ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠠ ᠭᠤᠤᠯ ᠠᠵᠢᠯ ᠢ ᠵᠡᠷᠭᠡ ᠪᠠᠷ ᠠᠳᠬᠤᠵᠥ ᠴᠢᠩᠭᠠᠳᠬᠠᠨ ᠠᠬᠢᠭᠤᠯᠤᠨ᠎ᠠ
ᠨᠡᠶᠢᠲᠡᠯᠡᠭᠰᠡᠨ ᠴᠠᠭ᠄
2024/7/26
    ᠮᠠᠨ ᠤ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠠ ᠭᠤᠣᠯ ᠠᠵᠢᠯ ᠢ ᠠᠬᠢᠭᠤᠯᠬᠤ ᠶᠢ ᠵᠡᠷᠭᠡ ᠪᠠᠷ ᠠᠳᠬᠤᠬᠤ᠂ ᠵᠡᠷᠭᠡ ᠪᠠᠷ ᠠᠬᠢᠭᠤᠯᠬᠤ ᠶᠢ ᠪᠠᠷᠢᠮᠲᠠᠯᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠴᠢᠩᠭᠠᠳᠬᠠᠬᠤ ᠲᠠᠯ᠎ᠠ ᠪᠠᠷ ᠵᠡᠷᠭᠡ ᠪᠠᠷ ᠬᠦᠴᠦᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠠᠢ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠥ ᠪᠤᠢ᠃    ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ᠂ ᠪᠠᠭᠰᠢᠨᠠᠷ ᠤᠨ ᠲᠤᠮᠳᠠᠬᠢ ᠨᠠᠮ ᠤᠨ ᠭᠡᠰᠢᠭᠦᠨ᠂ ᠰᠤᠷᠤᠭᠴᠢᠳ ᠤᠨ ᠲᠤᠮᠳᠠᠬᠢ ᠨᠠᠮ ᠤᠨ ᠭᠡᠰᠢᠭᠦᠨ᠂ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠵᠡᠷᠭᠡ ᠠᠳᠠᠯᠢ ᠪᠤᠰᠤ ᠬᠥᠮᠦᠰ ᠤᠨ ᠣᠨᠴᠠᠯᠢᠭ ᠢ ᠦᠨᠳᠦᠰᠦᠯᠡᠨ᠂ ᠣᠯᠠᠨ ᠵᠦᠢᠯ ᠤᠨ ᠬᠡᠯᠪᠡᠷᠢ ᠪᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠥ ᠪᠤᠢ᠃ ᠲᠣᠰ ᠲᠢᠩᠬᠢᠮ ᠬᠡᠷᠡᠭ ᠤᠨ ᠵᠢᠱᠢᠶ᠎ᠡ ᠶᠢ ᠠᠮᠢᠳᠤᠯᠢᠭ ᠢᠶᠠᠷ ᠬᠡᠷᠡᠭᠯᠡᠬᠦ ᠶᠢ ᠪᠠᠷᠢᠮᠲᠠᠯᠠᠵᠤ᠂ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠪᠠ ᠰᠤᠷᠭᠠᠭᠤᠯᠢ ᠳᠤ ᠪᠠᠶᠢᠭ᠎ᠠ ᠰᠤᠷᠤᠭᠴᠢᠳ ᠢ ᠵᠣᠬᠢᠶᠠᠨ ᠪᠠᠶᠢᠭᠤᠯᠵᠤ ︽ᠠᠷᠢᠭᠤᠨ ᠴᠢᠬᠡᠴᠢ ᠶᠢ ᠦᠭᠦᠯᠡᠵᠦ ᠰᠡᠳᠭᠢᠯ ᠳᠡᠭᠡᠨ ᠬᠠᠳᠠᠩᠰᠢᠭᠤᠯᠬᠤ︾ ᠰᠤᠷᠭᠠᠭᠤᠯᠢ ᠢᠢᠨ ᠬᠦᠷᠢᠶᠡᠨ ᠠᠴᠠ ᠵᠣᠬᠢᠶᠠᠯ ᠡᠯᠰᠡᠬᠦ᠂ ︽ᠠᠷᠢᠭᠤᠨ ᠴᠢᠬᠡᠴᠢ ᠶᠢ ᠦᠵᠡᠵᠦ ᠰᠡᠳᠬᠢᠯ ᠢᠶᠠᠨ ᠠᠷᠢᠭᠤᠰᠬᠠᠬᠤ︾ ᠸᠢᠳᠢᠣ᠋ ᠡᠯᠰᠡᠬᠦ᠂ ︽ᠠᠷᠢᠭᠤᠨ ᠴᠢᠬᠡᠴᠢ ᠶᠢ ᠵᠢᠷᠤᠭᠯᠠᠵᠤ ᠰᠡᠳᠬᠢᠯ ᠢᠶᠠᠨ ᠴᠡᠭᠴᠡᠯᠡᠬᠦ︾ ᠪᠦᠲᠦᠭᠡᠯᠴᠢ ᠰᠡᠳᠬᠢᠬᠦᠢ ᠶᠢᠨ ᠦᠢᠯᠡᠳᠭᠦᠨ ᠡᠯᠰᠡᠬᠦ ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠵᠤ ᠬᠠᠮᠲᠤ ᠪᠠᠷ ᠠᠷᠢᠭᠤᠨ ᠴᠢᠬᠡᠴᠢ ᠰᠣᠶᠣᠯ ᠤᠨ ᠬᠢᠴᠢᠶᠡᠯ ᠣᠷᠣᠵᠤ᠂ ᠠᠷᠢᠭᠤᠨ ᠴᠢᠬᠡᠴᠢ ᠪᠢᠴᠢᠯ ᠰᠦᠯᠵᠢᠶᠡᠨ ᠤ ᠬᠢᠴᠢᠶᠡᠯ ᠣᠷᠣᠵᠤ᠂ ᠬᠠᠮᠲᠤ ᠪᠠᠷ ᠠᠷᠢᠭᠤᠨ ᠴᠢᠬᠡᠴᠢ ᠦᠢᠯᠡᠳᠦᠯᠭᠡ ᠶᠢᠨ ᠬᠢᠴᠢᠶᠡᠯ ᠤᠷᠤᠪᠠ᠃ ᠡᠭᠦᠨ ᠤ ᠬᠠᠮᠲᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠬᠢᠨᠠᠯᠲᠠ ᠲᠠᠯᠪᠢᠬᠤ ᠶᠢ ᠨᠡᠪᠲᠡᠷᠡᠭᠦᠯᠬᠦ ᠲᠠᠪᠴᠠᠩ ᠢ ᠭᠦᠢᠴᠡᠳ ᠰᠠᠶᠢᠲᠤᠷ ᠬᠡᠷᠡᠭᠯᠡᠵᠦ᠂ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠤᠰᠬᠠᠭᠰᠠᠨ ᠭᠤᠤᠯᠳᠠᠯᠭ᠎ᠠ ᠲᠠᠢ ᠠᠰᠠᠭᠤᠳᠠᠯ᠂ ᠠᠰᠠᠭᠤᠳᠠᠯ ᠤᠨ ᠰᠦᠪᠡᠭᠴᠢ ᠶᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠰᠢᠯᠵᠢᠭᠦᠯᠦᠨ ᠲᠤᠰᠢᠶᠠᠵᠤ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃    ᠪᠤᠭᠤᠲᠤ ᠬᠤᠲᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠤᠨ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠲᠦᠷᠦᠯ ᠤᠨ ᠠᠵᠢᠯ ᠢ ᠠᠬᠢᠭᠤᠯᠪᠠ᠃ ᠬᠤᠲᠠ ᠶᠢᠨ ᠱᠠᠲᠤᠨ ᠤ ᠳᠠᠪᠬᠤᠷᠭ᠎ᠠ ᠠᠴᠠ ᠭᠤᠷᠪᠠᠨ ᠲᠦᠷᠦᠯ ᠤᠨ ᠠᠵᠢᠯ ᠢ ᠨᠢᠭᠡ ᠴᠣᠭᠴᠠᠵᠢᠭᠤᠯᠤᠨ ᠠᠬᠢᠭᠤᠯᠬᠤ ᠵᠢᠯᠣᠭᠤᠳᠬᠤ ᠰᠠᠨᠠᠯ ᠢ ᠲᠣᠭᠲᠠᠭᠠᠨ ᠲᠠᠷᠬᠠᠭᠠᠵᠤ᠂ ᠪᠥᠬᠦ ᠶᠠᠪᠤᠴᠠ ᠪᠠᠷ ᠬᠢᠨᠠᠨ ᠵᠢᠯᠣᠭᠤᠳᠴᠤ᠂ ᠬᠤᠰᠢᠭᠤ ᠰᠢᠶᠠᠨ ᠲᠣᠭᠤᠷᠢᠭ ᠤᠨ ᠳᠠᠪᠬᠤᠷᠭ᠎ᠠ ᠠᠴᠠ ᠬᠡᠷᠡᠭᠵᠢᠭᠦᠯᠬᠦ ᠲᠥᠰᠦᠯ ᠢ ᠨᠠᠷᠢᠯᠢᠬᠵᠢᠭᠤᠯᠤᠨ ᠲᠣᠭᠲᠠᠭᠠᠵᠤ᠂ ᠠᠵᠢᠯᠯᠠᠬᠤ ᠲᠦᠷᠢᠮ ᠢ ᠲᠣᠳᠣᠷᠬᠠᠶᠢᠯᠠᠪᠠ᠃ ᠡᠯ᠎ᠡ ᠬᠤᠰᠢᠭᠤ ᠰᠢᠶᠠᠨ ᠲᠣᠭᠤᠷᠢᠭ ᠭᠤᠷᠪᠠᠨ ᠲᠦᠷᠦᠯ ᠤᠨ ᠠᠵᠢᠯ ᠤᠨ ᠤᠤᠯ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠳᠠᠬᠢᠨ ᠪᠠᠶᠢᠭᠤᠯᠤᠨ ᠠᠭᠤᠰᠤᠯᠴᠠᠭᠤᠯᠵᠤ᠂ ᠠᠵᠢᠯ ᠢ ᠨᠢᠭᠡ ᠴᠣᠭᠴᠠᠵᠢᠭᠤᠯᠤᠨ ᠠᠭᠤᠰᠤᠯᠴᠠᠭᠤᠯᠬᠤ᠂ ᠡᠭᠦᠷᠭᠡ ᠶᠢ ᠨᠢᠭᠡ ᠴᠣᠭᠴᠠᠵᠢᠭᠤᠯᠤᠨ ᠪᠠᠶᠢᠷᠢᠯᠠᠭᠤᠯᠬᠤ ᠶᠢ ᠪᠡᠶᠡᠯᠡᠭᠦᠯᠵᠦ᠂ ᠬᠠᠮᠢᠶ᠎ᠠ ᠪᠥᠬᠦᠶ ᠪᠠᠶᠢᠳᠠᠯ ᠢ ᠨᠢᠭᠡ ᠴᠣᠭᠴᠠᠵᠢᠭᠤᠯᠤᠨ ᠮᠡᠳᠡᠭᠦᠯᠦᠨ᠎ᠡ᠃ ᠭᠤᠷᠪᠠᠨ ᠲᠦᠷᠦᠯ ᠤᠨ ᠠᠵᠢᠯ ᠳᠤ ᠬᠤᠯᠪᠣᠭᠳᠠᠭᠰᠠᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠱᠠᠯᠠᠪᠳᠠᠭᠤᠯᠤᠨ ᠪᠠᠶᠢᠴᠠᠭᠠᠬᠤ ᠵᠦᠢᠯᠡᠰ ᠢ ᠪᠥᠬᠦ ᠬᠤᠲᠠ ᠪᠠᠷ  ᠢᠶᠠᠨ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ᠂ ᠨᠢᠭᠡ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠭᠤᠷᠪᠠᠨ ᠲᠦᠷᠦᠯ ᠤᠨ ᠠᠵᠢᠯ ᠢ ᠪᠦᠷᠬᠦᠭᠦᠯᠪᠡ᠃ ᠭᠤᠷᠪᠠᠨ ᠲᠦᠷᠦᠯ ᠤᠨ ᠠᠵᠢᠯ ᠤᠨ ᠠᠰᠠᠭᠤᠳᠠᠯ ᠤᠨ ᠨᠠᠷᠢᠨ ᠳᠠᠩᠰᠠ ᠶᠢ ᠡᠮᠬᠢᠯᠡᠨ ᠨᠡᠶᠢᠯᠡᠭᠦᠯᠵᠦ ᠪᠦᠷᠢᠯᠳᠦᠭᠦᠯᠦᠨ᠂ ᠲᠥᠪᠯᠡᠷᠡᠭᠦᠯᠦᠨ ᠬᠠᠷᠢᠭᠤ ᠲᠤᠰᠬᠠᠵᠤ᠂ ᠮᠦᠷᠳᠡᠨ ᠳᠠᠭᠠᠵᠤ ᠰᠢᠮᠳᠠᠭᠤᠯᠤᠨ ᠰᠶᠢᠳᠪᠦᠷᠢᠯᠡᠭᠦᠯᠵᠦ᠂ ᠠᠰᠠᠭᠤᠳᠠᠯ ᠢ ᠣᠯᠠᠨ ᠲᠠᠯ᠎ᠠ ᠠᠴᠠ ᠴᠡᠭᠴᠡᠯᠡᠨ ᠰᠠᠶᠢᠵᠢᠷᠠᠭᠤᠯᠬᠤ ᠠᠴᠠ ᠵᠠᠶᠢᠯᠠᠰᠭᠢᠪᠡ᠃ ᠣᠳᠣᠬᠠᠨ ᠪᠣᠯᠲᠠᠯ᠎ᠠ᠂ ᠡᠯ᠎ᠡ ᠬᠤᠰᠢᠭᠤ ᠰᠢᠶᠠᠨ ᠲᠣᠭᠤᠷᠢᠭ ᠨᠡᠶᠢᠲᠡ 213 ᠠᠰᠠᠭᠤᠳᠠᠯ ᠪᠠ 96 ᠬᠠᠷᠢᠭᠤᠴᠠᠯᠭᠠᠲᠤ ᠰᠠᠯᠠᠭ᠎ᠠ ᠮᠥᠴᠢᠷ ᠢ ᠴᠣᠮᠬᠠᠳᠬᠠᠵᠤ᠂ ᠢᠵᠢ ᠪᠦᠷᠢᠳᠦᠭᠦᠯᠦᠨ ᠨᠢᠭᠡ ᠴᠣᠭᠴᠠᠵᠢᠭᠤᠯᠤᠭᠰᠠᠨ ᠬᠤᠯᠪᠣᠭᠳᠠᠯ ᠪᠥᠬᠦᠶ ᠲᠦᠷᠢᠮ ᠲᠣᠭᠲᠠᠴᠠ ᠶᠢ 21 ᠵᠦᠢᠯ ᠪᠠᠶᠢᠭᠤᠯᠪᠠ᠃    ᠤᠯᠠᠭᠠᠨᠴᠠᠪ ᠬᠤᠳᠠ ᠶᠢᠨ ᠱᠠᠩᠳᠤ ᠰᠢᠶᠠᠨ ᠭᠤᠷᠪᠠᠨ ᠲᠦᠷᠦᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠵᠢᠭᠦᠯᠬᠦ ᠲᠥᠰᠦᠯ ᠲᠣᠭᠲᠠᠭᠠᠵᠤ᠂ ᠠᠭᠤᠯᠭ᠎ᠠ ᠨᠢ ᠣᠶᠢᠷᠠᠯᠴᠠᠭ᠎ᠠ᠂ ᠠᠷᠭ᠎ᠠ ᠬᠡᠯᠪᠡᠷᠢ ᠨᠢ ᠠᠳᠠᠯᠢᠪᠲᠤᠷ 51 ᠵᠦᠢᠯ ᠤᠨ ᠠᠵᠢᠯ ᠢ 31 ᠵᠦᠢᠯ ᠪᠣᠯᠭᠠᠨ ᠨᠡᠶᠢᠯᠡᠭᠦᠯᠵᠦ᠂ ᠠᠵᠢᠯ ᠤᠨ ᠲᠤᠬᠢᠷᠠᠭᠤᠯᠤᠯᠳᠠ ᠶᠢ ᠨᠢᠭᠡᠳᠦᠯᠲᠡᠢ ᠪᠠᠭᠤᠯᠭᠠᠬᠤ᠂ ᠠᠰᠠᠭᠤᠳᠠᠯ ᠢ ᠢᠯᠡᠷᠡᠭᠦᠯᠬᠦ ᠶᠢ ᠨᠢᠭᠡᠳᠦᠯᠲᠡᠢ ᠰᠤᠳᠤᠯᠤᠨ ᠮᠠᠭᠠᠳᠯᠠᠬᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠨᠢᠭᠡᠳᠦᠯᠲᠡᠢ ᠮᠦᠷᠳᠡᠨ ᠳᠠᠭᠠᠬᠤ ᠶᠢ ᠪᠡᠶᠡᠯᠡᠭᠦᠯᠪᠡ᠃ ᠲᠣᠰ ᠰᠢᠶᠠᠨ ︽ᠤᠳᠠᠭᠠᠨ︾ ᠬᠠᠭᠤᠴᠢᠨ ᠲᠦᠷᠢᠮ ᠢ ᠡᠪᠳᠡᠵᠦ᠂ ︽ᠬᠡᠯᠪᠡᠷᠢᠴᠢ ᠦᠵᠡᠯ︾ ᠤᠨ ᠠᠰᠠᠭᠤᠳᠠᠯ ᠢ ᠰᠢᠢᠳᠪᠦᠷᠢᠯᠡᠵᠦ᠂ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠳᠤ ᠨᠠᠩ ᠬᠦᠴᠦᠲᠡᠶ ᠦᠢᠯᠡᠴᠢᠯᠡᠬᠦ ᠪᠣᠯᠪᠠ︔ ︽ᠪᠦᠳᠦᠭᠦᠯᠢᠭ︾ ᠮᠠᠭᠤ ᠳᠠᠳᠬᠠᠯ ᠢ ᠦᠭᠡᠶᠢᠰᠭᠡᠵᠦ᠂ ᠲᠣᠰᠬᠤᠨ ︵ᠨᠡᠶᠢᠭᠡᠮ ᠲᠣᠭᠤᠷᠢᠭ︶ ᠤ ᠨᠡᠷ᠎ᠡ ᠶᠢᠨ ᠲᠡᠳᠦᠢ ᠫᠠᠶᠢᠰᠠ ᠢᠯᠡᠷᠬᠡᠶᠢᠯᠡᠯ 1156᠂ ᠠᠵᠢᠯ ᠶᠠᠪᠤᠳᠠᠯ ᠭᠦᠢᠴᠡᠳᠭᠡᠬᠦ ᠴᠤᠩᠬᠤᠪᠴᠢ 400᠂ ᠵᠢᠷᠭᠢᠶ᠎ᠡ ᠶᠢᠨ ᠴᠤᠭᠯᠠᠷᠠᠯ 375 ᠶᠢ ᠴᠡᠪᠡᠷᠯᠡᠨ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠲᠤᠰᠢᠶᠠᠯ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠨᠠᠩ ᠲᠣᠳᠣᠷᠬᠠᠶ ᠪᠣᠯᠭᠠᠪᠠ︔ ︽ᠬᠡᠶᠢᠰᠪᠦᠷᠢ︾ ᠰᠤᠷᠲᠠᠯ ᠢ ᠦᠨᠳᠦᠰᠦᠨ ᠠᠴᠠ ᠨᠢ ᠵᠠᠰᠠᠵᠤ᠂ ᠡᠯ᠎ᠡ ᠲᠥᠷᠥᠯ ᠤᠨ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ 52 ᠢᠯᠡᠷᠡᠭᠦᠯᠵᠦ᠂ 40 ᠠᠰᠠᠭᠤᠳᠠᠯ ᠢ ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠵᠤ ᠰᠢᠢᠳᠪᠦᠷᠢᠯᠡᠬᠦ ᠶᠢ ᠠᠬᠢᠭᠤᠯᠪᠠ︔ ︽ᠤᠷᠤᠭᠰᠢᠯᠠᠬᠤ︾ ᠬᠥᠳᠡᠯᠭᠡᠬᠦ ᠬᠦᠴᠦᠨ ᠢ ᠦᠷᠭᠦᠯᠵᠢᠯᠡᠨ ᠬᠥᠭᠵᠢᠭᠡᠵᠦ᠂ ᠲᠤᠰᠬᠠᠢ ᠰᠡᠳᠦᠪᠲᠦ ᠨᠣᠮ ᠤᠩᠰᠢᠬᠤ ᠠᠩᠬᠢ᠂ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠵᠡᠷᠭᠡ ᠶᠢ ᠥᠷᠨᠢᠭᠦᠯᠵᠦ᠂ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷ ᠢ ᠳᠠᠶᠢᠴᠢᠯᠠᠨ ᠲᠡᠷᠢᠭᠦᠨ ᠤ ᠬᠢ ᠪᠣᠯᠬᠤ ᠪᠠᠷ ᠴᠢᠷᠮᠠᠶᠢᠵᠤ᠂ ᠢᠳᠡᠪᠬᠢᠲᠡᠢ ᠤᠷᠤᠭᠰᠢᠯᠠᠨ ᠳᠠᠪᠰᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号