢᠯ ᠳᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠴᠢᠭᠯᠡᠭᠦᠯᠦᠨ ᠲᠤᠰᠬᠠᠶ ᠵᠢᠭᠡᠯᠡᠯᠭᠡ ᠶᠢᠨ ᠦᠢᠯᠡᠳᠬᠦᠨ ᠤ ︽ᠲᠠᠷᠢᠶᠠᠯᠠᠩ ᠳᠤ ᠠᠰᠢᠭ ᠬᠦᠷᠲᠡᠭᠡᠬᠦ ᠵᠢᠭᠡᠯᠡᠯᠭᠡ︾ ᠶᠢ ᠨᠡᠶᠢᠲᠡᠯᠡᠵᠦ᠂ ᠬᠦᠤ ᠮᠥᠩᠭᠦ ᠶᠢᠨ ᠨᠣᠷᠮ᠎ᠠ ᠨᠢ 3.3% ᠪᠣᠯᠵᠣ᠂ ᠮᠠᠯᠴᠢᠨ ᠲᠠᠷᠢᠶᠠᠴᠢᠨ ᠤ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠪᠠ᠃ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ︽ᠲᠠᠷᠢᠶᠠᠴᠢᠳ ᠲᠤ ᠠᠰᠢᠭ ᠬᠦᠷᠲᠡᠭᠡᠬᠦ ᠵᠢᠭᠡᠯᠡᠯᠭᠡ︾ ᠶᠢ ᠨᠡᠶᠢᠲᠡ 269 ᠬᠤᠪᠢ ᠲᠠᠯᠪᠢᠵᠤ᠂ ᠵᠣᠭᠤᠰ ᠤᠨ ᠲᠤᠭ᠎ᠠ ᠨᠢ 2520 ᠲᠦᠮᠡᠨ ᠲᠥᠭᠦᠷᠢᠭ ᠲᠤ ᠬᠦᠷᠴᠡᠶ᠃     ᠳᠥᠷᠪᠡ᠂ ᠲᠣᠨᠤᠭ ᠲᠥᠬᠦᠭᠡᠷᠦᠮᠵᠢ ᠳᠣᠭᠢᠷᠠᠭᠤᠯᠵᠤ᠂ ᠨᠡᠭᠦᠳᠡᠯ ᠦᠢᠯᠡᠴᠢᠯᠡᠭᠡ ᠨᠢ ᠮᠥᠩᠭᠦᠨ ᠭᠦᠢᠯᠭᠡᠭᠡᠨ ᠤ ᠲᠥᠬᠦᠮ ᠦᠵᠡᠭᠦᠯᠬᠦ ᠴᠢᠨᠠᠷ ᠢ ᠳᠡᠭᠡᠭᠰᠢᠯᠡᠬᠦᠯᠪᠡ     ︽ᠨᠡᠭᠦᠳᠡᠯ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠡᠷᠭᠡ︾ ᠪᠠᠷ ᠳᠠᠮᠵᠢᠭᠤᠯᠤᠨ᠂ ᠲᠤᠬᠠᠶᠢᠯᠠᠭᠰᠠᠨ ᠠᠵᠢᠯ ᠤᠨ ᠦᠵᠦᠭᠦᠷ᠂ ᠤᠲᠠᠰᠤ ᠥᠬᠡᠶ ᠰᠦᠯᠵᠢᠶ᠎ᠡ᠂ ᠺᠠᠷᠲ ᠦᠢᠯᠡᠳᠬᠦ ᠮᠠᠰᠢᠨ ᠵᠡᠷᠭᠡ ᠲᠥᠬᠦᠭᠡᠷᠦᠮᠵᠢ ᠳᠣᠭᠢᠷᠠᠭᠤᠯᠵᠤ᠂ ᠲᠤᠰᠬᠠᠶᠢᠯᠠᠨ ᠲᠣᠰᠬᠤᠨ᠂ ᠨᠡᠶᠢᠭᠡᠮ ᠲᠣᠭᠤᠷᠢᠭ᠂ ᠠᠵᠤ ᠠᠬᠤᠶᠢᠯᠠᠯ ᠳᠤ ᠬᠦᠷᠴᠦ ᠲᠤᠬᠠᠶᠢᠯᠠᠭᠰᠠᠨ ᠠᠵᠢᠯ ᠢ ᠲᠤᠬᠠᠶ ᠶᠢᠨ ᠭᠠᠵᠠᠷ ᠲᠤᠨᠢ ᠭᠥᠯᠢᠶᠡᠨ ᠠᠪᠴᠤ ᠬᠦᠢᠴᠡᠳᠭᠡᠪᠡ᠃ 6 ᠰᠠᠷ᠎ᠠ ᠶᠢᠨ ᠰᠡᠭᠦᠯᠴᠢ ᠪᠣᠯᠲᠠᠯ᠎ᠠ᠂ ᠨᠡᠶᠢᠲᠡ 3.2 ᠲᠦᠮᠡᠨ ᠺᠢᠯᠣᠮᠧᠲᠷ ᠠᠶᠠᠯᠠᠵᠤ᠂ 15 ᠰᠢᠶᠠᠩ ᠪᠠᠯᠭᠠᠰᠤ 139 ᠲᠣᠰᠬᠤᠨ ᠢ ᠬᠠᠮᠤᠷᠪᠠ᠃     ᠰᠢᠶᠠᠩ ᠪᠠᠯᠭᠠᠰᠤ ᠳᠤ ︽ᠬᠥᠳᠡᠭᠡ ᠲᠣᠰᠬᠤᠨ ᠤ ᠢᠲᠡᠭᠡᠮᠵᠢ ᠶᠢᠨ ᠥᠷᠲᠡᠭᠡ︾ ᠶᠢ ᠪᠠᠶᠢᠭᠤᠯᠵᠤ᠂ ᠲᠠᠷᠢᠶᠠᠯᠠᠬᠤ ᠮᠠᠯᠵᠢᠬᠤ ᠡᠷᠦᠬᠡ ᠶᠢᠨ ︽ᠣᠶᠢᠷ᠎ᠠ ᠬᠠᠪᠢ ᠳᠠᠭᠠᠨ᠂ ᠴᠠᠭ ᠲᠤᠬᠠᠶ ᠳᠤᠨᠢ ᠬᠦᠢᠴᠡᠳᠭᠡᠬᠦ︾ ᠮᠥᠩᠭᠦᠨ ᠭᠦᠢᠯᠭᠡᠭᠡᠨ ᠤ ᠬᠡᠷᠡᠭᠴᠡᠭᠡ ᠶᠢ ᠬᠠᠩᠭᠠᠪᠠ᠃ 6 ᠰᠠᠷ᠎ᠠ ᠶᠢᠨ ᠰᠡᠭᠦᠯᠴᠢ ᠪᠣᠯᠲᠠᠯ᠎ᠠ᠂ ᠨᠡᠶᠢᠲᠡ 2 ︽ᠬᠥᠳᠡᠭᠡ ᠲᠣᠰᠬᠤᠨ ᠤ ᠢᠲᠡᠭᠡᠮᠵᠢ ᠶᠢᠨ ᠥᠷᠲᠡᠭᠡ︾ ᠶᠢ ᠪᠠᠶᠢᠭᠤᠯᠵᠤ᠂ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠨᠡᠶᠢᠲᠡ 1.2 ᠲᠦᠮᠡ ᠭᠠᠷᠤᠶ ᠬᠤᠪᠢ ᠭᠥᠯᠢᠶᠡᠨ ᠠᠪᠴᠤ ᠬᠦᠢᠴᠡᠳᠭᠡᠪᠡ᠃    ︽ᠲᠠᠷᠢᠶᠠᠯᠠᠩ ᠢ ᠲᠤᠰᠠᠯᠠᠬᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠡᠭ︾ ᠢ ᠪᠠᠶᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠨᠢᠭᠡ ᠴᠤᠭᠴᠠᠵᠢᠭᠤᠯᠤᠭᠰᠠᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠠᠯᠠᠪᠤᠷ ᠢ ᠪᠠᠶᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ︽ᠡᠴᠦᠰ ᠤᠨ ᠨᠢᠭᠡ ᠮᠧᠲᠷ︾ ᠢ ᠨᠡᠪᠳᠡᠷᠡᠭᠦᠯᠪᠡ᠃ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠨᠡᠶᠢᠲᠡ 6 ᠦᠢᠯᠡᠴᠢᠯᠡᠭᠡᠨ ᠤ ᠴᠡᠭ ᠭᠠᠷᠭᠠᠵᠤ᠂ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠨᠡᠶᠢᠲᠡ 6000 ᠭᠠᠷᠤᠶ ᠬᠤᠪᠢ ᠭᠥᠯᠢᠶᠡᠨ ᠠᠪᠴᠤ ᠬᠦᠢᠴᠡᠳᠭᠡᠪᠡ᠃
3.jpg
     ᠳᠡᠭᠡᠷ᠎ᠡ ᠬᠠᠭᠠᠰ ᠵᠢᠯ ᠳᠤ᠂ ᠠᠯᠠᠱᠠ ᠶᠢᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠨᠡᠶᠢᠲᠡ 4249 ᠡᠷᠦᠬᠡ ᠮᠠᠯᠴᠢᠨ ᠲᠠᠷᠢᠶᠠᠴᠢᠨ ᠳᠤ 9.61 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ᠂ ᠡᠭᠦᠨ ᠳᠤ 2737 ᠡᠷᠦᠬᠡ ᠳᠤ ᠡᠪᠡᠰᠦ ᠪᠣᠷᠳᠣᠭᠠᠨ ᠤ ᠵᠢᠭᠡᠯᠡᠯᠭᠡ ᠲᠠᠯᠪᠢᠵᠤ᠂ 4.32 ᠳ᠋ᠦᠩᠰᠢᠭᠤᠷ ᠲᠥᠭᠦᠷᠢᠭ ᠤᠨ ᠵᠣᠭᠤᠰ ᠣᠷᠣᠭᠤᠯᠪᠠ᠃ ᠮᠠᠯᠵᠢᠬᠤ ᠲᠠᠷᠢᠶᠠᠯᠠᠬᠤ ᠡᠷᠦᠬᠡ ᠶᠢᠨ ᠵᠢᠭᠡᠯᠡᠯᠭᠡ ᠶᠢᠨ ᠬᠦᠦ ᠶᠢᠨ ᠨᠤᠷᠮ᠎ᠠ 5.11% ᠪᠠᠶᠢᠵᠤ᠂ ᠪᠦᠬᠦ ᠪᠠᠩᠬᠢ ᠶᠢᠨ ᠡᠯ᠎ᠡ ᠵᠦᠢᠯ ᠤᠨ ᠵᠢᠭᠡᠯᠡᠯᠭᠡ ᠶᠢᠨ  ᠬᠦᠦ ᠶᠢᠨ ᠨᠤᠷᠮ᠎ᠠ ᠠᠴᠠ 0.87 ᠵᠠᠭᠤᠨ ᠤ ᠴᠡᠭ ᠳᠣᠣᠷ᠎ᠠ ᠪᠣᠯᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号