ᠮᠠᠨ ᠤ ᠤᠷᠤᠨ ᠤ ᠡᠳᠡᠭᠡᠷ ᠭᠦᠢᠴᠡᠳᠬᠡᠯ ᠲᠤᠭ᠎ᠠ ᠪᠥᠬᠦ ᠤᠯᠤᠰ ᠤᠨ ᠡᠮᠦᠨ᠎ᠡ ᠡᠩᠨᠡᠭᠡᠨ ᠳᠤ ᠤᠷᠤᠯ᠎ᠠ
ᠨᠡᠶᠢᠲᠡᠯᠡᠭᠰᠡᠨ ᠴᠠᠭ᠄
2024/7/26
    ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠮᠡᠳᠡᠭᠡ᠄ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠤᠣᠯ ᠪᠣᠯᠬᠤ ᠡᠨᠧᠷᠭᠢ ᠶᠢᠨ ᠦᠢᠯᠡᠳᠬᠦᠨ ᠤ ᠦᠢᠯᠡᠳᠪᠦᠷᠢᠯᠡᠯ ᠦᠷᠭᠦᠯᠵᠢᠯᠡᠨ ᠰᠠᠶᠢᠨ ᠨᠡᠮᠡᠭᠳᠡᠯ ᠤᠨ ᠪᠠᠶᠢᠳᠠᠯ ᠢᠶᠠᠨ ᠪᠠᠲᠤᠯᠠᠵᠤ᠂ ᠨᠡᠭᠦᠷᠡᠰᠦᠨ ᠤ ᠭᠠᠷᠤᠯᠲᠠ᠂ ᠴᠠᠬᠢᠯᠭᠠᠨ ᠭᠠᠷᠭᠠᠬᠤ ᠬᠡᠮᠵᠢᠶ᠎ᠡ ᠪᠥᠬᠦ ᠤᠯᠤᠰ ᠲᠤ ᠲᠡᠷᠢᠭᠦᠯᠡᠵᠦ᠂ ᠪᠤᠰᠤᠳ ᠣᠯᠠᠨ ᠵᠦᠢᠯ ᠤᠨ ᠬᠡᠪᠴᠢᠶᠡᠵᠢᠯ ᠠᠴᠠ ᠳᠡᠭᠡᠭᠰᠢᠬᠢ ᠡᠨᠧᠷᠭᠢ ᠶᠢᠨ ᠠᠵᠤ ᠦᠢᠯᠡᠳᠪᠦᠷᠢ ᠶᠢᠨ ᠭᠦᠢᠴᠡᠳᠬᠡᠯ ᠲᠤᠭ᠎ᠠ ᠴᠤ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃    ᠨᠡᠭᠦᠷᠡᠰᠦᠨ ᠤ ᠭᠠᠷᠤᠯᠲᠠ ᠠᠴᠠ ᠦᠵᠡᠪᠡᠯ᠂ ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠭᠦᠷᠡᠰᠦᠨ ᠤ ᠭᠠᠷᠤᠯᠲᠠ 6.3 ᠳ᠋ᠦᠩᠰᠢᠭᠤᠷ ᠲᠣᠨ ᠳᠤ ᠬᠦᠷᠴᠦ ︵ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠪᠡ︶᠂ ᠪᠥᠬᠦ ᠤᠯᠤᠰ ᠲᠤ ᠲᠡᠷᠢᠭᠦᠯᠡᠪᠡ᠃ ᠡᠭᠦᠨ ᠳᠤ 6 ᠰᠠᠷ᠎ᠠ ᠳᠤ ᠪᠥᠭᠦ ᠣᠷᠣᠨ ᠤ ᠨᠡᠭᠦᠷᠡᠰᠦᠨ ᠤ ᠭᠠᠷᠤᠯᠲᠠ 1.1 ᠳ᠋ᠦᠩᠰᠢᠭᠤᠷ ᠲᠣᠨ ᠳᠤ ᠬᠦᠷᠴᠤ᠂ ᠨᠡᠭᠦᠷᠡᠰᠦᠨ ᠤ ᠭᠠᠷᠤᠯᠲᠠ 4 ᠰᠠᠷ᠎ᠠ ᠳᠠᠷᠠᠭᠠᠯᠠᠨ ᠳ᠋ᠦᠩᠰᠢᠭᠤᠷ ᠲᠣᠨ ᠢ ᠲᠠᠪᠠᠵᠠᠢ᠃︽ᠲᠡᠬᠡᠷ᠎ᠠ ᠬᠠᠭᠠᠰ ᠵᠢᠯ ᠳᠤ ᠣᠷᠳᠣᠰ ᠬᠤᠲᠠ ᠶᠢᠨ ᠨᠡᠭᠦᠷᠡᠰᠦᠨ ᠤ ᠭᠠᠷᠤᠯᠲᠠ 4.4 ᠳ᠋ᠦᠩᠰᠢᠭᠤᠷ ᠲᠣᠨ ᠳᠤ ᠬᠦᠷᠴᠦ᠂ ᠪᠦᠬᠦ ᠣᠷᠣᠨ ᠤ ᠨᠡᠭᠦᠷᠡᠰᠦᠨ ᠤ ᠭᠠᠷᠤᠯᠲᠠ  ᠶᠢᠨ ᠨᠡᠮᠡᠭᠳᠡᠯ ᠳᠤ ᠬᠠᠮᠤᠭ ᠤᠨ ᠶᠡᠭᠡ ᠬᠤᠪᠢ ᠨᠡᠮᠡᠷᠢ ᠦᠵᠡᠭᠦᠯᠵᠡᠢ︔ ᠰᠢᠯᠢ ᠶᠢᠨ ᠭᠤᠣᠯ ᠠᠶᠢᠮᠠᠭ ᠤᠨ ᠨᠡᠭᠦᠷᠡᠰᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠵᠦ᠂ ᠪᠦᠬᠦ ᠣᠷᠣᠨ ᠤ ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠢ ᠵᠠᠭᠤᠨ ᠤ ᠬᠠᠷᠢᠴᠠᠯ ᠢᠶᠠᠷ 0.7 ᠬᠤᠪᠢ ᠳᠠᠶᠢᠴᠢᠯᠠᠵᠠᠢ︾ ᠭᠡᠵᠤ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠡᠨᠧᠷᠭᠢ ᠬᠢᠭᠡᠳ ᠣᠷᠴᠢᠨ ᠲᠣᠭᠤᠷᠢᠨ ᠤ ᠲᠤᠭ᠎ᠠ ᠪᠦᠷᠢᠳᠬᠡᠯ ᠤᠨ ᠭᠠᠵᠠᠷ ᠤᠨ ᠳᠠᠷᠤᠭ᠎ᠠ ᠵᠠᠩ ᠸᠧᠨ ᠵᠢᠶᠦ᠋ᠨ ᠲᠠᠨᠢᠯᠴᠠᠭᠤᠯᠪᠠ᠃    ᠴᠠᠬᠢᠯᠭᠠᠨ ᠭᠠᠷᠭᠠᠭᠰᠠᠨ ᠬᠡᠮᠵᠢᠶ᠎ᠡ ᠠᠴᠠ ᠦᠵᠡᠪᠡᠯ᠂ ᠲᠡᠭᠡᠷ᠎ᠠ ᠬᠠᠭᠠᠰ ᠵᠢᠯ ᠳᠤ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ 3895.7 ᠳ᠋ᠦᠩᠰᠢᠭᠤᠷ ᠺᠢᠯᠣᠸᠠᠲ ᠴᠠᠭ ︵ᠠᠳᠠᠯᠢ ᠬᠤᠭᠤᠴᠠᠭᠠᠨ ᠤ ᠬᠢ ᠠᠴᠠ 11.6% ᠪᠠᠷ ᠨᠡᠮᠡᠭᠳᠡᠪᠡ︶ ᠲᠤ ᠬᠦᠷᠴᠦ᠂ ᠪᠥᠬᠦ ᠤᠯᠤᠰ ᠤᠨ ᠨᠢᠭᠡᠳᠦᠭᠡᠷ ᠲᠤ ᠣᠷᠣᠪᠠ᠃ ᠡᠭᠦᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠢᠯᠴᠢ ᠶᠢᠨ ᠬᠦᠴᠦ ᠪᠠᠷ ᠴᠠᠬᠢᠯᠭᠠᠨ ᠭᠠᠷᠭᠠᠬᠰᠠᠨ ᠬᠡᠮᠵᠢᠶ᠎ᠡ ︵2933.6 ᠳ᠋ᠦᠩᠰᠢᠭᠤᠷ ᠺᠢᠯᠣᠸᠠᠲ ᠴᠠᠭ︶᠂ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠰᠠᠨ ᠬᠡᠮᠵᠢᠶ᠎ᠡ ︵792.4 ᠳ᠋ᠦᠩᠰᠢᠭᠤᠷ ᠺᠢᠯᠣᠸᠠᠲ ᠴᠠᠭ︶ ᠴᠥᠮ ᠪᠥᠬᠦ ᠤᠯᠤᠰ ᠲᠤ ᠲᠡᠷᠢᠭᠦᠯᠡᠵᠦ᠂ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠬᠰᠠᠨ ᠬᠡᠮᠵᠢᠶ᠎ᠡ ᠪᠥᠬᠦ ᠤᠯᠤᠰ ᠲᠤ ᠲᠡᠳ᠋ᠯᠡᠪᠡ᠃    ᠪᠤᠰᠤᠳ ᠭᠤᠣᠯ ᠪᠣᠯᠬᠤ ᠡᠨᠧᠷᠭᠢ ᠶᠢᠨ ᠦᠢᠯᠡᠳᠬᠦᠨ ᠤ ᠭᠠᠷᠤᠯᠲᠠ ᠠᠴᠠ ᠦᠵᠡᠪᠡᠯ᠂ ᠳᠡᠭᠡᠷ᠎ᠡ ᠬᠠᠭᠠᠰ ᠵᠢᠯ ᠳᠤ ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠡᠦᠷᠡᠰᠦ ᠶᠢᠨ ᠭᠠᠷᠤᠯᠲᠠ 2439.4 ᠲᠦᠮᠡᠨ ᠲᠣᠨ ᠳᠤ ᠬᠦᠷᠴᠦ᠂ ᠪᠦᠬᠦ ᠤᠯᠤᠰ ᠲᠤ ᠲᠡᠳ᠋ᠯᠡᠪᠡ︔ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠤᠯᠲᠠ 163.9 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠪᠥᠬᠦ ᠤᠯᠤᠰ ᠤᠨ ᠳᠥᠷᠪᠡᠳᠦᠭᠡᠷ ᠲᠤ ᠣᠷᠣᠪᠠ︔ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠤᠯᠲᠠ 293.4 ᠲᠦᠮᠡᠨ ᠲᠣᠨ ᠳᠤ ᠬᠦᠷᠴᠦ᠂ ᠪᠦᠬᠦ ᠤᠯᠤᠰ ᠤᠨ ᠨᠢᠭᠡᠳᠦᠭᠡᠷ ᠲᠤ ᠣᠷᠣᠪᠠ᠃    ︽ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ ᠤᠨ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠲᠣᠪᠤᠶᠢᠮ᠎ᠠ ᠪᠠᠶᠢᠵᠤ᠂ 20 ᠭᠠᠷᠤᠢ ᠮᠤᠵᠢ ᠣᠷᠣᠨ ᠤ ᠡᠨᠧᠷᠭᠢ ᠶᠢᠨ ᠬᠡᠷᠡᠭᠴᠡᠭᠡ ᠶᠢ ᠪᠠᠲᠤᠯᠠᠵᠤ᠂ ᠣᠳᠣᠬᠠᠨ ᠳᠤ ᠣᠷᠣᠨ ᠲᠠᠶᠠᠭᠠᠷ ᠢᠶᠠᠨ ᠶᠠᠭ ︿ᠰᠢᠨ᠎ᠡ ᠵᠠᠮ ᠢ ᠨᠡᠭᠡᠭᠡᠵᠤ᠂ ᠳᠤᠮᠳᠠ ᠲᠦᠪᠰᠢᠨ ᠳᠤ ᠣᠷᠣᠬᠤ﹀ ᠬᠠᠷᠠᠯᠲᠠ ᠶᠢᠨ ᠲᠣᠭᠤᠷᠢᠨ ᠳᠤ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢ ᠨᠥᠬᠦᠪᠦᠷᠢᠯᠡᠨ᠂ ᠲᠤᠯᠭᠠᠭᠤᠷᠢᠯᠠᠯ ᠢ ᠴᠢᠩᠭᠠᠳᠬᠠᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠪᠠᠷ ᠦᠷᠭᠦᠯᠵᠢᠯᠡᠨ ᠴᠢᠷᠮᠠᠶᠢᠵᠤ ᠪᠠᠶᠢᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号