ᠰᠢᠰᠲ᠋ᠧᠮᠵᠢᠬᠦᠯᠦᠨ ᠬᠤᠷᠠᠭᠤᠯᠬᠤ ᠶᠢ ᠨᠡᠩ ᠢᠯᠡᠬᠦᠦ ᠴᠢᠬᠤᠯᠠᠴᠢᠯᠠᠵᠤ ᠡᠯ᠎ᠡ ᠲᠠᠯ᠎ᠠ ᠶᠢᠨ ᠥᠭᠡᠷᠡᠴᠢᠯᠡᠯᠲᠡ ᠶᠢ ᠬᠠᠷᠢᠯᠴᠠᠨ ᠬᠠᠮᠵᠢᠯᠴᠠᠭᠤᠯᠵᠤ ᠥᠨᠳᠥᠷ ᠪᠦᠲᠦᠮᠵᠢᠲᠡᠢ ᠪᠣᠯᠭᠠᠬᠤ ᠬᠡᠷᠡᠭᠲᠡᠢ
ᠨᠡᠶᠢᠲᠡᠯᠡᠭᠰᠡᠨ ᠴᠠᠭ᠄
2024/7/29
    ᠰᠢᠰᠲ᠋ᠧᠮ ᠤᠨ ᠦᠵᠡᠯᠲᠡ ᠶᠢ ᠪᠠᠷᠢᠮᠲᠠᠯᠠᠬᠤ ᠪᠣᠯ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠨᠢᠭᠡᠨ ᠡᠷᠬᠢᠮ ᠨᠠᠨᠳᠢᠨ ᠲᠤᠷᠰᠢᠯᠭ᠎ᠠ ᠮᠥᠨ᠂ ᠥᠭᠡᠷᠡᠴᠢᠯᠡᠯᠲᠡ ᠶᠢ ᠤᠯᠠᠮ ᠨᠢᠬᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠲᠤᠭᠤᠰᠢᠯᠠᠭᠤᠯᠬᠤ ᠬᠡᠷᠡᠭᠲᠡᠢ ᠴᠢᠬᠤᠯᠠ ᠶᠡᠭᠡ ᠵᠠᠷᠴᠢᠮ ᠮᠥᠨ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠬᠢᠨᠠᠨ ᠶᠠᠷᠢᠯᠴᠠᠵᠤ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ ᠰᠢᠰᠲ᠋ᠧᠮᠵᠢᠬᠦᠯᠦᠨ ᠬᠤᠷᠠᠭᠤᠯᠬᠤ ᠶᠢ ᠨᠡᠩ ᠢᠯᠡᠬᠦᠦ ᠴᠢᠬᠤᠯᠠᠴᠢᠯᠠᠵᠤ᠂ ᠥᠭᠡᠷᠡᠴᠢᠯᠡᠯᠲᠡ ᠶᠢᠨ ᠳᠤᠬᠠᠢ ᠪᠦᠬᠦᠯᠢ ᠴᠣᠭᠴᠠ ᠶᠢᠨ ᠲᠥᠯᠥᠪᠯᠡᠭᠡ᠂ ᠰᠢᠰᠲ᠋ᠧᠮ ᠤᠨ ᠪᠠᠶᠢᠷᠢᠯᠠᠭᠤᠯᠤᠯᠲᠠ ᠶᠢ ᠴᠢᠩᠭᠠᠳᠬᠠᠵᠤ᠂ ᠡᠯ᠎ᠡ ᠲᠠᠯ᠎ᠠ ᠶᠢᠨ ᠥᠭᠡᠷᠡᠴᠢᠯᠡᠯᠲᠡ ᠶᠢ ᠬᠠᠷᠢᠯᠴᠠᠨ ᠬᠠᠮᠵᠢᠯᠴᠠᠭᠤᠯᠵᠤ᠂ ᠬᠠᠮᠵᠢᠯᠴᠠᠨ ᠥᠨᠳᠥᠷ ᠪᠦᠲᠦᠮᠵᠢᠲᠡᠢ ᠪᠣᠯᠭᠠᠪᠠ᠃    ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠳᠤ ᠮᠠᠰᠢ ᠤᠯᠠᠨ ᠰᠢᠨ᠎ᠡ ᠠᠭᠤᠯᠤᠭᠳᠠᠬᠤᠨ ᠪᠠ ᠣᠨᠴᠠᠯᠢᠭ ᠲᠠᠢ ᠶᠤᠮ᠂ ᠡᠭᠦᠨ ᠳᠤ ᠮᠠᠰᠢ ᠴᠢᠬᠤᠯᠠ ᠨᠢᠭᠡ ᠵᠦᠢᠯ ᠪᠣᠯ ᠳᠠᠷᠤᠢ ᠪᠠᠶᠢᠭᠤᠯᠤᠯ ᠤᠨ ᠪᠠᠶᠢᠭᠤᠯᠤᠯᠲᠠ ᠨᠡᠩ ᠴᠢᠬᠤᠯᠠ ᠪᠠᠶᠢᠵᠤ᠂ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠤᠨ ᠲᠤᠬᠠᠢ ᠱᠠᠭᠠᠷᠳᠠᠯᠭ᠎ᠠ ᠨᠡᠩ ᠴᠢᠩᠭ᠎ᠠ ᠪᠠᠶᠢᠳᠠᠭ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠪᠥᠬᠦ ᠨᠠᠮ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠯᠤᠲᠤ ᠶᠡᠭᠡ ᠤᠯᠤᠰ ᠲᠥᠷᠥ ᠶᠢᠨ ᠰᠥᠰᠥ ᠵᠣᠷᠢᠭ ᠪᠠ ᠣᠶᠤᠨ ᠤᠬᠠᠭᠠᠨ ᠢᠶᠠᠷ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠳᠥᠯᠭᠢᠨ ᠠᠬᠢᠭᠤᠯᠵᠤ᠂ ᠥᠭᠡᠷᠡᠴᠢᠯᠡᠯᠲᠡ ᠶᠢᠨ ᠬᠡᠰᠡᠭ ᠲᠠᠯ᠎ᠠ ᠪᠠᠷ ᠬᠠᠶᠢᠨ ᠰᠦᠪᠡᠭᠴᠢᠯᠡᠬᠦ᠂ ᠮᠥᠰᠥ ᠬᠠᠭᠠᠯᠵᠥ ᠪᠦᠰᠡᠯᠡᠯᠲᠡ ᠰᠢᠪᠲᠤᠯᠬᠤ ᠠᠴᠠ ᠪᠠᠨ ᠰᠢᠰᠲ᠋ᠧᠮᠵᠢᠨ ᠬᠤᠷᠠᠬᠰᠠᠨ᠂ ᠪᠦᠬᠦ ᠲᠠᠯ᠎ᠠ ᠪᠠᠷ ᠭᠦᠨᠵᠡᠭᠡᠶᠢᠷᠡᠭᠰᠡᠨ ᠬᠤᠪᠢᠷᠠᠯᠲᠠ ᠶᠢ ᠪᠡᠶᠡᠯᠡᠭᠦᠯᠵᠦ᠂ ᠮᠠᠰᠢ ᠣᠯᠠᠨ ᠬᠦᠷᠢᠶᠡᠨ ᠳᠤ ᠲᠡᠦᠬᠡᠲᠦ ᠴᠢᠨᠠᠷᠲᠠᠶ ᠬᠤᠪᠢᠰᠤᠯᠲᠠ ᠂ ᠰᠢᠰᠲ᠋ᠧᠮᠲᠦ ᠴᠢᠨᠠᠷᠲᠠᠶ ᠳᠠᠬᠢᠨ ᠴᠣᠭᠴᠠᠯᠠᠯᠲᠠ᠂ ᠪᠦᠬᠦᠯᠢ ᠴᠣᠭᠴᠠ ᠶᠢᠨ ᠴᠢᠨᠠᠷᠲᠠᠶ ᠳᠠᠬᠢᠨ ᠪᠠᠶᠢᠭᠤᠯᠤᠯᠲᠠ ᠶᠢ ᠪᠡᠶᠡᠯᠡᠭᠦᠯᠪᠡ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠨᠢ ︽ᠪᠠᠰᠠ ᠴᠤ ᠴᠠᠭ ᠦᠶ᠎ᠡ ᠶᠢ ᠵᠠᠭᠠᠭᠯᠠᠭᠰᠠᠨ︾ ᠤ ᠨᠢᠭᠡᠨ ᠴᠢᠬᠤᠯᠠ ᠲᠠᠯ᠎ᠠ ᠨᠢ ᠳᠠᠷᠤᠶ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠰᠢᠰᠲ᠋ᠧᠮ ᠲᠠᠢ ᠪᠠᠷ ᠪᠦᠬᠦᠯᠢ ᠴᠣᠭᠴᠠ ᠪᠠᠷ ᠨᠢ ᠲᠥᠯᠥᠪᠯᠡᠨ ᠠᠬᠢᠭᠤᠯᠵᠤ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠴᠣ ᠰᠢᠨ᠎ᠡ ᠪᠠᠶᠢᠳᠠᠯ ᠢ ᠨᠡᠭᠡᠭᠡᠭᠰᠡᠨ ᠳᠤ ᠣᠷᠣᠰᠢᠨ᠎ᠠ᠃    ᠶᠡᠷᠦᠩᠬᠡᠢ ᠱᠦᠵᠢ ᠰᠢ ᠶᠢᠨ ᠫᠢᠩ᠄ ︽ᠥᠭᠡᠷᠡᠴᠢᠯᠡᠯᠲᠡ ᠶᠢ ᠲᠥᠯᠦᠪᠯᠡᠨ ᠠᠬᠢᠭᠤᠯᠬᠤ ᠳᠤ ᠡᠷᠬᠡᠪᠰᠢ ᠰᠢᠰᠲ᠋ᠧᠮ ᠤᠨ ᠦᠵᠡᠯᠲᠡ᠂ ᠪᠦᠬᠦ ᠲᠠᠯ᠎ᠠ ᠶᠢᠨ ᠦᠵᠡᠯᠲᠡ ᠶᠢ ᠪᠠᠷᠢᠮᠲᠠᠯᠠᠵᠤ᠂ ᠪᠠᠶᠢᠯᠳᠤᠬᠤ ᠪᠤᠳᠤᠯᠭ᠎ᠠ ᠶᠢᠨ ᠰᠡᠳᠭᠢᠬᠦᠢ᠂ ᠬᠤᠪᠢᠰᠤᠩᠭᠤᠢ ᠰᠡᠳᠭᠢᠬᠦᠢ ᠶᠢ ᠴᠢᠩᠭᠠᠳᠬᠠᠵᠤ᠂ ᠬᠦᠨᠳᠦ ᠬᠦᠡᠭᠭᠡᠨ ᠠᠯᠭᠤᠷ ᠪᠠᠴᠢᠮ ᠢ ᠬᠤᠪᠢᠶᠠᠵᠤ᠂ ᠰᠢᠰᠲ᠋ᠧᠮᠵᠢᠬᠦᠯᠦᠨ ᠬᠤᠷᠠᠭᠤᠯᠬᠤ ᠶᠢ ᠨᠡᠩ ᠴᠢᠬᠤᠯᠠᠴᠢᠯᠠᠬᠤ ᠬᠡᠷᠡᠭᠲᠡᠢ᠃ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠢᠵᠢ ᠪᠦᠷᠢᠳᠦᠭᠦᠯᠬᠦ ᠶᠢ ᠴᠢᠩᠭᠠᠳᠬᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠢᠵᠢᠯᠢ ᠴᠢᠭᠯᠡᠯ ᠢᠶᠠᠷ ᠬᠦᠴᠦᠯᠡᠬᠦ ᠶᠢ ᠠᠬᠢᠭᠤᠯᠵᠤ᠂ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠴᠢᠩᠭᠠᠳᠬᠠᠬᠤ ᠬᠡᠷᠡᠭᠲᠡᠶ︾ ᠬᠡᠵᠥ ᠴᠢᠬᠤᠯᠠᠴᠢᠯᠠᠬᠰᠠᠨ ᠶᠤᠮ᠃ ᠪᠦᠭᠦᠳᠡ ᠬᠤᠷᠠᠯ ᠠᠴᠠ ᠪᠠᠲᠤᠯᠠᠭᠰᠠᠨ ︽ᠲᠣᠭᠲᠠᠭᠠᠯ︾ ᠨᠢ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠤᠬᠢᠴᠠᠭᠤᠯᠤᠨ ᠠᠬᠢᠭᠤᠯᠬᠤ ᠪᠣᠷᠣ ᠲᠥᠯᠥᠪ ᠤᠨ ᠳᠣᠣᠷ᠎ᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠲᠥᠯᠥᠪᠯᠡᠵᠦ᠂ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠪᠠ ᠪᠤᠰᠤᠳ ᠡᠯ᠎ᠡ ᠬᠦᠷᠢᠶᠡᠨ ᠤ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠵᠤ᠂ ᠪᠦᠬᠦ ᠲᠠᠯ᠎ᠠ ᠶᠢᠨ ᠥᠭᠡᠷᠡᠴᠢᠯᠡᠯᠲᠡ ᠶᠢ ᠴᠢᠬᠤᠯᠠᠴᠢᠯᠠᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠬᠦ ᠶᠢ ᠴᠢᠬᠤᠯᠠᠴᠢᠯᠠᠬᠤ ᠪᠣᠯ ᠲᠡᠭᠦᠨ ᠤ ᠴᠢᠬᠤᠯᠠ ᠣᠨᠴᠠᠯᠢᠭ ᠮᠥᠨ᠃    ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ᠂ ᠭᠠᠭᠴᠠ ᠬᠦ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠶᠢ ᠤᠯᠤᠰ ᠣᠷᠣᠨ ᠤ ᠤᠯᠤᠰ ᠲᠦᠷᠦ ᠶᠢᠨ ᠠᠮᠢᠳᠤᠷᠠᠯ ᠪᠠ ᠨᠡᠶᠢᠭᠡᠮ ᠤᠨ ᠠᠮᠢᠳᠤᠷᠠᠯ ᠤᠨ ᠡᠯ᠎ᠡ ᠲᠠᠯ᠎ᠠ ᠳᠤ ᠪᠣᠳᠠᠲᠠᠢ ᠪᠠᠷ ᠪᠡᠶᠡᠯᠡᠭᠦᠯᠵᠦ ᠴᠢᠳᠠᠪᠠᠯ ᠰᠠᠶ᠋ᠢ ᠠᠮᠢᠳᠤ ᠴᠣᠪᠣᠭᠤᠯᠢᠭ᠂ ᠲᠦᠪᠰᠢᠷᠡᠨ ᠪᠦᠯᠬᠦᠮᠳᠡᠭᠰᠡᠨ ᠤᠯᠤᠰ ᠲᠦᠷᠦ ᠶᠢᠨ ᠪᠠᠶᠢᠳᠠᠯ ᠢ ᠪᠠᠬᠢᠵᠢᠭᠦᠯᠦᠨ ᠬᠥᠭᠵᠢᠭᠦᠯᠵᠦ ᠴᠢᠳᠠᠨ᠎ᠠ︔ ᠬᠠᠤᠯᠢ ᠪᠠᠷ ᠵᠠᠰᠠᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠪᠠᠲᠤᠯᠠᠭ᠎ᠠ ᠮᠥᠨ᠂ ᠭᠠᠭᠴᠠ ᠬᠦ ᠦᠨᠳᠦᠰᠦᠨ ᠬᠠᠤᠯᠢ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠶᠢ ᠰᠠᠬᠢᠬᠤ ᠡᠯ᠎ᠡ ᠭᠤᠭᠴᠤᠭ᠎ᠠ ᠶᠢᠨ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠤᠯᠤᠰ ᠤᠨ ᠡᠯ᠎ᠡ ᠲᠠᠯ᠎ᠠ ᠶᠢᠨ ᠠᠵᠢᠯ ᠢ ᠬᠠᠤᠯᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠪᠠᠯ ᠰᠠᠶ᠋ᠢ ᠬᠠᠤᠯᠢ ᠪᠠᠷ ᠵᠠᠰᠠᠬᠤ ᠵᠠᠮ ᠢᠶᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ ᠴᠢᠳᠠᠨ᠎ᠠ︔ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ ᠮᠥᠨ᠂ ᠭᠠᠭᠴᠠ ᠬᠦ ᠰᠣᠶᠣᠯ ᠤᠨ ᠢᠲᠡᠭᠡᠯ ᠢᠶᠠᠨ ᠨᠡᠮᠡᠭᠳᠡᠭᠦᠯᠵᠦ᠂ ᠮᠡᠳᠡᠭᠡ ᠵᠠᠩᠭᠢ ᠶᠢᠨ ᠮᠡᠷᠭᠡᠵᠢᠯ ᠤᠨ ᠦᠳᠲᠡᠷ ᠲᠦᠷᠭᠡᠨ ᠬᠥᠭᠵᠢᠯᠲᠡ ᠶᠢᠨ ᠰᠢᠨ᠎ᠡ ᠪᠠᠶᠢᠳᠠᠯ ᠳᠤ ᠲᠦᠷᠭᠡᠯᠡᠨ ᠵᠣᠬᠢᠴᠠᠵᠤ᠂ ᠪᠦᠬᠦ ᠦᠨᠳᠦᠰᠦᠲᠡᠨ ᠤ ᠰᠣᠶᠣᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠳᠤᠯᠢᠭ ᠬᠦᠴᠦᠨ ᠢ ᠬᠥᠭᠵᠢᠭᠡᠪᠡᠯ ᠰᠠᠶ᠋ᠢ ᠬᠦᠴᠦᠷᠬᠡᠭ ᠤᠯᠤᠰ ᠤᠨ ᠪᠦᠳᠦᠬᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠬᠦᠴᠦᠷᠬᠡᠭ ᠶᠡᠭᠡ ᠤᠶᠤᠨ ᠤ ᠬᠦᠴᠦᠨ ᠨᠡᠮᠡᠷᠢᠯᠡᠵᠦ ᠴᠢᠳᠠᠨ᠎ᠠ︔ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠶᠡᠭᠡ ᠡᠭᠦᠷᠭᠡ ᠮᠥᠨ᠂ ᠭᠠᠭᠴᠠ ᠬᠦ ᠴᠢᠳᠠᠯ ᠤᠨ ᠢᠶᠠᠨ ᠬᠢᠷᠢ ᠪᠠᠷ ᠴᠢᠷᠮᠠᠶᠢᠬᠤ ᠶᠢ ᠪᠠᠷᠢᠮᠲᠠᠯᠠᠵᠤ᠂ ᠠᠷᠠᠳ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠳᠤᠬᠠᠢ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠪᠠᠯ ᠰᠠᠶ᠋ᠢ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠵᠤ ᠴᠢᠳᠠᠨ᠎ᠠ︔ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠮᠥᠨ᠂ ᠭᠠᠭᠴᠠ ᠬᠦ ᠠᠮᠢ ᠠᠬᠤᠢ ᠶᠢᠨ ᠪᠣᠯᠪᠠᠰᠤᠨ ᠤ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠭᠡᠬᠦ᠂ ᠨᠡᠮᠡᠭᠳᠡᠬᠦᠯᠬᠦ ᠶᠢ ᠬᠠᠮᠵᠢᠯᠴᠠᠨ ᠠᠬᠢᠭᠤᠯᠵᠤ᠂ ᠨᠣᠮᠢᠨ ᠤᠰᠤ ᠬᠦᠬᠡᠮᠳᠦᠭ ᠠᠭᠤᠯᠠ ᠪᠣᠯ ᠠᠯᠳᠠᠨ ᠠᠭᠤᠯᠠ ᠮᠦᠩᠭᠦᠨ ᠬᠠᠶᠢᠷᠬᠠᠨ ᠮᠦᠨ ᠭᠡᠬᠦ ᠣᠶᠢᠯᠠᠭᠠᠭᠳᠠᠬᠤᠨ ᠤ ᠪᠠᠶᠢᠭᠤᠯᠤᠯ ᠳᠤᠬᠳᠠᠴᠠ ᠶᠢ ᠲᠦᠷᠭᠡᠳᠭᠡᠨ ᠲᠡᠭᠦᠯᠳᠡᠷᠵᠢᠭᠦᠯᠵᠦ ᠨᠠᠶᠢᠳᠠᠪᠤᠷᠢᠵᠢᠭᠤᠯᠪᠠᠯ ᠰᠠᠶ᠋ᠢ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠵᠦ ᠴᠢᠳᠠᠨ᠎ᠠ ᠬᠡᠳᠡᠭ ᠢ ᠬᠦᠨᠵᠡᠬᠡᠢ ᠳᠠᠨᠢᠬᠤ ᠬᠡᠷᠡᠭᠳᠡᠢ᠃    ᠬᠥᠭᠵᠢᠯᠲᠡ ᠪᠠ ᠠᠮᠤᠷ ᠲᠦᠪᠰᠢᠨ ᠪᠣᠯ ᠨᠢᠭᠡ ᠴᠣᠭᠴᠠ ᠶᠢᠨ ᠬᠤᠶᠠᠷ ᠵᠢᠭᠦᠷ᠂ ᠬᠥᠳᠡᠯᠭᠡᠭᠦᠷ ᠤᠨ ᠬᠤᠶᠠᠷ ᠬᠦᠷᠳᠦ ᠮᠥᠨ᠂ ᠡᠭᠦᠨ ᠢ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠵᠡᠷᠭᠡ ᠪᠠᠷ ᠳᠥᠯᠭᠢᠨ ᠠᠬᠢᠭᠤᠯᠵᠤ᠂ ᠬᠥᠳᠡᠯᠦᠩᠭᠦᠶ ᠪᠥᠭᠡᠳ ᠲᠡᠩᠴᠡᠭᠦᠷᠢᠲᠡᠶ᠂ ᠬᠠᠮᠵᠢᠨ ᠬᠠᠪᠰᠤᠷᠤᠯᠴᠠᠵᠤ ᠬᠠᠷᠢᠯᠴᠠᠨ ᠳᠤᠪᠤᠶᠢᠯᠭᠠᠬᠤ ᠬᠡᠷᠡᠭᠲᠡᠶ ᠭᠡᠳᠡᠭ ᠢ ᠣᠳᠣᠬᠢᠴᠢᠯᠠᠯᠲᠠ ᠶᠢᠨ ᠲᠡᠦᠬᠡᠨ ᠶᠠᠪᠤᠴᠠ ᠬᠠᠷᠠᠭᠤᠯᠵᠤ ᠪᠠᠶᠢᠨ᠎ᠠ᠃ ᠤᠯᠤᠰ ᠤᠨ ᠠᠮᠤᠷ ᠲᠦᠪᠰᠢᠨ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠣᠳᠣᠬᠢᠴᠢᠯᠠᠯᠲᠠ ᠶᠢᠨ ᠲᠣᠭᠲᠠᠭᠤᠨ ᠢᠶᠠᠷ ᠤᠷᠤᠭᠰᠢᠯᠠᠬᠤ ᠴᠢᠬᠤᠯᠠ ᠰᠠᠭᠤᠷᠢ ᠮᠥᠨ᠂ ᠭᠠᠭᠴᠠ ᠬᠦ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠬᠤᠷᠰᠢᠯ ᠢ ᠪᠡᠶᠡᠯᠡᠭᠦᠯᠪᠡᠯ ᠰᠠᠶ᠋ᠢ ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠦᠨᠡᠨ ᠬᠦ ᠪᠠᠲᠤᠯᠠᠵᠤ ᠴᠢᠳᠠᠨ᠎ᠠ︔ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠭᠠᠭᠴᠠ ᠬᠦ ᠠᠷᠠᠳ ᠤᠨ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠪᠡᠯ ᠰᠠᠶ᠋ᠢ ᠴᠡᠷᠢᠭ ᠪᠠᠶᠢᠭᠤᠯᠤᠬᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠵᠥ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠵᠤ ᠴᠢᠳᠠᠨ᠎ᠠ ᠭᠡᠳᠡᠭ ᠢ ᠡᠷᠬᠡᠪᠰᠢ ᠭᠦᠨᠵᠡᠭᠡᠢ ᠲᠠᠨᠢᠬᠤ ᠬᠡᠷᠡᠭᠲᠡᠢ᠃    ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠣᠯ ᠨᠢᠭᠡᠨ ᠤᠳᠠᠭᠠᠨ ᠤ ᠭᠦᠨ ᠭᠦᠨᠵᠡᠭᠡᠢ ᠪᠥᠭᠡᠳ ᠪᠦᠬᠦ ᠲᠠᠯ᠎ᠠ ᠶᠢᠨ ᠨᠡᠶᠢᠭᠡᠮ ᠤᠨ ᠬᠤᠪᠢᠰᠤᠯᠲᠠ ᠮᠥᠨ᠂ ᠪᠠᠰᠠ ᠴᠤ ᠨᠢᠭᠡᠨ ᠲᠦᠪᠡᠭ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠰᠲ᠋ᠧᠮ ᠤᠨ ᠣᠶᠢᠯᠠᠭᠠᠭᠳᠠᠬᠤᠨ ᠭᠡᠬᠦ ᠡᠨᠡ ᠬᠦ ᠰᠠᠭᠤᠷᠢ ᠴᠢᠨᠠᠷᠲᠠᠢ ᠦᠵᠡᠯ ᠰᠠᠨᠠᠭ᠎ᠠ ᠪᠠ ᠠᠵᠢᠯᠯᠠᠬᠤ ᠠᠷᠭ᠎ᠠ ᠶᠢ ᠰᠠᠶᠢᠲᠤᠷ ᠬᠡᠷᠡᠭᠯᠡᠵᠦ᠂ ᠰᠢᠰᠲ᠋ᠧᠮᠵᠢᠬᠦᠯᠦᠨ ᠬᠤᠷᠠᠭᠤᠯᠬᠤ ᠶᠢ ᠨᠡᠩ ᠢᠯᠡᠬᠦᠦ ᠴᠢᠬᠤᠯᠠᠴᠢᠯᠠᠨ᠂ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠨᠡᠶᠢᠯᠡᠮᠡᠯ ᠬᠦᠴᠦᠨ ᠢ ᠪᠤᠢ ᠪᠣᠯᠭᠠᠵᠤ᠂ ᠦᠨᠡᠨ ᠬᠦ ᠠᠳᠬᠤᠵᠤ ᠪᠣᠳᠠᠲᠠᠢ ᠪᠠᠷ ᠠᠵᠢᠯᠯᠠᠨ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠪᠡᠯ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠠᠪᠲᠠᠢ ᠳᠠᠪᠠᠯᠭᠠᠨ ᠢ ᠵᠦᠰᠦᠨ ᠤᠷᠤᠭᠰᠢᠯᠠᠵᠤ᠂ ᠯᠠᠪᠳᠠᠭᠤᠨ ᠢᠶᠠᠷ ᠬᠤᠯᠠ ᠠᠶᠠᠯᠠᠵᠤ ᠴᠢᠳᠠᠬᠤ ᠶᠤᠮ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号