ᠡᠮ ᠤᠨ ᠦᠨ᠎ᠡ ᠬᠠᠨᠭ᠍ᠰᠢ ᠶᠢ ᠴᠠᠭ ᠲᠤᠬᠠᠢ ᠳᠤᠨᠢ ᠬᠠᠷᠢᠴᠠᠭᠤᠯᠤᠨ ᠰᠣᠩᠭᠤᠯᠲᠠ ᠬᠢᠬᠦ ᠳᠤ ᠨᠠᠩ ᠳᠥᠭᠦᠮ ᠪᠤᠯᠭᠠᠪᠠ — ᠮᠠᠨ ᠤ ᠤᠷᠤᠨ ᠤ ᠡᠮ ᠡᠮᠨᠡᠯᠬᠡ ᠶᠢᠨ ᠲᠠᠭᠠᠳᠬᠠᠯ ᠤᠨ ︽ᠡᠮ ᠤᠨ ᠳᠡᠯᠭᠡᠭᠦᠷ ᠤᠨ ᠦᠨ᠎ᠡ ᠬᠠᠨᠭ᠍ᠰᠢ ᠶᠢ ᠬᠠᠷᠢᠴᠠᠭᠤᠯᠬᠤ ᠨᠡᠪᠲᠡᠷᠡᠯ︾ ᠦᠢᠯᠡᠴᠢᠯᠡᠭᠡ ᠰᠦᠯᠵᠢᠶᠡᠨ ᠳᠤ ᠭᠠᠷᠤᠯ᠎ᠠ
ᠨᠡᠶᠢᠲᠡᠯᠡᠭᠰᠡᠨ ᠴᠠᠭ᠄
2024/7/3
   ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠯᠤᠰ ᠤᠨ ᠡᠮ ᠡᠮᠨᠡᠯᠬᠡ ᠶᠢᠨ ᠲᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠢ ᠭᠦᠢᠴᠡᠳ ᠠᠰᠢᠭᠯᠠᠭᠰᠠᠨ ᠰᠠᠭᠤᠷᠢᠨ ᠳᠡᠭᠡᠷ᠎ᠡ᠂ ᠴᠢᠳᠠᠮᠵᠢ ᠶᠢ ᠥᠷᠭᠡᠳᠭᠡᠨ ᠦᠢᠯᠡᠴᠢᠯᠡᠭᠡ ᠪᠠᠨ ᠰᠢᠯᠢᠳᠡᠭᠵᠢᠭᠦᠯᠵᠦ᠂ ᠥᠪᠥᠷ ᠮᠣᠩᠭᠤᠯ ᠤᠨ ᠡᠮ ᠡᠮᠨᠡᠯᠬᠡ ᠶᠢᠨ ᠳᠠᠭᠠᠳᠬᠠᠯ ᠤᠨ APP ᠳᠡᠭᠡᠷ᠎ᠡ ︽ᠡᠮ ᠤᠨ ᠳᠡᠯᠭᠡᠭᠦᠷ ᠤᠨ ᠦᠨ᠎ᠡ ᠬᠠᠨᠭ᠍ᠰᠢ ᠶᠢ ᠬᠠᠷᠢᠴᠠᠭᠤᠯᠬᠤ ᠨᠠᠪᠲᠠᠷᠠᠯ︾ ᠦᠢᠯᠡᠴᠢᠯᠡᠭᠡ ᠶᠢ ᠲᠤᠷᠰᠢᠨ ᠠᠵᠢᠯᠯᠠᠭᠤᠯᠵᠤ᠂ ᠣᠯᠠᠨ ᠲᠦᠮᠡᠨ ᠭᠠᠷ ᠤᠲᠠᠰᠤᠨ ᠳᠡᠭᠡᠷ᠎ᠡ ᠨᠢᠭᠡ ᠳᠠᠷᠤᠪᠴᠢ ᠪᠠᠷ ᠪᠠᠶᠢᠴᠠᠭᠠᠨ ᠯᠠᠪᠯᠠᠵᠤ᠂ ᠡᠮ ᠤᠨ ᠵᠦᠢᠯᠡᠰ ᠤᠨ ᠦᠨ᠎ᠡ ᠬᠠᠩᠰᠢ ᠶᠢ ᠴᠠᠭ ᠲᠤᠬᠠᠶ ᠳᠤᠨᠢ ᠬᠠᠷᠢᠴᠠᠭᠤᠯᠵᠤ᠂ ᠡᠮ ᠤᠨ ᠵᠦᠢᠯᠡᠰ ᠤᠨ ᠦᠨ᠎ᠡ ᠬᠠᠩᠰᠢ ᠶᠢ ᠨᠠᠩ ᠢᠯᠡ ᠲᠣᠳᠣ ᠪᠣᠯᠭᠠᠬᠤ ᠶᠢ ᠠᠬᠢᠭᠤᠯᠪᠠ᠃   ᠣᠶᠢᠯᠠᠭᠠᠭᠰᠠᠨ ᠢᠶᠠᠷ᠂ ︽ᠡᠮ ᠤᠨ ᠳᠡᠯᠭᠡᠭᠦᠷ ᠤᠨ ᠦᠨ᠎ᠡ ᠬᠠᠨᠭ᠍ᠰᠢ ᠶᠢ ᠬᠠᠷᠢᠴᠠᠭᠤᠯᠬᠤ ᠨᠡᠪᠲᠡᠷᠡᠯ︾᠎ ᠤᠨ ᠲᠤᠭ᠎ᠠ ᠪᠠᠷᠢᠮᠲᠠ ᠨᠢ ᠲᠣᠭᠲᠠᠭᠰᠠᠨ ᠴᠡᠭ ᠤᠨ ᠵᠢᠵᠢᠭᠯᠡᠨ ᠪᠤᠷᠤᠯᠠᠭᠤᠯᠬᠤ ᠡᠮ ᠤᠨ ᠳᠡᠯᠭᠡᠭᠦᠷ ᠠᠴᠠ ᠡᠮ ᠡᠮᠨᠡᠯᠬᠡ ᠶᠢᠨ ᠳᠠᠭᠠᠳᠬᠠᠯ ᠳᠤ ᠳᠠᠮᠵᠢᠭᠤᠯᠤᠭᠰᠠᠨ ᠦᠨᠡᠨ ᠪᠣᠳᠠᠲᠠᠶ ᠳ᠋ᠦᠩᠨᠡᠨ ᠪᠤᠳᠤᠭᠰᠠᠨ ᠮᠡᠳᠡᠭᠡ ᠵᠠᠩᠭᠢ ᠠᠴᠠ ᠢᠷᠡᠯᠲᠡ ᠲᠠᠢ ᠪᠠᠶᠢᠵᠤ᠂ ᠡᠮ ᠤᠨ ᠳᠡᠯᠭᠡᠭᠦᠷ ᠤᠨ ᠣᠶᠢᠷ᠎ᠠ ᠶᠢᠨ ᠨᠢᠭᠡ ᠤᠳᠠᠭᠠᠨ ᠤ ᠪᠣᠷᠣᠯᠠᠭᠤᠯᠤᠭᠰᠠᠨ ᠡᠮ ᠤᠨ ᠵᠦᠢᠯᠡᠰ ᠤᠨ ᠦᠨ᠎ᠡ ᠬᠠᠩᠰᠢ ᠪᠠᠷ ᠬᠠᠷᠢᠴᠠᠭᠤᠯᠵᠤ ᠦᠨ᠎ᠡ ᠬᠠᠩᠰᠢ ᠶᠢᠨ ᠭᠦᠢᠴᠡᠳᠭᠡᠯ ᠲᠤᠭ᠎ᠠ ᠪᠣᠯᠭᠠᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠭᠠᠷ ᠤᠲᠠᠰᠤᠨ ᠳᠡᠭᠡᠷ᠎ᠡ ᠡᠮ ᠤᠨ ᠵᠦᠢᠯᠡᠰ ᠤᠨ ᠦᠨ᠎ᠡ ᠬᠠᠩᠰᠢ ᠶᠢ ᠳᠥᠭᠦᠮ ᠳᠥᠲᠡ ᠪᠥᠭᠡᠳ ᠴᠠᠭ ᠲᠤᠬᠠᠶ ᠳᠤᠨᠢ ᠪᠠᠶᠢᠴᠠᠭᠠᠨ ᠯᠠᠪᠯᠠᠬᠤ ᠶᠢ ᠪᠡᠶᠡᠯᠡᠭᠦᠯᠵᠦ᠂ ᠪᠡᠶ᠎ᠡ ᠪᠠᠨ ᠳᠠᠭᠠᠭᠠᠵᠤ ᠬᠠᠷᠢᠴᠠᠭᠤᠯᠬᠤ᠂ ᠪᠡᠶ᠎ᠡ ᠪᠠᠨ ᠳᠠᠭᠠᠭᠠᠵᠤ ᠰᠣᠩᠭᠤᠬᠤ ᠳᠤ ᠲᠥᠬᠦᠮ ᠦᠵᠡᠭᠦᠯᠪᠡ᠃ ᠣᠳᠣᠬᠠᠨ ᠳᠤ᠂ ᠪᠥᠬᠦ ᠣᠷᠣᠨ ᠤ 1.7 ᠲᠦᠮᠡᠨ ᠡᠮ ᠤᠨ ᠳᠡᠯᠭᠡᠭᠦᠷ ᠤᠨ ᠮᠡᠳᠡᠭᠡ ᠵᠠᠩᠭᠢ ᠶᠢ ᠪᠦᠬᠦᠨ ᠢ ᠥᠪᠥᠷ ᠮᠣᠩᠭᠤᠯ ᠤᠨ ᠡᠮ ᠡᠮᠨᠡᠯᠬᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠬᠠᠷᠢᠴᠠᠭᠤᠯᠬᠤ ᠦᠨ᠎ᠡ ᠬᠠᠩᠰᠢ ᠶᠢᠨ ᠬᠡᠪᠴᠢᠶᠡᠨ ᠳᠤ ᠣᠷᠣᠭᠤᠯᠪᠠ᠃ ᠳᠠᠭᠠᠳᠬᠠᠯ ᠳᠤ ᠣᠷᠣᠯᠴᠠᠭᠰᠠᠳ᠂ ︽ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ APP︾᠎ ᠳᠤ ᠣᠷᠣᠵᠤ᠂ ︽ᠬᠠᠯᠠᠮᠰᠢᠯ ᠠᠰᠠᠭᠤᠲᠠᠯ ᠢ ᠪᠠᠶᠢᠴᠠᠭᠠᠨ ᠯᠠᠪᠯᠠᠬᠤ︾ ᠪᠤᠯᠤᠩ ᠠᠴᠠ ᠡᠮ ᠤᠨ ᠳᠡᠯᠭᠡᠭᠦᠷ ᠤᠨ ᠬᠠᠷᠢᠴᠠᠭᠤᠯᠤᠭᠰᠠᠨ ᠦᠨ᠎ᠡ ᠬᠠᠨᠭ᠍ᠰᠢ ᠶᠢᠨ ᠦᠢᠯᠡᠴᠢᠯᠡᠭᠡ ᠶᠢ ᠣᠯᠵᠤ᠂ ᠬᠠᠶᠢᠯᠳᠠ ᠪᠤᠯᠤᠩ ᠠᠴᠠ ᠪᠠᠶᠢᠴᠠᠭᠠᠨ ᠯᠠᠪᠯᠠᠬᠤ ᠡᠮ ᠤᠨ ᠨᠡᠷᠡᠶᠢᠳᠦᠯ ᠢ ᠣᠷᠣᠭᠤᠯᠵᠤ᠂ ᠬᠢᠮᠢ ᠶᠢᠨ ᠨᠡᠷ᠎ᠡ ᠪᠠ ᠲᠠᠸᠠᠷ ᠤᠨ ᠨᠡᠷ᠎ᠡ ᠪᠠᠷ ᠲᠣᠰ ᠡᠮ ᠤᠨ ᠠᠳᠠᠯᠢ ᠪᠤᠰᠤ ᠦᠢᠯᠡᠳᠪᠦᠷᠢ᠂ ᠠᠳᠠᠯᠢ ᠪᠤᠰᠤ ᠬᠡᠪ ᠪᠠᠷᠢᠮᠵᠢᠶ᠎ᠠ᠂ ᠠᠳᠠᠯᠢ ᠪᠤᠰᠤ ᠡᠮ ᠤᠨ ᠬᠡᠯᠪᠡᠷᠢ ᠶᠢᠨ ᠦᠢᠯᠡᠳᠬᠦᠨ ᠤ ᠮᠡᠳᠡᠭᠡ ᠵᠠᠩᠭᠢ ᠶᠢ ᠪᠠᠶᠢᠴᠠᠭᠠᠨ ᠦᠵᠡᠵᠦ᠂ ᠦᠨ᠎ᠡ ᠬᠠᠩᠰᠢ ᠶᠢ ᠬᠠᠷᠢᠴᠠᠭᠤᠯᠬᠤ ᠴᠢᠬᠤᠯᠠ ᠲᠠᠢ ᠡᠮ ᠤᠨ ᠵᠦᠢᠯᠡᠰ ᠢ ᠰᠣᠩᠭᠤᠭᠰᠠᠨ ᠤ ᠳᠠᠷᠠᠭ᠎ᠠ ᠳᠠᠷᠤᠶ ᠲᠣᠰ ᠡᠮ ᠤᠨ ᠵᠦᠢᠯᠡᠰ ᠤᠨ ᠠᠳᠠᠯᠢ ᠪᠤᠰᠤ ᠲᠤᠭᠲᠠᠭᠰᠠᠨ ᠴᠡᠭ ᠤᠨ ᠡᠮ ᠤᠨ ᠳᠡᠯᠭᠡᠭᠦᠷ ᠤᠨ ᠦᠨ᠎ᠡ ᠬᠠᠩᠰᠢ ᠶᠢ ᠪᠠᠶᠢᠴᠠᠭᠠᠨ ᠯᠠᠪᠯᠠᠵᠤ ᠪᠣᠯᠤᠨ᠎ᠠ᠃ ᠡᠮ ᠤᠨ ᠦᠨ᠎ᠡ ᠬᠠᠩᠰᠢ ᠶᠢ ᠪᠠᠶᠢᠴᠠᠭᠠᠨ ᠯᠠᠪᠯᠠᠭᠰᠠᠨ ᠤ ᠳᠠᠷᠠᠭ᠎ᠠ᠂ ᠡᠮ ᠤᠨ ᠳᠡᠯᠭᠡᠭᠦᠷ ᠲᠠᠢ ᠬᠠᠷᠢᠯᠴᠠᠵᠦ ᠡᠮ ᠤᠨ ᠵᠦᠢᠯᠡᠰ ᠤᠨ ᠨᠠᠷᠢᠨ ᠪᠠᠶᠢᠳᠠᠯ ᠢ ᠣᠶᠢᠯᠠᠭᠠᠵᠤ ᠪᠣᠯᠤᠨ᠎ᠠ᠃   ︽︿ᠡᠮ ᠤᠨ ᠳᠡᠯᠭᠡᠭᠦᠷ ᠤᠨ ᠦᠨ᠎ᠡ ᠬᠠᠨᠭ᠍ᠰᠢ ᠶᠢ ᠬᠠᠷᠢᠴᠠᠭᠤᠯᠬᠤ ᠨᠡᠪᠲᠡᠷᠡᠯ﹀ ᠦᠢᠯᠡᠴᠢᠯᠡᠭᠡ ᠶᠢ ᠰᠦᠯᠵᠢᠶᠡᠨ ᠳᠤ ᠭᠠᠷᠭᠠᠬᠰᠠᠨ ᠨᠢ ᠡᠮ ᠤᠨ ᠵᠦᠢᠯᠡᠰ ᠤᠨ ᠦᠨ᠎ᠡ ᠬᠠᠩᠰᠢ ᠶᠢ ᠢᠯᠠ ᠪᠤᠯᠭᠠᠬᠤ ᠬᠡᠮᠵᠢᠶ᠎ᠡ ᠶᠢ ᠴᠢᠨᠠᠭᠰᠢᠲᠠ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠳ ᠢᠯᠠᠩᠭᠤᠶ᠎ᠠ ᠤᠳᠠᠭᠠᠨ ᠴᠢᠨᠠᠷᠲᠠᠶ ᠡᠪᠡᠳᠴᠢᠨ ᠪᠠ ᠣᠷᠳᠣ ᠬᠤᠭᠤᠴᠠᠭ᠎ᠠ ᠪᠠᠷ ᠡᠮ ᠬᠡᠷᠡᠭᠯᠡᠬᠦ ᠡᠪᠡᠳᠴᠢᠲᠡᠨ ᠤ ᠳᠠᠷᠤᠭᠠᠰᠤ ᠶᠢ ᠬᠥᠩᠭᠡᠷᠡᠭᠦᠯᠬᠦ ᠶᠢᠨ ᠬᠠᠮᠲᠤ ᠪᠠᠰᠠ ᠲᠤᠭᠲᠠᠭᠰᠠᠨ ᠴᠡᠭ ᠤᠨ ᠡᠮ ᠤᠨ ᠳᠡᠯᠭᠡᠭᠦᠷ ᠤᠨ ᠡᠮ ᠤᠨ ᠵᠦᠢᠯᠡᠰ ᠤᠨ ᠦᠨ᠎ᠡ ᠬᠠᠩᠰᠢ ᠶᠢ ᠵᠦᠶ ᠵᠣᠬᠢᠰᠲᠠᠶ ᠲᠣᠬᠢᠷᠠᠭᠤᠯᠬᠤ ᠶᠢ ᠠᠬᠢᠭᠤᠯᠵᠤ᠂ ᠡᠮ ᠡᠮᠨᠡᠯᠭᠡ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠠᠵᠢᠯ ᠲᠥᠷᠥᠯ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠤᠨ᠂ ᠡᠮ ᠤᠨ ᠵᠦᠢᠯᠡᠰ ᠤᠨ ᠵᠠᠬ᠎ᠠ ᠳᠡᠯᠭᠡᠭᠦᠷ ᠤᠨ ᠡᠷᠬᠡ ᠲᠡᠭᠰᠢ ᠥᠷᠢᠰᠥᠯᠳᠦᠭᠡᠨ ᠢ ᠠᠬᠢᠭᠤᠯᠬᠤ ᠪᠣᠯᠤᠨ᠎ᠠ᠃︾ ᠥᠪᠡᠷᠲᠡᠭᠡᠨ ᠵᠠᠰᠠᠬᠤ ᠣᠷᠣᠨ ᠤ ᠡᠮᠴᠢᠯᠡᠬᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠴᠠᠩ ᠴᠢᠩ ᠬᠡᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠬᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠬᠠᠮᠢᠶ᠎ᠠ ᠪᠦᠬᠦᠢ ᠳᠠᠪᠴᠠᠩ ᠤᠨ ᠡᠮ ᠤᠨ ᠵᠦᠢᠯᠡᠰ ᠤᠨ ᠬᠠᠷᠢᠴᠠᠭᠤᠯᠤᠭᠰᠠᠨ ᠦᠨ᠎ᠡ ᠶᠢ ᠪᠠᠶᠢᠴᠠᠭᠠᠨ ᠯᠠᠪᠯᠠᠬᠤ ᠴᠢᠳᠠᠮᠵᠢ ᠶᠢ ᠵᠠᠯᠭᠠᠭ᠎ᠠ ᠪᠠᠷ ᠨᠡᠪᠲᠡᠷᠡᠭᠦᠯᠵᠦ᠂ ᠣᠯᠠᠨ ᠲᠦᠮᠡᠨ ᠳᠤ ᠨᠠᠩ ᠲᠥᠬᠦᠮ᠂ ᠣᠯᠠᠨ ᠶᠠᠩᠵᠤ ᠶᠢᠨ ᠯᠠᠪᠯᠠᠭ᠎ᠠ ᠦᠢᠯᠡᠴᠢᠯᠡᠭᠡ ᠬᠠᠩᠭᠠᠨ᠎ᠠ ᠭᠡᠵᠡᠶ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号