︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠲᠦᠷᠢᠮ︾ ᠢ 9 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠠ
ᠨᠡᠶᠢᠲᠡᠯᠡᠭᠰᠡᠨ ᠴᠠᠭ᠄
2024/7/30
    7 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠤᠨ ᠬᠠᠮᠢᠶ᠎ᠠ ᠪᠥᠬᠦᠶ ᠲᠣᠭᠲᠠᠭᠠᠯ ᠢ ᠲᠥᠪᠯᠡᠷᠡᠭᠦᠯᠦᠨ ᠨᠡᠶᠢᠲᠡᠯᠡᠵᠦ᠂ ︽ᠲᠦᠷᠢᠮ︾ ᠢ ᠤᠬᠠᠭᠤᠯᠤᠨ ᠲᠠᠶᠢᠯᠪᠤᠷᠢᠯᠠᠬᠤ ᠪᠠ ᠲᠤᠭᠤᠰᠢᠯᠠᠭᠤᠯᠤᠨ ᠬᠡᠷᠡᠭᠵᠢᠭᠦᠯᠬᠦ ᠶᠢ ᠠᠬᠢᠭᠤᠯᠵᠤ᠂ ᠪᠥᠬᠦ ᠨᠡᠶᠢᠭᠡᠮ ᠤᠨ ᠦᠨᠡᠨᠴᠢ ᠢᠲᠡᠭᠡᠮᠵᠢ ᠶᠢᠨ ᠤᠬᠠᠮᠰᠠᠷ ᠪᠠ ᠢᠲᠡᠭᠡᠮᠵᠢ ᠶᠢᠨ ᠲᠦᠪᠰᠢᠨ ᠢ ᠳᠡᠭᠡᠭᠰᠢᠯᠡᠭᠦᠯᠬᠦ ᠶᠢ ᠵᠤᠷᠢᠪᠠ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ ᠶᠡᠷᠦᠩᠬᠡᠶ ᠳᠤᠨᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠥᠪᠯᠡᠯ᠂ ᠡᠳ᠋ ᠤᠨ ᠵᠠᠰᠠᠭ ᠠᠵᠤ ᠠᠬᠤᠶ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠠᠤᠯᠢ ᠴᠠᠭᠠᠵᠠ ᠶᠢᠨ ᠲᠢᠩᠬᠢᠮ ᠤᠨ ᠬᠠᠷᠢᠭᠤᠴᠠᠯᠭᠠᠲᠠᠨ ︽ᠲᠦᠷᠢᠮ︾ ᠤᠨ ᠬᠢᠯᠠᠰ ᠴᠡᠭ᠂ ︽ᠲᠦᠷᠢᠮ︾ ᠤᠨ ᠢᠲᠡᠭᠡᠮᠵᠢ ᠶᠢᠨ ᠭᠤᠤᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ ᠪᠠ ᠢᠲᠡᠭᠡᠮᠵᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠵᠢᠷᠤᠮᠵᠢᠯ ᠬᠢᠭᠡᠳ ᠬᠥᠭᠵᠢᠯᠲᠡ ᠶᠢᠨ ᠲᠤᠬᠠᠶ ᠲᠣᠭᠲᠠᠭᠠᠯ ᠵᠡᠷᠭᠡ ᠠᠭᠤᠯᠭ᠎ᠠ ᠶᠢᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠲᠢᠩᠬᠢᠮ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠭᠢᠯᠡᠪᠡ᠃    ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠲᠠᠨᠢᠯᠴᠠᠭᠤᠯᠤᠬᠰᠠᠨ ᠢᠶᠠᠷ᠂ ᠶᠡᠷᠦᠩᠬᠡᠶ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠬᠠᠶ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠬᠠᠤᠯᠢ ᠲᠣᠭᠲᠠᠭᠠᠬᠤ ᠪᠠᠷ ᠳᠠᠮᠵᠢᠭᠤᠯᠤᠨ ᠮᠠᠨ ᠤ ᠣᠷᠣᠨ ᠤ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠤᠷᠤᠬᠤ ᠬᠠᠷᠠᠯᠲᠠ ᠶᠢ ᠪᠡᠶᠡᠯᠡᠭᠦᠯᠬᠦ ᠳᠤ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ︽ᠲᠦᠷᠢᠮ︾ ᠢ 2024 ᠣᠨ ᠤ ᠭᠤᠤᠯᠳᠠᠯᠭ᠎ᠠ ᠲᠠᠢ ᠬᠠᠤᠯᠢ ᠲᠣᠭᠲᠠᠭᠠᠬᠤ ᠲᠥᠷᠥᠯ ᠵᠦᠢᠯ ᠢᠶᠠᠷ ᠲᠣᠭᠲᠠᠭᠠᠪᠠ᠃ 7 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯ ᠠᠴᠠ ᠲᠣᠰ ︽ᠲᠦᠷᠢᠮ︾ ᠢ ᠪᠠᠲᠤᠯᠠᠪᠠ᠃ ︽ᠲᠦᠷᠢᠮ︾ ᠨᠢ ᠨᠡᠶᠢᠲᠡ 8 ᠪᠦᠯᠦᠭ 51 ᠵᠦᠢᠯ ᠢᠶᠠᠷ ᠪᠦᠷᠢᠯᠳᠦᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ᠂ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠪᠠᠨ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ᠂ ᠢᠲᠡᠭᠡᠮᠵᠢ ᠶᠢᠨ ᠭᠤᠤᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ᠂ ᠢᠲᠡᠭᠡᠮᠵᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠵᠢᠷᠤᠮᠵᠢᠯ ᠬᠢᠬᠡᠳ ᠬᠥᠭᠵᠢᠯᠲᠡ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠶᠢᠨ ᠲᠤᠬᠠᠶ ᠲᠣᠭᠲᠠᠭᠠᠯ ᠭᠠᠷᠭᠠᠵᠤ᠂ 2024 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号