︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠠᠯᠳᠠᠯᠲᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ᠶᠢ 8 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/7/29
    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠠᠴᠠ ᠲᠦᠷᠦᠭᠦᠭᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠠᠯᠳᠠᠯᠲᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ᠶᠢ ᠬᠢᠨᠠᠨ ᠵᠥᠪᠯᠡᠵᠦ ᠪᠠᠲᠤᠯᠠᠪᠠ᠃ ᠳᠤᠰ ︽ᠬᠡᠷᠡᠭᠵᠢᠭᠦᠯᠬᠦ ᠠᠷᠭ᠎ᠠ︾ ᠶᠢ 2024 ᠣᠨ ᠤ 8 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠤᠯᠤᠨ᠎ᠠ᠃    ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠠᠯᠳᠠᠯᠲᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ᠨᠡᠶᠢᠲᠡ 13 ᠵᠦᠢᠯ ᠪᠠᠶᠢᠵᠤ᠂ ᠭᠤᠤᠯᠳᠠᠭᠤ ᠭᠤᠷᠪᠠᠨ ᠲᠠᠯ᠎ᠠ ᠶᠢᠨ ᠬᠤᠪᠢᠷᠠᠯᠲᠠ ᠲᠠᠢ᠃ ᠨᠢᠭᠡ ᠳᠤ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠭᠡᠨ᠎ᠠ᠃ ᠬᠤᠲᠠ ᠪᠠᠯᠭᠠᠰᠤᠨ ᠤ ᠠᠵᠤ ᠠᠬᠤᠶᠢᠯᠠᠯ ᠢ ᠠᠵᠤ ᠠᠬᠤᠶᠢᠯᠠᠯ ᠪᠣᠯᠭᠠᠨ ᠥᠷᠭᠡᠳᠭᠡᠵᠦ᠂ ᠬᠠᠤᠯᠢ ᠶᠣᠰᠣᠭᠠᠷ ᠳᠠᠩᠰᠠᠯᠠᠭᠤᠯᠬᠤ ᠶᠢ ᠭᠦᠢᠴᠡᠳᠭᠡᠭᠰᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠠᠵᠢᠯᠲᠠᠨ ᠠᠵᠢᠯᠴᠢᠨ᠂ ᠬᠥᠯᠥᠰᠥᠨ ᠠᠵᠢᠯᠴᠢᠨ ᠲᠠᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠬᠥᠯᠥᠰᠥᠨ ᠠᠵᠢᠯᠴᠢᠨ ᠢ ᠪᠦᠬᠦᠨ ᠢ ᠳᠠᠭᠠᠳᠬᠠᠯ ᠳᠤ ᠣᠷᠣᠯᠴᠠᠬᠤ ᠬᠡᠪᠴᠢᠶᠡᠨ ᠳᠤ ᠣᠷᠣᠭᠤᠯᠤᠨ᠎ᠠ᠃ ᠬᠤᠶᠠᠷ ᠲᠤ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠤᠨ᠎ᠠ᠃ ᠤᠯᠤᠰ ᠤᠨ ᠲᠣᠭᠲᠠᠭᠠᠭᠰᠠᠨ ᠬᠡᠪᠴᠢᠶᠡᠨ ᠳᠣᠲᠣᠷ᠎ᠠ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠶᠢ 5% ᠪᠠᠷ ᠳᠡᠭᠡᠭᠰᠢᠯᠡᠭᠦᠯᠬᠦ ᠶᠢᠨ ᠬᠠᠮᠲᠤ᠂ ᠨᠠᠰᠤ ᠠᠭᠢᠭᠰᠠᠨ ᠠᠵᠢᠯ ᠠᠯᠳᠠᠭᠰᠠᠳ ᠪᠣᠯᠤᠨ ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠵᠡᠷᠭᠡ ᠪᠠᠷ ᠠᠵᠢᠯ ᠠᠯᠳᠠᠭᠰᠠᠳ ᠤᠨ ᠣᠨᠴᠠᠭᠠᠢ ᠬᠦᠴᠢᠷᠳᠡᠯ ᠢ ᠪᠣᠳᠣᠯᠬᠢᠯᠠᠭᠠᠳ᠂ ᠳᠡᠭᠡᠷ᠎ᠡ ᠳᠤᠷᠠᠳᠤᠭᠰᠠᠨ ᠰᠠᠭᠤᠷᠢᠨ ᠳᠡᠭᠡᠷ᠎ᠡ ᠪᠠᠰᠠ 3% ᠪᠠᠷ ᠨᠡᠮᠡᠭᠳᠡᠭᠦᠯᠤᠨ᠎ᠠ᠃ ᠭᠤᠷᠪᠠ ᠳᠤ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢᠨ ᠲᠥᠷᠥᠯ ᠵᠦᠢᠯ ᠢ ᠵᠢᠷᠤᠮᠵᠢᠭᠤᠯᠵᠤ᠂ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠨᠢᠭᠡᠳᠦᠯᠲᠡᠶ ᠲᠥᠯᠥᠪᠯᠡᠨ ᠬᠡᠷᠡᠭᠵᠢᠭᠦᠯᠬᠦ ᠶᠢ ᠲᠣᠳᠣᠷᠬᠠᠶᠢᠯᠠᠵᠤ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ ᠤᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠤᠨ ᠵᠠᠷᠤᠳᠠᠯ ᠢ ᠣᠷᠣᠯᠠᠨ ᠲᠤᠰᠢᠶᠠᠬᠤ ᠶᠢᠨ ᠲᠥᠯᠥᠭᠡ᠂ ᠬᠤᠪᠢ ᠬᠥᠮᠦᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠤᠨ ᠵᠠᠷᠤᠳᠠᠯ ᠢ ᠲᠤᠰᠢᠶᠠᠬᠤ ᠥᠬᠡᠶ ᠭᠡᠵᠦ ᠲᠣᠳᠣᠷᠬᠠᠶᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号