ᠠᠯᠠᠱᠠ ᠵᠡᠭᠦᠨ ᠬᠤᠰᠢᠭᠤ — ᠪᠤᠭᠤᠲᠤ — ᠬᠥᠯᠥᠨ ᠪᠤᠶᠢᠷ ᠬᠦᠷᠬᠦ ᠠᠶᠠᠯᠠᠯ ᠤᠨ ᠱᠤᠭᠤᠮ ᠨᠡᠪᠲᠡᠷᠡᠪᠡ
ᠨᠡᠶᠢᠲᠡᠯᠡᠭᠰᠡᠨ ᠴᠠᠭ᠄
2024/7/30
    ᠬᠤᠸᠠ ᠰᠢᠶᠠ ᠠᠭᠠᠷ ᠤᠨ ᠠᠶᠠᠯᠠᠯ ᠤᠨ ᠺᠣᠮᠫᠠᠨᠢ ᠶᠢᠨ CRJ900 ᠨᠢᠰᠭᠡᠯ ᠤᠶᠢᠷ᠎ᠠ ᠳᠤ ᠠᠯᠠᠱᠠ ᠵᠡᠭᠦᠨ ᠬᠤᠰᠢᠭᠤᠨ ᠤ ᠨᠢᠰᠭᠡᠯ ᠤᠨ ᠪᠠᠭᠤᠳᠠᠯ ᠠᠴᠠ ᠨᠢᠰᠴᠤ᠂ ᠠᠯᠠᠱᠠ ᠵᠡᠭᠦᠨ ᠬᠤᠰᠢᠭᠤ — ᠪᠤᠭᠤᠲᠤ — ᠬᠥᠯᠥᠨ ᠪᠤᠶᠢᠷ ᠬᠦᠷᠬᠦ ᠠᠶᠠᠯᠠᠯ ᠤᠨ ᠱᠤᠭᠤᠮ ᠠᠩᠬᠠᠨ ᠤ ᠠᠶᠠᠯᠠᠯ ᠢᠶᠠᠨ ᠠᠮᠵᠢᠯᠲᠠ ᠲᠠᠢ ᠡᠬᠢᠯᠡᠭᠦᠯᠪᠠ᠃ ᠡᠨᠡ ᠪᠤᠯ ᠤᠯᠤᠠᠰ ᠤᠨ ᠳᠣᠲᠣᠭᠠᠳᠤ ᠶᠢᠨ ᠬᠠᠮᠤᠭ ᠤᠨ ᠣᠷᠳᠣ ᠰᠠᠯᠪᠤᠷᠢ ᠠᠭᠠᠷ ᠤᠨ ᠠᠶᠠᠯᠠᠯ ᠤᠨ ᠱᠤᠭᠤᠮ ᠪᠤᠯᠤᠨ᠎ᠠ᠂ ᠮᠦᠨ ᠴᠦ ᠠᠯᠠᠱᠠ ᠠᠶᠢᠮᠠᠭ ᠤᠨ ᠠᠩᠬᠠᠳᠠᠭᠴᠢ ︽ᠰᠠᠯᠪᠤᠷᠢ ᠱᠤᠭᠤᠮ ᠤᠨ ᠨᠡᠪᠲᠡᠷᠡᠯ︾ ᠤᠨ ᠠᠶᠠᠯᠠᠯ ᠤᠨ ᠱᠤᠭᠤᠮ ᠪᠤᠯᠤᠨ᠎ᠠ᠃    ᠲᠣᠰ ᠠᠭᠠᠷ ᠤᠨ ᠠᠶᠠᠯᠠᠯ ᠤᠨ ᠱᠤᠭᠤᠮ ᠢ ᠬᠤᠸᠠ ᠰᠢᠶᠠ ᠺᠣᠮᠫᠠᠨᠢ ᠠᠴᠠ ᠭᠦᠢᠴᠡᠳᠭᠡᠵᠤ᠂ ᠭᠠᠷᠠᠭ ᠪᠦᠷᠢ ᠶᠢᠨ ᠬᠤᠶᠠᠷ᠂ ᠳᠥᠷᠪᠡᠨ᠂ ᠵᠢᠷᠭᠤᠭᠠᠨ ᠳᠤ ᠡᠬᠡᠯᠵᠢ ᠶᠢᠨ ᠨᠢᠰᠬᠡᠯ ᠢ ᠠᠶᠠᠯᠠᠭᠤᠯᠬᠤ ᠪᠤᠯᠤᠨ᠎ᠠ᠃ ᠡᠨᠡ ᠬᠦ ᠰᠠᠯᠪᠤᠷᠢ ᠠᠶᠠᠯᠠᠯ ᠤᠨ ᠱᠤᠭᠤᠮ ᠢ ᠨᠡᠪᠲᠡᠷᠡᠭᠦᠯᠦᠭᠰᠡᠨ ᠨᠢ 2000 ᠭᠠᠷᠤᠢ ᠺᠢᠯᠣᠮᠧᠲᠷ ᠠᠯᠤᠰᠯᠠᠭᠰᠠᠨ ᠠᠯᠠᠱᠠ ᠠᠶᠢᠮᠠᠭ ᠪᠣᠯᠤᠨ ᠬᠥᠯᠥᠨ ᠪᠤᠶᠢᠷ ᠬᠤᠲᠠ ᠶᠢᠨ ᠠᠷᠠᠳ ᠤᠯᠠᠨ ᠤ ᠶᠠᠪᠤᠵᠤ ᠰᠠᠭᠤᠬᠤ ᠳᠤ ᠲᠦᠬᠦᠮ ᠦᠵᠡᠭᠦᠯᠵᠦ᠂ ᠬᠤᠶᠠᠷ ᠭᠠᠵᠠᠷ ᠤᠨ ᠬᠥᠭᠵᠢᠯᠲᠡ ᠶᠢᠨ ᠣᠷᠴᠢᠨ ᠲᠣᠭᠤᠷᠢᠨ ᠢ ᠴᠢᠨᠠᠭᠰᠢᠳᠠ ᠰᠢᠯᠢᠳᠡᠭᠵᠢᠭᠦᠯᠬᠦ᠂ ᠭᠠᠳᠠᠭᠠᠳᠤ ᠨᠡᠭᠡᠭᠡᠯᠳᠠ ᠶᠢ ᠥᠷᠭᠡᠳᠭᠡᠬᠦ᠂ ᠭᠠᠵᠠᠷ ᠣᠷᠣᠨ ᠤ ᠬᠤᠭᠤᠷᠣᠨᠳᠣᠬᠢ ᠰᠣᠯᠢᠯᠴᠠᠭ᠎ᠠ ᠶᠢ ᠨᠡᠮᠡᠭᠳᠡᠭᠦᠯᠬᠦ᠂ ᠵᠢᠭᠤᠯᠴᠢᠯᠡᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ︽ᠥᠩᠭᠡᠷᠡᠭᠰᠡᠨ ᠳᠤ ᠠᠯᠠᠱᠠ ᠵᠡᠭᠦᠨ ᠬᠤᠰᠢᠭᠤ ᠠᠴᠠ ᠬᠥᠯᠥᠨ ᠪᠤᠶᠢᠷ ᠬᠦᠷᠬᠦ ᠳᠤ ᠨᠢᠰᠭᠡᠯ ᠳᠤ ᠰᠠᠭᠤᠪᠠᠯ ᠪᠤᠰᠤᠳ ᠭᠠᠵᠠᠷ ᠢᠶᠠᠷ ᠳᠠᠮᠵᠢᠵᠤ ᠂ ᠭᠠᠯᠲᠤ ᠲᠡᠷᠭᠡᠨ ᠳᠤ ᠰᠠᠭᠤᠪᠠᠯ ᠴᠠᠭ ᠳᠡᠩᠳᠡᠭᠦᠦ ᠤᠷᠳᠤ ᠪᠠᠶᠢᠳᠠᠭ᠃ ᠡᠨᠡ ᠬᠦ ᠠᠶᠠᠯᠠᠯ ᠤᠨ ᠱᠤᠭᠤᠮ ᠤᠨ ᠪᠦᠬᠦ ᠶᠠᠪᠤᠴᠠ ᠨᠢ ᠵᠥᠪᠬᠡᠨ 4 ᠴᠠᠭ ᠭᠠᠷᠤᠶ ᠪᠠᠶᠢᠵᠤ᠂ ᠪᠠᠰᠠ ᠲᠤᠬᠠᠶ ᠶᠢᠨ ᠡᠳᠦᠷ ᠲᠡᠭᠡᠨ ᠢᠷᠡᠵᠦ ᠪᠤᠴᠠᠵᠤ ᠲᠠᠶᠢᠯᠤᠨ᠎ᠠ᠂ ᠦᠨᠡᠬᠡᠷ ᠳᠥᠭᠦᠮ ᠪᠣᠯᠵᠠᠶ︾ ᠭᠡᠵᠤ ᠠᠩᠬᠠᠨ ᠤ ᠠᠶᠠᠯᠠᠯ ᠤᠨ ᠠᠶᠠᠨᠴᠢᠨ ᠵᠠᠩ ᠠᠪᠠᠭ᠋ᠠᠶ ᠬᠡᠯᠡᠨ᠎ᠠ᠃    ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ ᠥᠪᠥᠷ ᠮᠣᠩᠭᠤᠯ ᠤᠨ ᠨᠢᠰᠭᠡᠯ ᠤᠨ ᠪᠠᠭᠤᠳᠠᠯ ᠤᠨ ᠪᠦᠯᠦᠭᠯᠡᠯ ᠨᠢ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠠᠳ ᠤᠨ ᠠᠭᠠᠷ ᠤᠨ ᠲᠡᠭᠡᠭᠡᠪᠦᠷᠢ ᠠᠷᠠᠳ ᠲᠦᠮᠡᠨ ᠤ ᠲᠥᠯᠥᠭᠡ ᠪᠠᠶᠢᠬᠤ︾ ᠬᠥᠭᠵᠢᠯᠲᠡ ᠶᠢᠨ ᠤᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠣᠷᠣᠨ ᠪᠦᠰᠡ ᠶᠢᠨ ᠬᠤᠭᠤᠷᠣᠨᠳᠣᠬᠢ ᠠᠵᠤ ᠠᠬᠤᠶ᠂ ᠰᠣᠶᠣᠯ ᠪᠠ ᠵᠢᠭᠤᠯᠴᠢᠯᠠᠯ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠣᠳᠣᠬᠠᠨ ᠳᠤ ᠲᠤᠰ ᠪᠦᠯᠦᠭᠯᠡᠯ ᠤᠨ ᠡᠵᠡᠩᠨᠡᠵᠦ ᠪᠠᠶᠢᠭ᠎ᠠ ︽ᠰᠠᠯᠪᠤᠷᠢ ᠱᠤᠭᠤᠮ ᠤᠨ ᠨᠡᠪᠲᠡᠷᠡᠯ︾ ᠤᠨ ᠠᠶᠠᠯᠠᠯ ᠤᠨ ᠱᠤᠭᠤᠮ 47 ᠵᠤᠷᠪᠤᠰ ᠲᠤ ᠬᠦᠷᠴᠦ᠂ ᠪᠦᠬᠦ ᠤᠷᠤᠨ ᠤ ᠡᠯ᠎ᠠ ᠠᠶᠢᠮᠠᠭ ᠬᠤᠲᠠ ᠶᠢ ᠨᠡᠶᠢᠳᠡᠮ ᠪᠦᠷᠬᠦᠭᠦᠯᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号