ᠪᠦᠬᠦ ᠤᠯᠤᠰ ᠤᠨ ᠨᠢᠭᠡᠳᠦᠯᠲᠡᠶ ᠬᠥᠮᠦᠨ ᠠᠮᠠ ᠶᠢᠨ ᠬᠠᠮᠢᠶᠠᠷᠤᠯᠲᠠ ᠶᠢᠨ ᠳᠦᠷᠢᠮ ᠢ ᠰᠦᠪᠡᠭᠴᠢᠯᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2024/7/25
    ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ 21 ᠤ ᠡᠳᠦᠷ ᠨᠡᠶᠢᠲᠡᠯᠡᠪᠡ᠂ ᠡᠭᠦᠨ ᠳᠤ ᠪᠦᠬᠦ ᠤᠯᠤᠰ ᠤᠨ ᠨᠢᠭᠡᠳᠦᠯᠲᠡᠢ ᠬᠥᠮᠦᠨ ᠠᠮᠠ ᠶᠢᠨ ᠬᠠᠮᠢᠶᠠᠷᠤᠯᠲᠠ ᠶᠢᠨ ᠲᠦᠷᠢᠮ ᠢ ᠰᠦᠪᠡᠭᠴᠢᠯᠡᠨ ᠪᠠᠶᠢᠭᠤᠯᠬᠤ᠂ ᠨᠡᠶᠢᠭᠡᠮ ᠤᠨ ᠠᠵᠢᠯᠳᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠶᠢ ᠪᠠᠭᠲᠠᠭᠠᠭᠰᠠᠨ ᠨᠡᠶᠢᠭᠡᠮ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢᠨ ᠠᠯᠢ ᠤᠯᠠᠨ ᠠᠷᠭ᠎ᠠ ᠬᠡᠮᠵᠢᠶ᠎ᠡ ᠶᠢ ᠳᠤᠷᠠᠳᠴᠠᠢ᠃    ᠬᠥᠮᠦᠨ ᠠᠮᠠ ᠶᠢᠨ ᠬᠠᠮᠢᠶᠠᠷᠤᠯᠲᠠ ᠪᠣᠯ ᠨᠡᠶᠢᠭᠡᠮ ᠤᠨ ᠵᠠᠰᠠᠯᠲᠠ ᠶᠢᠨ ᠨᠢᠭᠡᠨ ᠰᠠᠭᠤᠷᠢ ᠴᠢᠨᠠᠷᠲᠠᠢ ᠠᠵᠢᠯ ᠮᠥᠨ᠃ ᠲᠣᠭᠲᠠᠭᠠᠯ ᠳᠤ᠂ ᠪᠦᠬᠦ ᠤᠯᠤᠰ ᠤᠨ ᠨᠢᠭᠡᠳᠦᠯᠲᠡᠢ ᠬᠥᠮᠦᠨ ᠠᠮᠠ ᠶᠢᠨ ᠬᠠᠮᠢᠶᠠᠷᠤᠯᠲᠠ ᠶᠢᠨ ᠲᠦᠷᠢᠮ ᠢ ᠰᠦᠪᠡᠭᠴᠢᠯᠡᠨ ᠪᠠᠶᠢᠭᠤᠯᠤᠨ᠎ᠠ ᠭᠡᠵᠤ ᠲᠤᠷᠠᠳᠪᠠ᠃ ᠳᠤᠮᠳᠠᠳᠤ ᠤᠯᠤᠰ ᠤᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠶᠢᠨ ᠠᠮᠤᠷ ᠢ ᠬᠠᠮᠠᠭᠠᠯᠠᠬᠤ ᠳᠡᠭᠡᠳᠦ ᠰᠤᠷᠭᠠᠭᠤᠯᠢ ᠶᠢᠨ ᠫᠷᠣᠹᠧᠰᠰᠣᠷ ᠦ᠋ ᠰᠢᠶᠠᠨ ᠵᠢᠶᠠᠩ᠂ ᠪᠦᠬᠦ ᠤᠯᠤᠰ ᠤᠨ ᠨᠢᠭᠡᠳᠤᠯᠳᠠᠢ ᠬᠦᠮᠦᠨ ᠠᠮᠠ ᠶᠢᠨ ᠬᠠᠮᠢᠶᠡᠷᠤᠯᠳᠠ ᠶᠢᠨ ᠲᠦᠷᠢᠮ ᠨᠢ ᠬᠥᠮᠦᠨ ᠠᠮᠠ ᠶᠢᠨ ᠳᠡᠩᠰᠡᠯᠡᠯᠲᠡ ᠶᠢᠨ ᠬᠠᠮᠢᠶᠠᠷᠤᠯᠲᠠ᠂ ᠬᠥᠮᠦᠨ ᠠᠮᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ᠂ ᠬᠥᠮᠦᠨ ᠠᠮᠠ ᠶᠢᠨ ᠦᠢᠯᠡᠴᠢᠯᠡᠭᠡᠨ ᠤ ᠬᠠᠮᠢᠶᠠᠷᠤᠯᠲᠠ ᠵᠡᠷᠭᠡ ᠲᠦᠷᠢᠮ ᠢ ᠪᠠᠭᠲᠠᠭᠠᠨ᠎ᠠ᠃ ᠤᠯᠤᠰ ᠤᠨ ᠲᠠᠯ᠎ᠠ ᠠᠴᠠ ᠬᠥᠮᠦᠨ ᠠᠮᠠ ᠶᠢᠨ ᠬᠠᠮᠢᠶᠠᠷᠤᠯᠲᠠ ᠶᠢᠨ ᠲᠦᠷᠢᠮ ᠢ ᠨᠢᠭᠡᠳᠦᠯᠲᠡᠢ ᠲᠥᠯᠥᠪᠵᠢᠭᠦᠯᠬᠦ ᠨᠢ ᠠᠷᠠᠳ ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠨ ᠪᠠᠲᠤᠯᠠᠵᠤ᠂ ᠠᠷᠠᠳ ᠢᠷᠭᠡᠳ ᠤᠨ ᠨᠡᠶᠢᠭᠡᠮ ᠤᠨ ᠠᠮᠢᠳᠤᠷᠠᠯ ᠳᠤ ᠲᠦᠬᠦᠮ ᠦᠵᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠢᠨ ᠵᠡᠷᠭᠡ ᠪᠠᠷ ᠨᠡᠶᠢᠭᠡᠮ ᠤᠨ ᠵᠠᠰᠠᠯᠲᠠ᠂ ᠤᠯᠤᠰ ᠤᠨ ᠠᠮᠤᠷ ᠲᠦᠪᠰᠢᠨ ᠳᠤ ᠰᠠᠭᠤᠷᠢ ᠴᠢᠨᠠᠷᠲᠠᠢ ᠲᠤᠯᠭᠠᠭᠤᠷᠢᠯᠠᠯ ᠬᠠᠩᠭᠠᠬᠤ ᠪᠤᠯᠤᠨ᠎ᠠ ᠭᠡᠵᠤ ᠦᠵᠡᠪᠡ᠃    ᠲᠣᠭᠲᠠᠭᠠᠯ ᠳᠤ᠂ ᠨᠡᠶᠢᠭᠡᠮ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ ᠭᠡᠵᠤ ᠲᠤᠳᠤᠷᠬᠠᠶᠢᠯᠠᠪᠠ᠃ ᠲᠥᠪ ᠤᠨ ᠨᠡᠶᠢᠭᠡᠮ ᠤᠨ ᠠᠵᠢᠯ ᠤᠨ ᠶᠠᠮᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠠᠵᠢᠯᠳᠠᠨ ᠤ ᠡᠩᠨᠡᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠡᠭᠡᠷ᠎ᠡ ᠬᠦᠴᠦ ᠤᠷᠤᠭᠤᠯᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠲᠤᠷᠠᠨ ᠨᠡᠶᠢᠭᠡᠮ ᠤᠨ ᠠᠵᠢᠯᠲᠠᠨ ᠤ ᠡᠩᠨᠡᠭᠡ ᠶᠢ ᠬᠦᠮᠦᠵᠢᠬᠦᠯᠬᠦ᠂ ᠦᠨᠡᠯᠡᠬᠦ᠂ ᠬᠡᠷᠡᠭᠯᠡᠬᠦ ᠪᠠ ᠤᠷᠮᠠᠰᠢᠭᠤᠯᠬᠤ ᠪᠠᠲᠤᠯᠠᠭ᠎ᠠ ᠶᠢᠨ ᠳᠦᠷᠢᠮ ᠢ ᠲᠡᠬᠦᠯᠳᠡᠷᠵᠢᠬᠦᠯᠵᠤ᠂ ᠨᠡᠶᠢᠭᠡᠮ ᠤᠨ ᠠᠵᠢᠯᠲᠠᠨ ᠤ ᠡᠩᠨᠡᠭᠡ ᠶᠢ ᠲᠤᠰᠬᠠᠶᠢᠵᠢᠭᠤᠯᠬᠤ᠂ ᠠᠵᠢᠯᠯᠠᠭᠤᠯᠬᠤ ᠪᠠᠶᠢᠭᠤᠯᠤᠯᠲᠠ ᠶᠢ ᠠᠬᠢᠭᠤᠯᠵᠤ᠂ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠷᠢᠶ᠎ᠡ ᠶᠢ ᠥᠷᠭᠡᠳᠭᠡᠵᠤ᠂ ᠳᠡᠮᠵᠢᠯᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠤ᠂ ᠲᠦᠷᠦᠯ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠢ ᠬᠠᠩᠭᠠᠯᠭ᠎ᠠ ᠶᠢ ᠨᠡᠮᠡᠭᠳᠡᠭᠦᠯᠵᠤ᠂ ᠨᠠᠩ ᠣᠯᠠᠨ ᠬᠥᠮᠦᠨ ᠢ ᠠᠷᠭ᠎ᠠ ᠵᠠᠮ ᠲᠠᠢ᠂ ᠠᠴᠢᠶᠠᠯᠠᠭᠴᠢ ᠲᠠᠢ᠂ ᠪᠠᠶᠢᠩᠭᠤᠵᠢᠭᠤᠯᠤᠨ ᠣᠷᠣᠯᠴᠠᠬᠤ ᠪᠤᠯᠭᠠᠨ᠎ᠠ ᠭᠡᠵᠤ ᠢᠯᠡᠳᠭᠡᠪᠡ᠃    ᠲᠣᠭᠲᠠᠭᠠᠯ ᠳᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠤᠲᠠ ᠶᠢᠨ ᠠᠷᠠᠳ ᠤᠨ ᠬᠠᠯᠠᠮᠰᠢᠯ ᠤᠲᠠᠰᠤ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠴᠢᠳᠠᠮᠵᠢ ᠶᠢ ᠴᠢᠩᠭᠠᠷᠠᠭᠤᠯᠤᠨ᠂ ︽ᠦᠨᠳᠤᠷ ᠪᠦᠳᠦᠮᠵᠢᠳᠠᠢ ᠪᠠᠷ ᠨᠢᠭᠡ ᠶᠠᠪᠤᠳᠠᠯ ᠢ ᠪᠦᠳᠦᠭᠡᠬᠦ︾ ᠭᠤᠤᠯᠳᠠᠯᠭ᠎ᠠ ᠲᠠᠢ ᠵᠦᠢᠯᠡᠰ ᠤᠨ ᠲᠤᠳᠤᠷᠬᠠᠢ ᠬᠠᠭᠤᠳᠠᠰᠤ ᠶᠢᠨ ᠬᠠᠮᠢᠶᠠᠷᠤᠯᠲᠠ ᠶᠢᠨ ᠲᠣᠭᠲᠠᠴᠠ ᠪᠠ ᠪᠠᠶᠢᠩᠭᠤᠵᠢᠭᠤᠯᠤᠨ ᠠᠬᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ ᠭᠡᠵᠤ ᠲᠤᠷᠠᠳᠪᠠ᠃    ᠤᠮᠠᠷᠠᠲᠤ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠤᠳᠭ᠎ᠠ ᠵᠣᠬᠢᠶᠠᠯ ᠬᠠᠤᠯᠢ ᠴᠠᠭᠠᠵᠠ ᠶᠢᠨ ᠳᠡᠭᠡᠳᠦ ᠰᠤᠷᠭᠠᠭᠤᠯᠢ ᠶᠢᠨ ᠵᠠᠬᠢᠷᠤᠯ ᠯᠢᠦ ᠽᠤ᠋ ᠵᠢᠶᠦ᠋ᠨ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠨᠢ ᠲᠦᠭ ᠲᠦᠮᠡᠨ ᠠᠶᠢᠯ ᠡᠷᠦᠬᠡ ᠶᠢᠨ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠪᠣᠳᠠᠲᠠᠶ ᠪᠥᠭᠡᠳ ᠬᠦᠴᠦᠲᠡᠶ ᠠᠷᠭ᠎ᠠ ᠬᠡᠮᠵᠢᠶ᠎ᠡ ᠪᠠᠷ ᠭᠠᠷᠳᠠᠴᠠ ᠪᠣᠯᠭᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠴᠢᠳᠠᠮᠵᠢ ᠶᠢ ᠴᠢᠩᠭᠠᠷᠠᠭᠤᠯᠬᠤ ᠪᠠᠷ ᠳᠠᠮᠵᠢᠭᠤᠯᠤᠨ᠂ ᠭᠤᠤᠯᠳᠠᠯᠭ᠎ᠠ ᠲᠠᠢ ᠵᠦᠢᠯᠡᠰ ᠤᠨ ᠲᠤᠳᠤᠷᠬᠠᠢ ᠬᠠᠭᠤᠳᠠᠰᠤ ᠶᠢᠨ ᠪᠣᠳᠠᠲᠠᠶ ᠳᠤ ᠨᠠᠶᠢᠳᠠᠪᠤᠷᠢᠵᠢᠭᠤᠯᠵᠤ᠂ ᠪᠠᠶᠢᠩᠭᠤᠵᠢᠭᠤᠯᠤᠨ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ᠂ ᠠᠷᠠᠳ ᠢᠷᠭᠡᠳ ᠲᠤ ᠦᠨᠡᠨ ᠬᠦ ᠥᠭᠡᠷᠡᠴᠢᠯᠡᠯᠲᠡ ᠶᠢᠨ ᠬᠦᠷᠲᠡᠮᠵᠢ ᠶᠢᠨ ᠲᠥᠷᠥᠭᠳᠡᠯ ᠣᠯᠭᠤᠬᠤ ᠬᠡᠷᠡᠭᠲᠡᠶ ᠭᠡᠵᠤ ᠦᠵᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号