ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠯᠠᠱᠠ ᠶᠢᠨ ᠦᠢᠯᠡᠳᠦᠯᠭᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2024/7/25
    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠮᠵᠢᠯᠲᠠ ᠲᠠᠢ ᠲᠡᠭᠦᠰᠬᠦ ᠶᠢ ᠳᠠᠭᠠᠯᠳᠤᠨ᠂ ᠪᠥᠬᠦᠳᠡ ᠬᠤᠷᠠᠯ ᠤᠨ ᠵᠣᠷᠢᠭ ᠰᠠᠨᠠᠭ᠎ᠠ ᠦᠳᠲᠡᠷ ᠲᠦᠷᠭᠡᠨ ᠠᠯᠠᠱᠠ ᠶᠢᠨ ᠭᠠᠵᠠᠷ ᠪᠦᠬᠦᠨ ᠳᠤ ᠤᠯᠠᠮᠵᠢᠯᠠᠭᠳᠠᠵᠤ᠂ ᠬᠠᠯᠠᠭᠤᠨ ᠲᠤᠰᠬᠠᠯ ᠭᠠᠷᠪᠠ᠃ ᠣᠯᠠᠨ ᠢᠶᠠᠷ ᠢᠶᠠᠨ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠤᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠬᠤᠶᠠᠷ ᠶᠡᠭᠡ ᠶᠠᠪᠤᠳᠠᠯ ᠢ ᠲᠡᠷᠡ ᠶᠣᠰᠣᠭᠠᠷ ᠨᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾᠎ ᠢ ᠰᠠᠶᠢᠲᠤᠷ ᠠᠳᠬᠤᠵᠤ᠂ ︽ᠨᠢᠭᠡ ᠵᠢᠱᠢᠶ᠎ᠡ ᠦᠵᠡᠭᠦᠯᠬᠦ ᠠᠶᠢᠮᠠᠭ ᠢ ᠪᠥᠲᠥᠭᠡᠨ ᠪᠠᠶᠢᠭᠤᠯᠵᠤ᠂ ᠲᠠᠪᠤᠨ ᠶᠡᠭᠡ ᠰᠠᠭᠤᠷᠢᠨ ᠭᠠᠵᠠᠷ ᠢ ᠴᠣᠭᠴᠠᠯᠠᠵᠤ᠂ ᠲᠤᠯᠤᠭᠠᠨ ᠶᠡᠭᠡ ᠢᠨᠵᠧᠨᠧᠷᠢᠩ ᠢ ᠬᠡᠷᠡᠭᠵᠢᠭᠦᠯᠬᠦ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠷᠢᠭᠲᠠᠶ ᠪᠠᠷ ᠤᠷᠤᠭᠰᠢᠯᠠᠨ ᠳᠡᠪᠰᠢᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢᠨ ᠠᠯᠠᠱᠠ ᠶᠢᠨ ᠦᠢᠯᠡᠳᠦᠯᠭᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠡᠭᠡᠪᠡ᠃
1.jpg
     ᠠᠶᠢᠮᠠᠭ ᠤᠨ ᠳᠡᠳ᠋ ᠳᠠᠷᠤᠭ᠎ᠠ᠂ ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᠴᠥᠩ ᠰᠢᠶᠤᠤ᠂ ᠪᠢᠳᠡ ︽ᠲᠡᠮᠡᠭᠡᠨ ᠤ ᠠᠵᠤ ᠦᠢᠯᠡᠰ ᠢ ᠲᠥᠪᠯᠡᠷᠡᠭᠦᠯᠦᠨ ᠲᠠᠷᠬᠠᠭᠠᠬᠤ ᠴᠢᠬᠤᠯᠠ ᠲᠥᠪ᠂ ᠪᠠᠶᠢᠭᠠᠯᠢ ᠶᠢᠨ ᠬᠤᠵᠢᠷ ᠢ ᠦᠢᠯᠡᠳᠪᠦᠷᠢᠯᠡᠵᠦ ᠡᠳ᠋ᠰᠢᠭᠦᠯᠦᠨ ᠪᠣᠷᠣᠯᠠᠭᠤᠯᠬᠤ ᠴᠢᠬᠤᠯᠠ ᠲᠥᠪ᠂ ᠡᠯᠡᠰᠦᠨ ᠴᠦᠯ ᠤᠨ ᠵᠢᠭᠤᠯᠴᠢᠯᠠᠯ ᠤᠨ ᠵᠣᠷᠢᠭᠰᠠᠨ ᠭᠠᠵᠠᠷ ᠪᠠ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ︾᠎ ᠤᠨ ᠲᠠᠰ ᠳᠡᠪᠰᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠴᠡᠪᠡᠷ ᠡᠨᠧᠷᠭᠢ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠶᠢ ᠬᠦᠴᠦᠯᠡᠨ ᠰᠠᠶᠢᠲᠤᠷ ᠬᠥᠭᠵᠢᠭᠦᠯᠵᠦ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠢᠳᠡᠪᠬᠢᠲᠡᠶ ᠦᠷ᠎ᠡ ᠪᠦᠲᠦᠮᠵᠢ ᠪᠠᠷ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠴᠤ᠂ ᠰᠢᠨ᠎ᠡ ᠳᠦᠷᠰᠦ ᠪᠠᠶᠢᠳᠠᠯ ᠲᠠᠢ ᠪᠣᠯᠬᠤ ᠶᠢ ᠠᠬᠢᠭᠤᠯᠤᠨ᠎ᠠ ᠭᠡᠪᠡ᠃
2.jpg
     ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠭᠠᠨ᠎ᠠ᠂ ᠤᠯᠤᠰ ᠤᠨ ︽ᠭᠤᠪᠢ ᠴᠦᠯ︾᠎ ᠳᠤ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠠᠭᠤᠷᠢᠨ ᠭᠠᠵᠠᠷ ᠢ ᠲᠥᠯᠥᠪᠵᠢᠭᠦᠯᠦᠨ ᠪᠥᠲᠥᠭᠡᠨ ᠪᠠᠶᠢᠭᠤᠯᠬᠤ ᠲᠡᠦᠬᠡᠲᠦ ᠴᠢᠨᠠᠷᠲᠠᠶ ᠠᠵᠠ ᠲᠣᠬᠢᠶᠠᠯ ᠢ ᠴᠢᠩᠭ᠎ᠠ ᠠᠳᠬᠤᠵᠤ᠂ ᠠᠵᠤ ᠦᠢᠯᠡᠰ ᠤᠨ ᠪᠥᠬᠦ ᠲᠠᠯ᠎ᠠ ᠪᠠᠷ ᠪᠣᠬᠢᠷᠲᠤᠯ ᠥᠬᠡᠶ ᠳᠡᠰᠢ ᠬᠡᠯᠪᠡᠷᠢ ᠪᠠᠨ ᠬᠤᠪᠢᠷᠠᠭᠤᠯᠬᠤ ᠶᠢ ᠳᠠᠶᠢᠴᠢᠯᠠᠨ᠎ᠠ᠃ ᠥᠯᠵᠡᠶ ᠪᠣᠭᠤᠮᠲᠠ ᠪᠣᠯᠤᠨ ᠣᠯᠠᠨᠪᠤᠯᠠᠭ ᠳᠠᠭᠠᠤ ᠶᠢᠨ ᠠᠵᠤ ᠦᠢᠯᠡᠰ ᠤᠨ ᠬᠦᠷᠢᠶᠡᠯᠡᠩ ᠤᠨ ᠨᠡᠭᠡᠭᠡᠯᠲᠡ ᠪᠠ ᠬᠥᠭᠵᠢᠯᠲᠡ ᠶᠢᠨ ᠠᠬᠢᠴᠠ ᠶᠢ ᠲᠦᠷᠭᠡᠳᠬᠡᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ᠂ ᠠᠶᠤᠯᠭᠦᠶ ᠦᠢᠯᠡᠳᠪᠦᠷᠢᠯᠡᠯ᠂ ᠭᠠᠶᠢᠯᠢ ᠲᠠᠲᠠᠪᠤᠷᠢ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠤᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠠᠯᠠᠱᠠ ᠵᠡᠭᠦᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ ᠶᠢᠨ ᠥᠭᠡᠷᠡᠴᠢᠯᠡᠯᠲᠡ ᠶᠢᠨ ᠬᠦᠴᠦᠯᠡᠬᠦ ᠴᠡᠭ ᠢ ᠣᠨᠣᠪᠴᠢᠲᠠᠢ ᠣᠯᠬᠤ ᠶᠢ ᠴᠢᠬᠤᠯᠠᠴᠢᠯᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠤᠯᠠᠮ ᠨᠢᠭᠡ ᠠᠯᠬᠤᠮ ᠳᠡᠭᠡᠭᠰᠢᠯᠡᠬᠦᠯᠦᠨ᠎ᠡ ᠭᠡᠪᠡ᠃
3.jpg
     ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ ᠴᠡᠭᠡ ᠪᠣᠭᠤᠮᠲᠠ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯ ᠤᠨ ᠬᠤᠷᠢᠶᠠᠨ ᠤ ᠱᠦᠵᠢ ᠪᠦᠬᠡ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠲᠤᠤᠷᠠᠶ ᠶᠢᠨ ᠣᠢ ᠪᠠᠷ ᠭᠤᠤᠯ ᠪᠣᠯᠭᠠᠭᠰᠠᠨ ᠤᠨᠴᠠᠯᠢᠬᠳᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠣᠯᠠᠨ ᠲᠠᠯ᠎ᠠ ᠪᠠᠷ ᠴᠣᠭᠴᠠᠯᠠᠵᠤ᠂ ᠨᠡᠭᠦᠷᠡᠰᠦ ᠬᠠᠳᠠᠭᠠᠯᠠᠵᠤ ᠲᠣᠬᠢᠷᠠᠭᠤᠯᠬᠤ ᠠᠷᠠᠯᠵᠢᠶ᠎ᠠ᠂ ᠰᠢᠨ᠎ᠡ ᠡᠨᠧᠷᠭᠢ᠂ ᠬᠤᠳᠠᠯᠳᠤᠭᠠᠨ ᠤ ᠵᠣᠷᠢᠭᠤᠯᠣᠯᠳᠠ ᠪᠦᠬᠦᠢ ᠰᠠᠨᠰᠠᠷ ᠠᠶᠠᠯᠠᠯ ᠵᠡᠷᠭᠡ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠬᠡᠨ ᠬᠥᠭᠵᠢᠭᠦᠯᠵᠦ᠂ ᠠᠮᠢ ᠠᠬᠤᠶ ᠶᠢ ᠳᠡᠷᠢᠬᠦᠨ ᠳᠤ ᠳᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠵᠠᠮ ᠢᠶᠠᠷ ᠡᠷᠡᠰ ᠭᠤᠶᠢᠪᠢᠰᠢ ᠥᠬᠡᠶ ᠰᠠᠶᠢᠲᠤᠷ ᠵᠠᠮᠨᠠᠨ᠎ᠠ᠃ ᠡᠭᠦᠨ ᠤ ᠬᠠᠮᠲᠤ᠂ ᠨᠡᠭᠡᠭᠡᠯᠲᠡ ᠪᠠᠷ ᠥᠭᠡᠷᠡᠴᠢᠯᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠪᠣᠭᠤᠮᠲᠠ ᠶᠢ ᠨᠡᠭᠡᠭᠡᠬᠦ ᠪᠠᠭᠲᠠᠭᠠᠮᠵᠢ ᠶᠢ ᠥᠷᠭᠡᠳᠬᠡᠵᠦ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠨᠡᠩ ᠴᠢᠨᠠᠷ ᠰᠠᠶᠢᠲᠠᠢ ᠤᠮᠠᠷᠠᠰᠢ ᠨᠡᠬᠡᠬᠡᠯᠳᠡ ᠬᠢᠬᠦ ᠪᠠᠬᠢᠯᠡᠯᠲᠡ ᠶᠢ ᠪᠦᠳᠦᠭᠡᠨ ᠪᠠᠶᠢᠭᠤᠯᠤᠨ᠎ᠠ ᠭᠡᠪᠡ᠃
4.jpg
     ᠪᠦᠬᠦᠳᠠ ᠬᠤᠷᠠᠯ ᠳᠤ᠂ 2035 ᠣᠨ ᠪᠣᠯᠬᠤ ᠳᠤ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠣᠯ ᠢ ᠪᠦᠬᠦ ᠲᠠᠯ᠎ᠠ ᠪᠠᠷ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠨᠡᠩ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠲᠤᠰ ᠵᠠᠭᠤᠨ ᠤ ᠳᠤᠮᠳᠠᠴᠢ ᠪᠣᠯᠬᠤ ᠳᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ ᠭᠡᠵᠦ ᠳᠣᠷᠠᠳᠪᠠ᠃ ᠤᠯᠠᠨ ᠢᠶᠠᠷ ᠢᠶᠠᠨ᠂ ᠥᠭᠡᠷᠡᠴᠢᠯᠡᠯᠲᠡ ᠶᠢᠨ ᠠᠷᠭ᠎ᠠ ᠪᠠᠷ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠬᠦ᠂ ᠤᠷᠤᠭᠰᠢᠯᠠᠯᠲᠠ ᠶᠢᠨ ᠵᠠᠮ ᠳᠡᠭᠡᠷᠡᠬᠢ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ ᠶᠢ ᠪᠠᠷᠢᠮᠲᠠᠯᠠᠨ᠎ᠠ᠃ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠣᠯ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠪᠦᠬᠦ ᠶᠠᠪᠤᠴᠠ ᠳᠠᠬᠢ ᠠᠷᠠᠳ ᠤᠨ ᠠᠷᠠᠳᠴᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠤᠳᠤᠷᠢᠳᠬᠤ ᠲᠦᠪᠰᠢᠨ ᠪᠣᠯᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢ ᠦᠷᠭᠦᠯᠵᠢᠯᠡᠨ ᠣᠷᠣᠭᠰᠢᠯᠠᠭᠤᠯᠣᠨ᠎ᠠ ᠭᠡᠵᠡᠭᠡᠪᠡ᠃
5.jpg
    ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠲᠢᠶᠠᠨ ᠰᠢᠤᠸᠠᠢ ᠮᠢᠩ᠂ ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠪᠠ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠥᠴᠦᠬᠡᠨ ᠴᠦ ᠭᠤᠶᠢᠪᠢᠰᠢ ᠦᠭᠡᠢ ᠪᠠᠶᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠤᠶᠢᠵᠢᠭᠤᠯᠤᠨ ᠬᠥᠭᠵᠢᠭᠦᠯᠵᠦ᠂ ︽ᠰᠢᠪᠲᠤᠯᠬᠤ︾ ᠵᠣᠷᠢᠭ ᠰᠠᠨᠠᠭ᠎ᠠ᠂ ︽ᠡᠭᠦᠳᠬᠦ︾ ᠡᠷᠴᠢ ᠵᠣᠷᠢᠭ᠂ ︽ᠠᠵᠢᠯᠯᠠᠬᠤ︾ ᠰᠤᠷᠲᠠᠯ ᠢᠶᠠᠨ ᠡᠭᠦᠷᠢᠳᠡ ᠬᠠᠳᠠᠭᠠᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠤᠷᠤᠭᠰᠢᠯᠠᠵᠤ᠂ ᠬᠠᠲᠠᠭᠤᠵᠢᠯᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠂ ᠠᠤᠭ᠎ᠠ ᠶᠡᠭᠡ ᠥᠭᠡᠷᠡᠴᠢᠯᠡᠯᠲᠡ ᠶᠢᠨ ᠵᠢᠷᠤᠭ ᠲᠥᠯᠥᠪᠯᠡᠭᠡ ᠶᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠣᠨ᠎ᠠ ᠬᠡᠪᠡ᠃
6.jpg
     ᠬᠤᠶᠠᠷᠬᠤᠳᠳᠤᠭ ᠤᠨ ᠬᠦᠳᠡᠭᠡ ᠠᠮᠢ ᠠᠬᠤᠶ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠰᠢᠤ ᠢᠦᠶ᠂ ︽ᠰᠢᠨ᠎ᠡ ᠡᠨᠧᠷᠭᠢ+︾ ᠵᠠᠭᠪᠤᠷ ᠢ ᠬᠡᠷᠡᠭᠯᠡᠨ᠂ ᠮᠠᠭᠨᠢ ᠶᠢᠨ ᠬᠠᠶᠢᠯᠤᠰᠢ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠰᠢᠨ᠎ᠡ ᠪᠠᠷ ᠨᠡᠮᠡᠭᠳᠡᠭᠰᠡᠨ ᠳᠠᠭᠠᠭᠠᠴᠠ ᠳᠤ ᠴᠡᠪᠡᠷ ᠴᠠᠬᠢᠯᠭᠠᠨ ᠤ ᠡᠬᠢ ᠪᠠᠶᠠᠯᠢᠭ ᠢ ᠳᠣᠭᠢᠷᠠᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ 3G ᠰᠦᠯᠵᠢᠶᠡᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠵᠤ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠵᠡᠷᠭᠡ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠬᠤᠶᠠᠷᠬᠤᠳᠳᠤᠭ ᠤᠨ ᠬᠦᠳᠡᠭᠡ ᠶᠢᠨ ᠴᠢ ᠯᠢᠨ ᠳᠠᠷᠪᠣᠰ︾᠂ ︽ᠡᠯᠡᠰᠦᠨ ᠴᠦᠯ ᠤᠨ ᠨᠣᠭᠤᠭᠠᠨ ᠪᠤᠷᠴᠠᠭ︾ ᠵᠡᠷᠭᠡ ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠲᠦᠷᠦᠯ ᠲᠡᠮᠳᠡᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠩᠷᠢ ᠡᠯᠡᠰᠦᠨ ᠤ ︽ᠵᠢᠭᠤᠯᠴᠢᠯᠠᠯ ᠳᠤ ᠵᠣᠷᠢᠭᠤᠯᠣᠭᠰᠠᠨ ᠠᠷᠠᠳ ᠤᠨ   ᠳᠠᠩᠰᠤᠭ ᠪᠠᠶᠢᠷᠢ︾ ᠶᠡᠷᠦᠩᠬᠡᠶᠢᠯᠡᠭᠰᠡᠨ ᠪᠡᠶᠡᠴᠢᠯᠡᠨ ᠣᠶᠢᠯᠠᠭᠠᠬᠤ ᠣᠷᠣᠨ ᠤ ᠲᠡᠰ ᠳᠡᠪᠰᠢᠬᠦ ᠶᠢ ᠪᠦᠬᠦ ᠬᠦᠴᠦᠨ ᠢᠶᠠᠷ ᠠᠬᠢᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠦᠨᠡᠨ ᠬᠦ ᠵᠢᠱᠢᠶ᠎ᠡ ᠦᠵᠡᠭᠦᠯᠬᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ᠎ᠠ ᠭᠡᠪᠡ᠃
7.jpg
       
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号