ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠯᠠᠱᠠ ᠶᠢᠨ ᠦᠢᠯᠡᠳᠦᠯᠭᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2024/7/25
    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠮᠵᠢᠯᠲᠠ ᠲᠠᠢ ᠲᠡᠭᠦᠰᠬᠦ ᠶᠢ ᠳᠠᠭᠠᠯᠳᠤᠨ᠂ ᠪᠥᠬᠦᠳᠡ ᠬᠤᠷᠠᠯ ᠤᠨ ᠵᠣᠷᠢᠭ ᠰᠠᠨᠠᠭ᠎ᠠ ᠦᠳᠲᠡᠷ ᠲᠦᠷᠭᠡᠨ ᠠᠯᠠᠱᠠ ᠶᠢᠨ ᠭᠠᠵᠠᠷ ᠪᠦᠬᠦᠨ ᠳᠤ ᠤᠯᠠᠮᠵᠢᠯᠠᠭᠳᠠᠵᠤ᠂ ᠬᠠᠯᠠᠭᠤᠨ ᠲᠤᠰᠬᠠᠯ ᠭᠠᠷᠪᠠ᠃ ᠣᠯᠠᠨ ᠢᠶᠠᠷ ᠢᠶᠠᠨ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠤᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠬᠤᠶᠠᠷ ᠶᠡᠭᠡ ᠶᠠᠪᠤᠳᠠᠯ ᠢ ᠲᠡᠷᠡ ᠶᠣᠰᠣᠭᠠᠷ ᠨᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠠᠳᠬᠤᠵᠤ᠂ ︽ᠨᠢᠭᠡ ᠵᠢᠱᠢᠶ᠎ᠡ ᠦᠵᠡᠭᠦᠯᠬᠦ ᠠᠶᠢᠮᠠᠭ ᠢ ᠪᠥᠲᠥᠭᠡᠨ ᠪᠠᠶᠢᠭᠤᠯᠵᠤ᠂ ᠲᠠᠪᠤᠨ ᠶᠡᠭᠡ ᠰᠠᠭᠤᠷᠢᠨ ᠭᠠᠵᠠᠷ ᠢ ᠴᠣᠭᠴᠠᠯᠠᠵᠤ᠂ ᠲᠤᠯᠤᠭᠠᠨ ᠶᠡᠭᠡ ᠢᠨᠵᠧᠨᠧᠷᠢᠩ ᠢ ᠬᠡᠷᠡᠭᠵᠢᠭᠦᠯᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠷᠢᠭᠲᠠᠶ ᠪᠠᠷ ᠤᠷᠤᠭᠰᠢᠯᠠᠨ ᠳᠡᠪᠰᠢᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢᠨ ᠠᠯᠠᠱᠠ ᠶᠢᠨ ᠦᠢᠯᠡᠳᠦᠯᠭᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠡᠭᠡᠪᠡ᠃
1.jpg
     ᠠᠶᠢᠮᠠᠭ ᠤᠨ ᠳᠡᠳ᠋ ᠳᠠᠷᠤᠭ᠎ᠠ᠂ ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᠴᠥᠩ ᠰᠢᠶᠤᠤ᠂ ᠪᠢᠳᠡ ︽ᠲᠡᠮᠡᠭᠡᠨ ᠤ ᠠᠵᠤ ᠦᠢᠯᠡᠰ ᠢ ᠲᠥᠪᠯᠡᠷᠡᠭᠦᠯᠦᠨ ᠲᠠᠷᠬᠠᠭᠠᠬᠤ ᠴᠢᠬᠤᠯᠠ ᠲᠥᠪ᠂ ᠪᠠᠶᠢᠭᠠᠯᠢ ᠶᠢᠨ ᠬᠤᠵᠢᠷ ᠢ ᠦᠢᠯᠡᠳᠪᠦᠷᠢᠯᠡᠵᠦ ᠡᠳ᠋ᠰᠢᠭᠦᠯᠦᠨ ᠪᠣᠷᠣᠯᠠᠭᠤᠯᠬᠤ ᠴᠢᠬᠤᠯᠠ ᠲᠥᠪ᠂ ᠡᠯᠡᠰᠦᠨ ᠴᠦᠯ ᠤᠨ ᠵᠢᠭᠤᠯᠴᠢᠯᠠᠯ ᠤᠨ ᠵᠣᠷᠢᠭᠰᠠᠨ ᠭᠠᠵᠠᠷ ᠪᠠ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ︾ ᠤᠨ ᠲᠠᠰ ᠳᠡᠪᠰᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠴᠡᠪᠡᠷ ᠡᠨᠧᠷᠭᠢ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠶᠢ ᠬᠦᠴᠦᠯᠡᠨ ᠰᠠᠶᠢᠲᠤᠷ ᠬᠥᠭᠵᠢᠭᠦᠯᠵᠦ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠢᠳᠡᠪᠬᠢᠲᠡᠶ ᠦᠷ᠎ᠡ ᠪᠦᠲᠦᠮᠵᠢ ᠪᠠᠷ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠴᠤ᠂ ᠰᠢᠨ᠎ᠡ ᠳᠦᠷᠰᠦ ᠪᠠᠶᠢᠳᠠᠯ ᠲᠠᠢ ᠪᠣᠯᠬᠤ ᠶᠢ ᠠᠬᠢᠭᠤᠯᠤᠨ᠎ᠠ ᠭᠡᠪᠡ᠃
2.jpg
     ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠭᠠᠨ᠎ᠠ᠂ ᠤᠯᠤᠰ ᠤᠨ ︽ᠭᠤᠪᠢ ᠴᠦᠯ︾ ᠳᠤ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠠᠭᠤᠷᠢᠨ ᠭᠠᠵᠠᠷ ᠢ ᠲᠥᠯᠥᠪᠵᠢᠭᠦᠯᠦᠨ ᠪᠥᠲᠥᠭᠡᠨ ᠪᠠᠶᠢᠭᠤᠯᠬᠤ ᠲᠡᠦᠬᠡᠲᠦ ᠴᠢᠨᠠᠷᠲᠠᠶ ᠠᠵᠠ ᠲᠣᠬᠢᠶᠠᠯ ᠢ ᠴᠢᠩᠭ᠎ᠠ ᠠᠳᠬᠤᠵᠤ᠂ ᠠᠵᠤ ᠦᠢᠯᠡᠰ ᠤᠨ ᠪᠥᠬᠦ ᠲᠠᠯ᠎ᠠ ᠪᠠᠷ ᠪᠣᠬᠢᠷᠲᠤᠯ ᠥᠬᠡᠶ ᠳᠡᠰᠢ ᠬᠡᠯᠪᠡᠷᠢ ᠪᠠᠨ ᠬᠤᠪᠢᠷᠠᠭᠤᠯᠬᠤ ᠶᠢ ᠳᠠᠶᠢᠴᠢᠯᠠᠨ᠎ᠠ᠃ ᠥᠯᠵᠡᠶ ᠪᠣᠭᠤᠮᠲᠠ ᠪᠣᠯᠤᠨ ᠣᠯᠠᠨᠪᠤᠯᠠᠭ ᠳᠠᠭᠠᠤ ᠶᠢᠨ ᠠᠵᠤ ᠦᠢᠯᠡᠰ ᠤᠨ ᠬᠦᠷᠢᠶᠡᠯᠡᠩ ᠤᠨ ᠨᠡᠭᠡᠭᠡᠯᠲᠡ ᠪᠠ ᠬᠥᠭᠵᠢᠯᠲᠡ ᠶᠢᠨ ᠠᠬᠢᠴᠠ ᠶᠢ ᠲᠦᠷᠭᠡᠳᠬᠡᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ᠂ ᠠᠶᠤᠯᠭᠦᠶ ᠦᠢᠯᠡᠳᠪᠦᠷᠢᠯᠡᠯ᠂ ᠭᠠᠶᠢᠯᠢ ᠲᠠᠲᠠᠪᠤᠷᠢ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠤᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠠᠯᠠᠱᠠ ᠵᠡᠭᠦᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ ᠶᠢᠨ ᠥᠭᠡᠷᠡᠴᠢᠯᠡᠯᠲᠡ ᠶᠢᠨ ᠬᠦᠴᠦᠯᠡᠬᠦ ᠴᠡᠭ ᠢ ᠣᠨᠣᠪᠴᠢᠲᠠᠢ ᠣᠯᠬᠤ ᠶᠢ ᠴᠢᠬᠤᠯᠠᠴᠢᠯᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠤᠯᠠᠮ ᠨᠢᠭᠡ ᠠᠯᠬᠤᠮ ᠳᠡᠭᠡᠭᠰᠢᠯᠡᠬᠦᠯᠦᠨ᠎ᠡ ᠭᠡᠪᠡ᠃
3.jpg
     ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ ᠴᠡᠭᠡ ᠪᠣᠭᠤᠮᠲᠠ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯ ᠤᠨ ᠬᠤᠷᠢᠶᠠᠨ ᠤ ᠱᠦᠵᠢ ᠪᠦᠬᠡ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠲᠤᠤᠷᠠᠶ ᠶᠢᠨ ᠣᠢ ᠪᠠᠷ ᠭᠤᠤᠯ ᠪᠣᠯᠭᠠᠭᠰᠠᠨ ᠤᠨᠴᠠᠯᠢᠬᠳᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠣᠯᠠᠨ ᠲᠠᠯ᠎ᠠ ᠪᠠᠷ ᠴᠣᠭᠴᠠᠯᠠᠵᠤ᠂ ᠨᠡᠭᠦᠷᠡᠰᠦ ᠬᠠᠳᠠᠭᠠᠯᠠᠵᠤ ᠲᠣᠬᠢᠷᠠᠭᠤᠯᠬᠤ ᠠᠷᠠᠯᠵᠢᠶ᠎ᠠ᠂ ᠰᠢᠨ᠎ᠡ ᠡᠨᠧᠷᠭᠢ᠂ ᠬᠤᠳᠠᠯᠳᠤᠭᠠᠨ ᠤ ᠵᠣᠷᠢᠭᠤᠯᠣᠯᠳᠠ ᠪᠦᠬᠦᠢ ᠰᠠᠨᠰᠠᠷ ᠠᠶᠠᠯᠠᠯ ᠵᠡᠷᠭᠡ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠬᠡᠨ ᠬᠥᠭᠵᠢᠭᠦᠯᠵᠦ᠂ ᠠᠮᠢ ᠠᠬᠤᠶ ᠶᠢ ᠳᠡᠷᠢᠬᠦᠨ ᠳᠤ ᠳᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠵᠠᠮ ᠢᠶᠠᠷ ᠡᠷᠡᠰ ᠭᠤᠶᠢᠪᠢᠰᠢ ᠥᠬᠡᠶ ᠰᠠᠶᠢᠲᠤᠷ ᠵᠠᠮᠨᠠᠨ᠎ᠠ᠃ ᠡᠭᠦᠨ ᠤ ᠬᠠᠮᠲᠤ᠂ ᠨᠡᠭᠡᠭᠡᠯᠲᠡ ᠪᠠᠷ ᠥᠭᠡᠷᠡᠴᠢᠯᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠪᠣᠭᠤᠮᠲᠠ ᠶᠢ ᠨᠡᠭᠡᠭᠡᠬᠦ ᠪᠠᠭᠲᠠᠭᠠᠮᠵᠢ ᠶᠢ ᠥᠷᠭᠡᠳᠬᠡᠵᠦ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠨᠡᠩ ᠴᠢᠨᠠᠷ ᠰᠠᠶᠢᠲᠠᠢ ᠤᠮᠠᠷᠠᠰᠢ ᠨᠡᠬᠡᠬᠡᠯᠳᠡ ᠬᠢᠬᠦ ᠪᠠᠬᠢᠯᠡᠯᠲᠡ ᠶᠢ ᠪᠦᠳᠦᠭᠡᠨ ᠪᠠᠶᠢᠭᠤᠯᠤᠨ᠎ᠠ ᠭᠡᠪᠡ᠃
4.jpg
     ᠪᠦᠬᠦᠳᠠ ᠬᠤᠷᠠᠯ ᠳᠤ᠂ 2035 ᠣᠨ ᠪᠣᠯᠬᠤ ᠳᠤ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠣᠯ ᠢ ᠪᠦᠬᠦ ᠲᠠᠯ᠎ᠠ ᠪᠠᠷ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠨᠡᠩ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠲᠤᠰ ᠵᠠᠭᠤᠨ ᠤ ᠳᠤᠮᠳᠠᠴᠢ ᠪᠣᠯᠬᠤ ᠳᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ ᠭᠡᠵᠦ ᠳᠣᠷᠠᠳᠪᠠ᠃ ᠤᠯᠠᠨ ᠢᠶᠠᠷ ᠢᠶᠠᠨ᠂ ᠥᠭᠡᠷᠡᠴᠢᠯᠡᠯᠲᠡ ᠶᠢᠨ ᠠᠷᠭ᠎ᠠ ᠪᠠᠷ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠬᠦ᠂ ᠤᠷᠤᠭᠰᠢᠯᠠᠯᠲᠠ ᠶᠢᠨ ᠵᠠᠮ ᠳᠡᠭᠡᠷᠡᠬᠢ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ ᠶᠢ ᠪᠠᠷᠢᠮᠲᠠᠯᠠᠨ᠎ᠠ᠃ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠣᠯ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠪᠦᠬᠦ ᠶᠠᠪᠤᠴᠠ ᠳᠠᠬᠢ ᠠᠷᠠᠳ ᠤᠨ ᠠᠷᠠᠳᠴᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠤᠳᠤᠷᠢᠳᠬᠤ ᠲᠦᠪᠰᠢᠨ ᠪᠣᠯᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢ ᠦᠷᠭᠦᠯᠵᠢᠯᠡᠨ ᠣᠷᠣᠭᠰᠢᠯᠠᠭᠤᠯᠣᠨ᠎ᠠ ᠭᠡᠵᠡᠭᠡᠪᠡ᠃
5.jpg
    ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠲᠢᠶᠠᠨ ᠰᠢᠤᠸᠠᠢ ᠮᠢᠩ᠂ ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠪᠠ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠥᠴᠦᠬᠡᠨ ᠴᠦ ᠭᠤᠶᠢᠪᠢᠰᠢ ᠦᠭᠡᠢ ᠪᠠᠶᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠤᠶᠢᠵᠢᠭᠤᠯᠤᠨ ᠬᠥᠭᠵᠢᠭᠦᠯᠵᠦ᠂ ︽ᠰᠢᠪᠲᠤᠯᠬᠤ︾ ᠵᠣᠷᠢᠭ ᠰᠠᠨᠠᠭ᠎ᠠ᠂ ︽ᠡᠭᠦᠳᠬᠦ︾ ᠡᠷᠴᠢ ᠵᠣᠷᠢᠭ᠂ ︽ᠠᠵᠢᠯᠯᠠᠬᠤ︾ ᠰᠤᠷᠲᠠᠯ ᠢᠶᠠᠨ ᠡᠭᠦᠷᠢᠳᠡ ᠬᠠᠳᠠᠭᠠᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠤᠷᠤᠭᠰᠢᠯᠠᠵᠤ᠂ ᠬᠠᠲᠠᠭᠤᠵᠢᠯᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠂ ᠠᠤᠭ᠎ᠠ ᠶᠡᠭᠡ ᠥᠭᠡᠷᠡᠴᠢᠯᠡᠯᠲᠡ ᠶᠢᠨ ᠵᠢᠷᠤᠭ ᠲᠥᠯᠥᠪᠯᠡᠭᠡ ᠶᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠣᠨ᠎ᠠ ᠬᠡᠪᠡ᠃
6.jpg
     ᠬᠤᠶᠠᠷᠬᠤᠳᠳᠤᠭ ᠤᠨ ᠬᠦᠳᠡᠭᠡ ᠠᠮᠢ ᠠᠬᠤᠶ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠰᠢᠤ ᠢᠦᠶ᠂ ︽ᠰᠢᠨ᠎ᠡ ᠡᠨᠧᠷᠭᠢ+︾ ᠵᠠᠭᠪᠤᠷ ᠢ ᠬᠡᠷᠡᠭᠯᠡᠨ᠂ ᠮᠠᠭᠨᠢ ᠶᠢᠨ ᠬᠠᠶᠢᠯᠤᠰᠢ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠰᠢᠨ᠎ᠡ ᠪᠠᠷ ᠨᠡᠮᠡᠭᠳᠡᠭᠰᠡᠨ ᠳᠠᠭᠠᠭᠠᠴᠠ ᠳᠤ ᠴᠡᠪᠡᠷ ᠴᠠᠬᠢᠯᠭᠠᠨ ᠤ ᠡᠬᠢ ᠪᠠᠶᠠᠯᠢᠭ ᠢ ᠳᠣᠭᠢᠷᠠᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ 3G ᠰᠦᠯᠵᠢᠶᠡᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠵᠤ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠵᠡᠷᠭᠡ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠬᠤᠶᠠᠷᠬᠤᠳᠳᠤᠭ ᠤᠨ ᠬᠦᠳᠡᠭᠡ ᠶᠢᠨ ᠴᠢ ᠯᠢᠨ ᠳᠠᠷᠪᠣᠰ︾᠂ ︽ᠡᠯᠡᠰᠦᠨ ᠴᠦᠯ ᠤᠨ ᠨᠣᠭᠤᠭᠠᠨ ᠪᠤᠷᠴᠠᠭ︾ ᠵᠡᠷᠭᠡ ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠲᠦᠷᠦᠯ ᠲᠡᠮᠳᠡᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠩᠷᠢ ᠡᠯᠡᠰᠦᠨ ᠤ ︽ᠵᠢᠭᠤᠯᠴᠢᠯᠠᠯ ᠳᠤ ᠵᠣᠷᠢᠭᠤᠯᠣᠭᠰᠠᠨ ᠠᠷᠠᠳ ᠤᠨ   ᠳᠠᠩᠰᠤᠭ ᠪᠠᠶᠢᠷᠢ︾ ᠶᠡᠷᠦᠩᠬᠡᠶᠢᠯᠡᠭᠰᠡᠨ ᠪᠡᠶᠡᠴᠢᠯᠡᠨ ᠣᠶᠢᠯᠠᠭᠠᠬᠤ ᠣᠷᠣᠨ ᠤ ᠲᠡᠰ ᠳᠡᠪᠰᠢᠬᠦ ᠶᠢ ᠪᠦᠬᠦ ᠬᠦᠴᠦᠨ ᠢᠶᠠᠷ ᠠᠬᠢᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠦᠨᠡᠨ ᠬᠦ ᠵᠢᠱᠢᠶ᠎ᠡ ᠦᠵᠡᠭᠦᠯᠬᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ᠎ᠠ ᠭᠡᠪᠡ᠃
7.jpg
       
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号