ᠦᠪᠡᠷᠲᠡᠭᠡᠨ ᠵᠠᠰᠠᠬᠤ ᠤᠷᠤᠨ ᠤ ᠠᠵᠢᠯᠴᠢᠨ ᠤ ᠶᠡᠷᠦᠩᠬᠡᠢ ᠡᠪᠯᠡᠯ ᠠᠴᠠ ᠤᠶᠢᠯᠠᠭᠠᠬᠰᠠᠨ ᠢᠶᠠᠷ᠂ ᠲᠦᠷᠦᠭᠦᠭᠡᠨ᠂ | ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠵᠢᠯᠴᠢᠨ ᠤ ᠡᠪᠯᠡᠯ ᠤᠨ ᠥᠷᠲᠡᠭᠡ ᠪᠠ ᠠᠵᠢᠯ | ᠣᠯᠭᠤᠯᠲᠠ ᠪᠠᠷ ᠬᠠᠪᠰᠤᠷᠤᠨ ᠲᠡᠳᠬᠦᠬᠦ ᠡᠭᠦᠯᠡᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠡᠭᠡᠷ᠎ᠡ᠂ | ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠠᠴᠠ ᠦᠪᠤᠷ ᠮᠤᠩᠭᠤᠯ ᠤᠨ ᠠᠵᠢᠯᠴᠢᠨ ᠤ | ᠡᠪᠯᠡᠯ ᠤᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠨᠡᠷ᠎ᠡ ᠳᠤᠷᠠᠳᠤᠨ ᠰᠠᠶᠢᠰᠢᠶᠠᠵᠠᠢ᠃ | ᠣᠶᠢᠷ᠎ᠠ ᠶᠢᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ︽ᠠᠵᠢᠯᠲᠠᠨ | ᠠᠵᠢᠯᠴᠢᠨ ᠬᠠᠮᠢᠭ᠎ᠠ ᠪᠠᠶᠢᠪᠠᠯ᠂ ᠠᠵᠢᠯᠴᠢᠨ ᠤ ᠡᠪᠯᠡᠯ ᠤᠨ ᠦᠢᠯᠡᠴᠢᠯᠡᠭᠡ ᠲᠡᠨᠳᠡ ᠬᠦᠷᠲᠡᠯ᠎ᠡ ᠦᠷᠭᠦᠯᠵᠢᠯᠡᠬᠦ︾ | ᠤᠶᠢᠯᠠᠭᠠᠬᠲᠠᠬᠤᠨ ᠢ ᠪᠠᠷᠢᠮᠲᠠᠯᠠᠵᠤ᠂ ᠬᠤᠳᠠᠯᠳᠤᠭᠠᠨ ᠤ ᠲᠣᠭᠤᠷᠢᠭ᠂ ᠵᠡᠭᠡᠯᠢ ᠭᠤᠳᠤᠮᠵᠢ ᠶᠢᠨ ᠭᠤᠤᠯ ᠵᠠᠮ᠂ ᠪᠠᠩᠬᠢ | ᠂ ᠦᠢᠯᠡᠴᠢᠯᠡᠭᠡᠨ ᠤ ᠶᠡᠭᠡ ᠲᠢᠩᠬᠢᠮ᠂ ᠵᠢᠭᠤᠯᠴᠢᠯᠠᠯ ᠤᠨ ᠦᠵᠡᠮᠵᠢ ᠶᠢᠨ ᠭᠠᠵᠠᠷ ᠵᠡᠷᠭᠡ ᠠᠵᠢᠯᠲᠠᠨ ᠠᠵᠢᠯᠴᠢᠨ | ᠨᠢᠭᠲᠠᠷᠠᠭᠰᠠᠨ᠂ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠪᠠᠷ ᠥᠨᠳᠥᠷ ᠲᠠᠯᠠᠪᠤᠷ ᠭᠠᠵᠠᠷ ᠲᠤ ᠨᠡᠶᠢᠭᠡᠮ ᠤᠨ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠤᠷᠢᠳ ᠬᠤᠵᠢᠳ ᠠᠵᠢᠯᠴᠢᠨ ᠤ ᠡᠪᠯᠡᠯ ᠤᠨ ᠥᠷᠲᠡᠭᠡ᠂ ᠵᠢᠯᠣᠭᠤᠴᠢ ᠶᠢᠨ ᠬᠡᠷ | ᠂ ᠠᠵᠢᠯᠴᠢᠨ ᠤ ᠰᠣᠶᠣᠯ ᠤᠨ ᠣᠷᠳᠣᠨ᠂ ᠠᠵᠢᠯᠴᠢᠨ ᠤ ᠪᠡᠶ᠎ᠡ ᠶᠢᠨ ᠲᠠᠮᠢᠷ ᠤᠨ ᠲᠠᠯᠠᠪᠠᠶ᠂ ᠠᠵᠢᠯᠴᠢᠨ ᠤ | ᠰᠤᠪᠢᠯᠠᠯᠲᠠ ᠶᠢᠨ ᠬᠦᠷᠢᠶᠡᠯᠡᠩ᠂ ᠡᠮᠡᠭᠲᠡᠢ ᠠᠵᠢᠯᠲᠠᠨ ᠠᠵᠢᠯᠴᠢᠨ ᠤ ᠠᠮᠠᠷᠠᠵᠦ ᠬᠦᠬᠦᠬᠦᠯᠬᠦ ᠦᠷᠦᠭᠡ᠂ ᠠᠵᠢᠯᠲᠠᠨ | ᠠᠵᠢᠯᠴᠢᠨ ᠤ ᠦᠷ᠎ᠡ ᠬᠡᠤᠬᠡᠳ ᠢᠶᠠᠨ ᠨᠠᠶᠢᠳᠠᠨ ᠬᠠᠮᠢᠶᠠᠷᠤᠭᠤᠯᠬᠤ ᠲᠥᠪ᠂ ᠠᠵᠢᠯᠲᠠᠨ ᠠᠵᠢᠯᠴᠢᠨ ᠤ ᠡᠷᠡᠭᠦᠯ | ᠮᠡᠨᠳᠦ ᠶᠢᠨ ᠲᠥᠪ᠂ ᠠᠵᠢᠯᠲᠠᠨ ᠠᠵᠢᠯᠴᠢᠨ ᠤ ᠦᠢᠯᠡᠴᠢᠯᠡᠭᠡᠨ ᠤ ᠲᠥᠪ᠂ ᠠᠵᠢᠯᠲᠠᠨ ᠠᠵᠢᠯᠴᠢᠨ ᠤ ᠰᠢᠨ᠎ᠡ ᠶᠢ | ᠡᠭᠦᠳᠬᠦ ᠠᠵᠢᠯ ᠤᠨ ᠲᠠᠰᠤᠭ᠂ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠲᠠᠰᠤᠭ᠂ ᠠᠵᠢᠯᠲᠠᠨ | ᠠᠵᠢᠯᠴᠢᠨ ᠤ ᠬᠦᠮᠦᠵᠢᠯ ᠪᠤᠯᠪᠠᠰᠤᠷᠠᠯ ᠤᠨ ᠰᠠᠭᠤᠷᠢᠨ᠂ ᠠᠵᠢᠯᠲᠠᠨ ᠤ ᠡᠪᠯᠡᠯ ᠤᠨ ᠺᠠᠳ᠋ᠷᠴᠤᠳ ᠤᠨ ᠰᠤᠷᠭᠠᠭᠤᠯᠢ᠂ | ᠠᠵᠢᠯᠲᠠᠨ ᠠᠵᠢᠯᠴᠢᠨ ᠤ ᠨᠣᠮ ᠤᠨ ᠥᠷᠥᠭᠡ ᠵᠡᠷᠭᠡ ᠨᠡᠶᠢᠲᠡ 14 ᠲᠥᠷᠥᠯ ᠤᠨ 4000 ᠭᠠᠷᠤᠢ ᠪᠦᠬᠦ ᠲᠠᠯ᠎ᠠ ᠶᠢᠨ | ᠂ ᠣᠯᠠᠨ ᠶᠠᠩᠵᠤ ᠶᠢᠨ ᠠᠵᠢᠯᠲᠠᠨ ᠠᠵᠢᠯᠴᠢᠨ ᠤ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠪᠠᠶᠢᠭᠤᠯᠵᠤ᠂ | ᠠᠵᠢᠯᠲᠠᠨ ᠠᠵᠢᠯᠴᠢᠨ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ | ᠠᠵᠢᠯᠴᠢᠨ ᠤ ᠡᠪᠯᠡᠯ ᠤᠨ ᠲᠤᠭᠠᠴᠢᠯᠠᠬᠰᠠᠨ ᠤᠶᠤᠨᠴᠢᠯᠠᠭᠰᠠᠨ ᠪᠠᠶᠢᠭᠤᠯᠤᠯᠲᠠ ᠶᠢᠨ ᠢᠨᠵᠧᠨᠧᠷᠢᠩ ᠢ | ᠲᠦᠷᠭᠡᠳᠭᠡᠨ᠂ ︽ᠨᠢᠭᠡ ᠵᠢᠷᠤᠭ ᠢᠶᠠᠷ ᠦᠢᠯᠡᠴᠢᠯᠡᠭᠡ ᠶᠢ ᠪᠦᠷᠢᠨ ᠡᠳ᠋ᠯᠡᠬᠦ︾ ᠠᠵᠢᠯᠴᠢᠨ ᠤ ᠡᠪᠯᠡᠯ ᠤᠨ | ᠦᠢᠯᠡᠴᠢᠯᠡᠭᠡᠨ ᠤ ᠭᠠᠵᠠᠷ ᠤᠨ ᠵᠢᠷᠤᠭ ᠢ ᠪᠣᠶ ᠪᠣᠯᠭᠠᠵᠤ᠂ ᠪᠥᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ︽ | ᠠᠵᠢᠯᠲᠠᠨ ᠠᠵᠢᠯᠴᠢᠨ ᠤ ᠬᠡᠷ︾ APP ᠶᠢ ᠣᠯᠠᠨ ᠲᠦᠮᠡᠨ ᠤ ᠠᠯᠠᠭᠠᠨ ᠳᠡᠭᠡᠷᠡᠬᠢ ᠠᠵᠢᠯᠲᠠᠨ ᠠᠵᠢᠯᠴᠢᠨ ᠤ ᠬᠡᠷ | ᠪᠣᠯᠭᠠᠬᠤ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠪᠥᠬᠦ | ᠣᠷᠣᠨ ᠤ ᠡᠯ᠎ᠡ ᠱᠠᠲᠤᠨ ᠤ ᠠᠵᠢᠯᠴᠢᠨ ᠤ ᠡᠪᠯᠡᠯ ᠢ ᠵᠣᠬᠢᠶᠠᠨ ᠪᠠᠶᠢᠭᠤᠯᠵᠤ ᠠᠵᠢᠯᠴᠢᠨ ᠤ ᠡᠪᠯᠡᠯ ᠤᠨ | ᠦᠢᠯᠡᠴᠢᠯᠡᠭᠡᠨ ᠤ ᠵᠢᠭᠰᠠᠭᠠᠯ ᠤᠨ ᠭᠠᠵᠠᠷ ᠤᠨ ᠲᠤᠭ᠎ᠠ ᠪᠠᠷᠢᠮᠲᠠ ᠶᠢ ᠴᠤᠭᠯᠠᠭᠤᠯᠬᠤ ᠪᠠ ᠰᠦᠯᠵᠢᠶᠡᠨ ᠲᠡᠭᠡᠷᠡᠬᠢ | ᠭᠠᠵᠠᠷ ᠤᠨ ᠵᠢᠷᠤᠭ ᠲᠤ ᠤᠷᠤᠭᠤᠯᠬᠤ ᠠᠵᠢᠯ ᠢ ᠪᠥᠬᠦ ᠲᠠᠯ᠎ᠠ ᠪᠠᠷ ᠢᠳᠡᠪᠬᠢᠲᠡᠶ ᠥᠷᠨᠢᠭᠦᠯᠪᠡ᠃ ᠣᠲᠣᠬᠠᠨ ᠪᠣᠯᠲᠠᠯ᠎ᠠ | ᠂ ᠪᠥᠬᠦ ᠣᠷᠣᠨ ᠤ ᠠᠵᠢᠯᠲᠠᠨ ᠠᠵᠢᠯᠴᠢᠨ ᠤ ᠦᠢᠯᠡᠴᠢᠯᠡᠬᠡᠨ ᠤ ᠵᠢᠭᠰᠠᠭᠠᠯ ᠤᠨ ᠭᠠᠵᠠᠷ ᠢ 100% ᠪᠠᠷ ᠪᠥᠬᠦ | ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ︽ᠠᠵᠢᠯᠲᠠᠨ ᠠᠵᠢᠯᠴᠢᠨ ᠤ ᠬᠡᠷ︾ APP ᠳᠤ ᠤᠷᠤᠭᠤᠯᠬᠤ ᠶᠢ | ᠪᠡᠶᠡᠯᠡᠭᠦᠯᠪᠡ᠃ |