ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠦᠶ᠎ᠡ
ᠨᠡᠶᠢᠲᠡᠯᠡᠭᠰᠡᠨ ᠴᠠᠭ᠄
2024/7/25
    ᠨᠠᠮ ᠤᠨ ᠭᠤᠣᠯ ᠡᠭᠦᠷᠭᠡ ᠲᠠᠢ ᠤᠶᠠᠯᠳᠤᠭᠤᠯᠤᠨ ᠥᠭᠡᠷᠡᠴᠢᠯᠡᠯᠲᠡ ᠶᠢ ᠤᠬᠠᠭᠠᠯᠠᠨ ᠲᠦᠯᠦᠪᠯᠡᠬᠦ ᠪᠣᠯ ᠨᠠᠮ ᠠᠴᠠ ᠥᠭᠡᠷᠡᠴᠢᠯᠡᠯᠲᠡ ᠨᠡᠭᠡᠭᠡᠯᠳᠡ ᠶᠢ ᠤᠳᠤᠷᠢᠳᠤᠭᠰᠠᠨ ᠠᠮᠵᠢᠯᠲᠠᠲᠠᠢ ᠲᠤᠷᠰᠢᠯᠭ᠎ᠠ ᠮᠥᠨ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠥ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠬᠢᠨᠠᠨ ᠵᠦᠪᠯᠡᠵᠥ ᠪᠠᠲᠤᠯᠠᠭᠠᠳ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠡᠨᠡ ᠬᠦ ᠭᠤᠤᠯ ᠰᠡᠳᠦᠪ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠢᠷᠤᠬᠯᠠᠵᠥ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ ᠳᠠᠮᠵᠢᠭᠤᠯᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠷᠠᠭᠤᠯ ᠠᠭᠤᠳᠠᠮ ᠢᠷᠡᠬᠡᠳᠦᠢ ᠶᠢ ᠨᠡᠭᠡᠭᠡᠬᠦ ᠡᠷᠡᠰ ᠵᠣᠷᠢᠭ ᠢ ᠭᠦᠢᠴᠡᠳ ᠢᠯᠡᠷᠡᠭᠦᠯᠵᠡᠶ᠃    ᠨᠠᠮ ᠤᠨ ᠬᠤᠷᠢᠳᠤᠭᠠᠷ ᠶᠡᠭᠡ ᠬᠤᠷᠠᠯ ᠠᠴᠠ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢ ᠲᠣᠭᠲᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠳᠦᠯᠬᠢᠨ ᠠᠬᠢᠭᠤᠯᠬᠤ ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠬᠢᠵᠡᠢ᠃ ᠡᠳᠡᠭᠡᠷ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠢᠷᠤᠭ ᠲᠥᠰᠦᠪ ᠢ ᠪᠣᠳᠠᠲᠤ ᠠᠬᠤᠢ ᠪᠣᠯᠭᠠᠨ ᠬᠤᠪᠢᠷᠠᠭᠤᠯᠬᠤ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠡᠷᠡᠭᠲᠡᠢ᠃ ᠰᠢᠨ᠎ᠡ ᠠᠶᠠᠨ ᠳᠤ᠂ ᠪᠢᠳᠠ ᠶᠠᠭᠤᠨ ᠳᠤ ᠲᠦᠰᠢᠭᠯᠡᠵᠦ ᠰᠡᠳᠭᠢᠯ ᠢᠶᠠᠨ ᠨᠢᠬᠡᠳᠬᠡᠨ ᠬᠦᠴᠦ ᠪᠠᠨ ᠬᠠᠮᠲᠤᠳᠬᠠᠬᠤ ᠪᠤᠢ︖ ᠳᠠᠷᠤᠢ ᠳᠤᠮᠳᠠᠳᠤ ᠶᠢᠨ ᠮᠠᠶ᠋ᠢᠭ ᠤᠨ ᠣᠳᠣᠬᠢᠴᠢᠯᠠᠯᠲᠠ ᠳᠤ ᠲᠦᠰᠢᠭᠯᠡᠨ᠎ᠡ᠃ ᠪᠦᠬᠦᠳᠠ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠬᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠳᠦᠯᠬᠢᠨ ᠠᠬᠢᠭᠤᠯᠬᠤ ᠠᠰᠠᠭᠤᠳᠠᠯ ᠢ ᠭᠤᠣᠯᠳᠠᠯᠭ᠎ᠠ ᠲᠠᠢ ᠰᠤᠳᠤᠯᠤᠬᠰᠠᠨ ᠨᠢ ᠶᠠᠭ ᠬᠥᠮᠦᠰ ᠤᠨ ᠰᠡᠳᠭᠢᠯ ᠢ ᠨᠢᠭᠲᠠᠷᠠᠭᠤᠯᠤᠨ᠂ ᠬᠦᠴᠦᠨ ᠴᠢᠳᠠᠯ ᠢ ᠨᠢᠭᠲᠠᠷᠠᠭᠤᠯᠵᠥ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢ ᠪᠡᠶᠡᠯᠡᠭᠦᠯᠬᠦ ᠶᠢᠨ ᠲᠤᠯᠭᠠᠮ ᠱᠠᠭᠠᠷᠳᠠᠯᠭ᠎ᠠ ᠮᠦᠨ᠃    ᠪᠦᠬᠦᠳᠡ ᠬᠤᠷᠠᠯ ᠠᠴᠠ᠂ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠤᠨ ᠡᠮᠦᠨ᠎ᠡ᠂ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢᠨ ᠡᠮᠦᠨ᠎ᠡ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠤᠨ ᠡᠮᠦᠨ᠎ᠡ᠂ ᠡᠷᠬᠡᠪᠰᠢ ᠥᠭᠡᠷᠡᠴᠢᠯᠡᠯᠲᠡ ᠶᠢ ᠤᠬᠠᠮᠰᠠᠷ ᠠᠴᠠ ᠪᠠᠨ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠬᠦ ᠪᠣᠯ ᠨᠢᠭᠡᠨ ᠬᠥᠳᠡᠯᠦᠩᠭᠦᠢ ᠶᠠᠪᠤᠴᠠ ᠮᠥᠨ᠂ ᠦᠢᠯᠡᠳᠦᠯᠭᠡ ᠶᠢᠨ ᠬᠥᠭᠵᠢᠯᠲᠡ ᠶᠢ ᠲᠠᠭᠠᠯᠳᠤᠨ ᠲᠠᠰᠤᠷᠠᠯᠳᠠ ᠦᠭᠡᠢ ᠬᠥᠭᠵᠢᠬᠦ ᠨᠢ ᠵᠠᠶᠢᠯᠠᠰᠢ ᠦᠭᠡᠢ ᠶᠤᠮ᠂ ᠤᠳᠤ ᠪᠠᠶᠢᠭ᠎ᠠ ᠪᠠᠶᠢᠭᠤᠯᠤᠯ ᠢ ᠲᠠᠰᠤᠷᠠᠯᠳᠠ ᠦᠭᠡᠢ ᠪᠦᠷᠢᠨᠰᠢᠬᠦᠯᠬᠦ ᠴᠢᠬᠤᠯᠠᠲᠠᠢ᠂ ᠰᠢᠨ᠎ᠡ ᠬᠦᠷᠢᠶ᠎ᠡ ᠰᠢᠨ᠎ᠡ ᠦᠢᠯᠡᠳᠦᠯᠭᠡ ᠳᠤ ᠪᠠᠶᠢᠭᠤᠯᠤᠯ ᠤᠨ ᠰᠢᠨ᠎ᠡ ᠡᠭᠦᠳᠦᠯᠲᠡ ᠶᠢ ᠠᠬᠢᠭᠤᠯᠬᠤ ᠴᠢᠬᠤᠯᠠᠲᠠᠢ᠂ ᠪᠠᠶᠢᠭᠤᠯᠤᠯ ᠤᠨ ᠬᠤᠭᠤᠰᠣᠨ ᠢ ᠨᠥᠬᠦᠪᠥᠷᠢᠯᠡᠬᠦ ᠴᠢᠬᠤᠯᠠᠲᠠᠢ ᠪᠠᠶᠢᠨ᠎ᠠ ᠭᠡᠳᠡᠭ ᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠭᠠᠭᠴᠠ ᠬᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠡᠯ᠎ᠡ ᠲᠠᠯ᠎ᠠ ᠶᠢᠨ ᠪᠠᠶᠢᠭᠤᠯᠤᠯ ᠲᠣᠭᠲᠠᠴᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠪᠡᠯ ᠰᠠᠶ᠋ᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠪᠠᠶᠢᠭᠤᠯᠤᠯ ᠤᠨ ᠪᠠᠲᠤᠯᠠᠭ᠎ᠠ ᠬᠠᠩᠭᠠᠵᠤ ᠴᠢᠳᠠᠨ᠎ᠠ᠃ ᠣᠳᠣᠬᠠᠨ ᠳᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠤᠯᠭᠠᠷᠠᠵᠤ ᠪᠠᠶᠢᠭ᠎ᠠ ᠲᠤᠪᠤᠶᠢᠮ᠎ᠠ ᠠᠰᠠᠭᠤᠳᠠᠯ ᠪᠣᠯ ᠮᠥᠨ ᠯᠡ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠪᠣᠯᠤᠨ᠎ᠠ᠂ ᠡᠳᠡᠭᠡᠷ ᠠᠰᠠᠭᠤᠳᠠᠯ ᠪᠣᠯ ᠪᠦᠷ ᠨᠡᠶᠢᠭᠡᠮ ᠤᠨ ᠭᠤᠣᠯ ᠵᠥᠷᠢᠴᠡᠯ ᠤᠨ ᠬᠤᠪᠢᠷᠠᠯᠲᠠ ᠶᠢᠨ ᠲᠤᠰᠬᠠᠯ᠂ ᠬᠥᠭᠵᠢᠯᠲᠡ ᠶᠢᠨ ᠳᠤᠮᠳᠠᠬᠢ ᠠᠰᠠᠭᠤᠳᠠᠯ ᠪᠣᠯᠤᠨ᠎ᠠ᠃ ᠭᠠᠭᠴᠠ ᠬᠦ ᠥᠭᠡᠷᠡᠴᠢᠯᠡᠯᠲᠡ ᠶᠢ ᠤᠯᠠᠮ ᠨᠢᠬᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠪᠡᠯ ᠰᠠᠶ᠋ᠢ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ᠬᠦᠴᠦᠷᠬᠡᠭ ᠶᠡᠭᠡ ᠬᠦᠳᠡᠯᠭᠡᠭᠴᠢ ᠬᠦᠴᠦᠨ ᠬᠠᠩᠭᠠᠵᠤ ᠴᠢᠳᠠᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠪᠣᠯ ᠨᠢᠭᠡᠨ ᠴᠣ ᠰᠢᠨ᠎ᠡ ᠦᠢᠯᠡᠰ ᠮᠥᠨ᠂ ᠤᠷᠤᠭᠰᠢᠯᠠᠯᠲᠠ ᠶᠢᠨ ᠵᠠᠮ ᠳᠡᠭᠡᠷ᠎ᠡ ᠡᠯ᠎ᠡ ᠵᠦᠢᠯ ᠤᠨ ᠵᠥᠷᠢᠴᠡᠯ ᠪᠠ ᠠᠶᠤᠯ ᠲᠦᠭᠰᠢᠭᠦᠷᠢ ᠰᠢᠯᠭᠠᠯᠳᠠ ᠲᠤᠯᠭᠠᠷᠠᠬᠤ ᠨᠢ ᠵᠠᠶᠢᠯᠠᠰᠢ ᠦᠭᠡᠢ ᠶᠤᠮ᠃ ᠭᠠᠭᠴᠠ ᠬᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠪᠡᠯ ᠰᠠᠶ᠋ᠢ ᠲᠡᠭᠦᠯᠳᠡᠷᠵᠢᠭᠰᠡᠨ ᠪᠠᠶᠢᠭᠤᠯᠤᠯ ᠢᠶᠠᠷ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠰᠢᠯᠭᠠᠯᠳᠠ ᠶᠢ ᠪᠦᠲᠦᠮᠵᠢᠲᠡᠶ ᠠᠷᠭᠠᠴᠠᠵᠤ᠂ ᠨᠠᠮ ᠪᠠ ᠤᠯᠤᠰ ᠤᠨ ᠠᠵᠢᠯ ᠦᠢᠯᠡᠰ ᠤᠨ ᠲᠠᠰᠤᠷᠠᠯᠲᠠ ᠥᠬᠡᠶ ᠤᠷᠤᠭᠰᠢᠯᠠᠬᠤ ᠶᠢ ᠠᠬᠢᠭᠤᠯᠵᠤ ᠴᠢᠳᠠᠨ᠎ᠠ᠃    ᠪᠦᠭᠦᠳᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠶ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠤᠬᠠᠭᠠᠯᠠᠨ ᠲᠥᠯᠥᠪᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠳᠥᠯᠭᠢᠨ ᠠᠬᠢᠭᠤᠯᠬᠤ ᠳᠤ ᠴᠢᠬᠤᠯᠠ ᠶᠡᠭᠡ ᠪᠥᠭᠡᠳ ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠤᠮ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠬᠦ᠂ ᠲᠦᠷᠦ ᠶᠢᠨ ᠵᠠᠰᠠᠯᠲᠠ ᠶᠢᠨ ᠰᠢᠰᠲ᠋ᠧᠮ ᠪᠣᠯᠤᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠡᠷᠦᠩᠬᠡᠶ ᠬᠠᠷᠠᠯᠲᠠ ᠶᠢ ᠤᠨᠢᠯᠠᠵᠥ᠂ ᠥᠨᠳᠥᠷ ᠲᠦᠪᠰᠢᠨ ᠪᠥᠬᠦᠶ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠢ ᠪᠥᠲᠥᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠳᠤᠮᠳᠠᠳᠤ ᠤᠯᠤᠰ ᠢ ᠪᠥᠲᠥᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠤᠳᠤᠷᠢᠳᠬᠤ ᠲᠦᠪᠰᠢᠨ ᠪᠣᠯᠤᠨ ᠣᠷᠳᠣ ᠬᠤᠭᠤᠴᠠᠭ᠎ᠠ ᠪᠠᠷ ᠲᠥᠷᠥ ᠪᠠᠷᠢᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢ ᠦᠷᠭᠦᠯᠵᠢᠯᠡᠨ ᠤᠷᠤᠭᠰᠢ ᠠᠬᠢᠭᠤᠯᠬᠤ ᠬᠡᠷᠡᠭᠲᠡᠶ᠃ ᠰᠢᠰᠲ᠋ᠧᠮᠵᠢᠬᠦᠯᠦᠨ ᠬᠤᠷᠠᠭᠤᠯᠬᠤ ᠶᠢ ᠨᠠᠩ ᠴᠢᠬᠤᠯᠠᠴᠢᠯᠠᠵᠤ᠂ ᠭᠤᠤᠯᠳᠠᠯᠭ᠎ᠠ ᠶᠢ ᠳᠣᠪᠤᠶᠢᠯᠭᠠᠬᠤ ᠶᠢ ᠨᠠᠩ ᠴᠢᠬᠤᠯᠠᠴᠢᠯᠠᠵᠤ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠶᠢ ᠨᠠᠩ ᠴᠢᠬᠤᠯᠠᠴᠢᠯᠠᠵᠤ᠂ ᠣᠨᠢᠨ ᠳᠡᠭᠡᠷ᠎ᠡ ᠨᠢ ᠬᠦᠴᠦᠯᠡᠵᠦ᠂ ᠬᠠᠮᠵᠢᠯᠴᠠᠨ ᠬᠦᠴᠦᠯᠡᠵᠦ᠂ ᠦᠷᠭᠦᠯᠵᠢᠯᠡᠨ ᠬᠦᠴᠦᠯᠡᠪᠡᠯ᠂ 2035 ᠣᠨ ᠪᠣᠯᠲᠠᠯᠠᠬᠢ ᠬᠠᠷᠠᠯᠲᠠ ᠶᠢ ᠯᠠᠪᠲᠠᠶ ᠪᠡᠶᠡᠯᠡᠭᠦᠯᠵᠦ᠂ ᠥᠨᠳᠥᠷ ᠲᠦᠪᠰᠢᠨ ᠪᠥᠬᠦᠶ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠨᠠᠩ ᠲᠡᠭᠦᠯᠳᠡᠷᠵᠢᠭᠦᠯᠵᠦ᠂ ᠲᠦᠷᠦ ᠶᠢᠨ ᠵᠠᠰᠠᠯᠲᠠ ᠶᠢᠨ ᠰᠢᠰᠲ᠋ᠧᠮ ᠪᠣᠯᠤᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠲᠣᠰ ᠵᠠᠭᠤᠨ ᠤ ᠳᠤᠮᠳᠠᠴᠢ ᠦᠶ᠎ᠡ ᠪᠣᠯᠬᠤ ᠳᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠴᠢᠳᠠᠨ᠎ᠠ᠃    ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠬᠤ᠂ ᠪᠠᠶᠢᠭᠤᠯᠤᠯ ᠤᠨ ᠪᠠᠶᠢᠭᠤᠯᠤᠯᠲᠠ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠬᠤ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ᠂ ᠰᠢᠰᠲ᠋ᠧᠮ ᠤᠨ ᠦᠵᠡᠯᠲᠡ ᠶᠢ ᠪᠠᠷᠢᠮᠳᠠᠯᠠᠬᠤ ᠵᠡᠷᠬᠡ ᠵᠠᠷᠴᠢᠮ ᠢ ᠲᠤᠭᠤᠰᠢᠯᠠᠭᠤᠯᠬᠤ ᠬᠡᠷᠡᠭᠲᠡᠢ᠃ ᠡᠳᠡᠭᠡᠷ ᠴᠢᠬᠤᠯᠠ ᠶᠡᠭᠡ ᠵᠠᠷᠴᠢᠮ ᠪᠣᠯ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠢᠯᠠᠩᠭᠤᠶ᠎ᠠ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢᠨ ᠲᠤᠬᠠᠢ ᠰᠢᠨᠵᠢᠯᠡᠬᠦ ᠤᠬᠠᠭᠠᠨᠴᠢ ᠳ᠋ᠦᠩᠨᠡᠯᠲᠡ ᠮᠥᠨ᠂ ᠮᠠᠨ ᠤ ᠨᠠᠮ ᠤᠨ ᠥᠭᠡᠷᠡᠴᠢᠯᠡᠯᠲᠡ ᠶᠢᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠦᠭᠰᠡᠨ ᠴᠢᠬᠤᠯᠠ ᠶᠡᠭᠡ ᠦᠷ᠎ᠡ ᠪᠦᠲᠦᠭᠡᠯ ᠮᠥᠨ᠂ ᠥᠭᠡᠷᠡᠴᠢᠯᠡᠯᠲᠡ ᠶᠢ ᠤᠯᠠᠮ ᠨᠢᠬᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠰᠢᠨᠵᠢᠯᠡᠬᠦ ᠤᠬᠠᠭᠠᠨᠴᠢ ᠴᠢᠨᠠᠷ ᠂ ᠤᠷᠢᠳᠴᠢᠯᠠᠨ ᠮᠡᠳᠡᠬᠦ ᠴᠢᠨᠠᠷ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠴᠢᠩᠭᠠᠳᠬᠠᠵᠤ᠂ ᠥᠭᠡᠷᠡᠴᠢᠯᠡᠯᠲᠡ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠲᠦᠯᠬᠢᠨ ᠠᠬᠢᠭᠤᠯᠬᠤ ᠳᠤ ᠴᠢᠬᠤᠯᠠ ᠶᠡᠭᠡ ᠵᠢᠯᠣᠭᠤᠳᠬᠤ ᠠᠴᠢ ᠬᠤᠯᠪᠣᠭᠳᠠᠯ ᠲᠠᠢ ᠶᠤᠮ ᠭᠡᠳᠡᠭ ᠢ ᠡᠷᠬᠡᠪᠰᠢ ᠭᠦᠨᠵᠡᠭᠡᠢ ᠲᠠᠨᠢᠬᠤ ᠬᠡᠷᠡᠭᠲᠡᠢ᠃ ᠰᠢᠨ᠎ᠡ ᠠᠶᠠᠨ ᠳᠤ᠂ ᠡᠳᠡᠭᠡᠷ ᠴᠢᠬᠤᠯᠠ ᠶᠡᠭᠡ ᠵᠠᠷᠴᠢᠮ ᠢ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠶᠢ ᠥᠭᠡᠷᠡᠴᠢᠯᠡᠯᠲᠡ ᠶᠢᠨ ᠡᠯ᠎ᠡ ᠲᠠᠯ᠎ᠠ ᠪᠦᠬᠦ ᠶᠠᠪᠤᠴᠠ ᠳᠤ ᠲᠤᠭᠤᠰᠢᠯᠠᠭᠤᠯᠤᠨ᠂ ᠠᠷᠠᠳ ᠲᠦᠮᠡᠨ ᠤ ᠭᠤᠤᠯ ᠴᠣᠭᠴᠠ ᠶᠢᠨ ᠪᠠᠶᠢᠷᠢ ᠰᠠᠭᠤᠷᠢ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠭᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠭᠤᠶᠢᠪᠢᠰᠢ ᠦᠭᠡᠢ ᠪᠠᠷᠢᠮᠲᠠᠯᠠᠨ᠂ ᠦᠨᠳᠦᠰᠦᠨ ᠪᠠᠶᠢᠭᠤᠯᠤᠯ ᠢ ᠪᠠᠲᠤ ᠪᠠᠶᠢᠭᠤᠯᠵᠤ᠂ ᠭᠤᠤᠯ ᠪᠠᠶᠢᠭᠤᠯᠤᠯ ᠢ ᠲᠡᠭᠦᠯᠳᠡᠷᠵᠢᠭᠦᠯᠦᠨ᠂ ᠴᠢᠬᠤᠯᠠ ᠪᠠᠶᠢᠭᠤᠯᠤᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠠᠤᠯᠢ ᠪᠠᠷ ᠵᠠᠰᠠᠬᠤ ᠰᠡᠳᠭᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠴᠢᠳᠠᠮᠠᠭᠠᠢ ᠬᠡᠷᠡᠭᠯᠡᠨ ᠥᠭᠡᠷᠡᠴᠢᠯᠡᠯᠲᠡ ᠶᠢᠨ ᠪᠡᠷᠬᠡ ᠰᠡᠳᠦᠪ ᠢ ᠰᠢᠢᠳᠪᠦᠷᠢᠯᠡᠵᠥ᠂ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠪᠠᠯ᠂ ᠯᠠᠪᠲᠠᠢ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠲᠠᠰᠤᠷᠠᠯᠳᠠ ᠦᠭᠡᠢ ᠰᠢᠨ᠎ᠡ ᠰᠢᠪᠲᠤᠯᠤᠯᠲᠠ ᠲᠠᠢ ᠪᠣᠯᠭᠠᠵᠤ ᠴᠢᠳᠠᠨ᠎ᠠ᠃    ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠣᠯ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ ᠲᠠᠰᠤᠷᠠᠯᠲᠠ ᠦᠭᠡᠢ ᠲᠦᠯᠬᠢᠨ ᠠᠬᠢᠭᠤᠯᠳᠠᠭ᠂ ᠮᠥᠨ ᠴᠦ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ ᠥᠷᠭᠡᠨ ᠠᠭᠤᠳᠠᠮ ᠠᠯᠤᠰ ᠢᠷᠡᠭᠡᠳᠦᠢ ᠶᠢ ᠨᠡᠭᠡᠭᠡᠬᠦ ᠨᠢ ᠯᠠᠪᠲᠠᠢ ᠶᠤᠮ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠤ᠂ ᠵᠠᠮ ᠨᠡᠭᠡᠭᠡᠨ ᠰᠢᠨ᠎ᠡ ᠶᠢ ᠡᠭᠦᠳᠪᠡᠯ᠂ ᠪᠢᠳᠡ ᠯᠠᠪᠲᠠᠢ ᠰᠢᠨ᠎ᠡ ᠠᠶᠠᠨ ᠳᠠᠭᠠᠨ ᠥᠭᠡᠷᠡᠴᠢᠯᠡᠯᠲᠡ ᠨᠡᠭᠡᠭᠡᠯᠳᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠪᠦᠳᠤᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠬᠠᠷᠰᠢ ᠰᠠᠭᠠᠳ ᠢ ᠢᠯᠠᠨ ᠳᠠᠪᠠᠵᠤ᠂ ᠴᠤᠴᠠᠯᠲᠠ ᠦᠭᠡᠢ ᠤᠷᠤᠭᠰᠢᠯᠠᠵᠤ ᠴᠢᠳᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号