ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠰᠡᠳᠬᠢᠯ ᠳᠡᠭᠡᠨ ᠬᠠᠳᠠᠩᠰᠢᠭᠤᠯᠵᠦ ᠠᠵᠢᠯᠯᠠᠭ᠎ᠠ ᠲᠡᠭᠡᠷ᠎ᠡ ᠪᠠᠨ ᠢᠯᠡᠷᠡᠭᠦᠯᠦᠨ᠎ᠡ
ᠨᠡᠶᠢᠲᠡᠯᠡᠭᠰᠡᠨ ᠴᠠᠭ᠄
2024/7/30
    ᠮᠠᠨ  ᠤ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠤᠷᠤᠯᠴᠠᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠶᠢ ᠪᠠᠷᠢᠮᠲᠠᠯᠠᠨ᠂ ᠨᠡᠶᠢᠲᠡᠯᠢᠭ ᠬᠡᠷᠡᠭ ᠤᠨ ᠵᠢᠱᠢᠶ᠎ᠡ ᠶᠢ ᠰᠠᠶᠢᠲᠤᠷ ᠬᠡᠷᠡᠭᠯᠡᠵᠦ᠂ ᠪᠣᠳᠠᠲᠠᠢ ᠰᠤᠷᠤᠯᠴᠠᠵᠤ ᠪᠣᠳᠠᠲᠠᠢ ᠠᠵᠢᠯᠯᠠᠬᠤ ᠳᠡᠭᠡᠷ᠎ᠡ ᠬᠦᠴᠦ ᠲᠠᠯᠪᠢᠨ᠂ ᠪᠣᠳᠠᠲᠠᠢ ᠦᠷ᠎ᠡ ᠪᠦᠲᠦᠮᠵᠢ ᠭᠠᠷᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠦᠪᠡᠷ ᠢᠶᠠᠨ ᠰᠠᠶᠢᠲᠦᠷ ᠰᠤᠷᠤᠯᠴᠠᠵᠤ᠂ ᠠᠵᠢᠯ ᠢᠶᠠᠨ ᠰᠠᠶᠢᠲᠦᠷ ᠬᠢᠵᠦ᠂ ᠲᠤᠰᠢᠶᠠᠯ ᠬᠠᠷᠢᠭᠤᠴᠠᠯᠭ᠎ᠠ ᠪᠠᠨ ᠰᠠᠶᠢᠲᠦᠷ ᠬᠦᠢᠴᠡᠳᠬᠡᠵᠦ᠂ ᠰᠠᠬᠢᠯᠭ᠎ᠠ ᠪᠠᠲᠤ  ᠶᠢᠨ ᠱᠠᠭᠠᠷᠳᠠᠯᠭ᠎ᠠ  ᠶᠢ ᠰᠡᠳᠬᠢᠯ ᠳᠡᠭᠡᠨ ᠬᠠᠳᠠᠩᠰᠢᠭᠤᠯᠤᠨ᠂ ᠠᠵᠢᠯᠯᠠᠭ᠎ᠠ ᠲᠡᠭᠡᠷ᠎ᠡ  ᠪᠠᠨ ᠢᠯᠡᠷᠡᠭᠦᠯᠬᠦ  ᠶᠢ ᠬᠦᠮᠦᠵᠢᠬᠦᠯᠦᠨ ᠬᠦᠳᠦᠯᠦᠨ ᠵᠢᠯᠤᠭᠤᠳᠴᠤ ᠪᠠᠶᠢᠨ᠎ᠠ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠬᠤᠶᠠᠷ ᠰᠢᠨ᠎ᠡ︾ ᠠᠵᠢᠯ ᠤᠨ ᠬᠤᠷᠢᠶ᠎ᠠ ︽ᠬᠤᠶᠠᠷ ᠰᠢᠨ᠎ᠡ︾ ᠬᠦᠷᠢᠶᠡᠨ ᠳᠠᠬᠢ ᠨᠠᠮ ᠤᠨ ᠭᠡᠰᠢᠭᠦᠨ ᠤ ᠠᠵᠢᠯ ᠮᠡᠷᠭᠡᠵᠢᠯ ᠤᠨ ᠪᠦᠲᠦᠴᠡ ᠤᠯᠠᠨ ᠶᠠᠩᠵᠤ᠂ ᠠᠵᠢᠯ ᠲᠦᠷᠦᠯ ᠥᠷᠭᠡᠨ ᠳᠡᠯᠭᠡᠷ᠂ ᠪᠣᠳᠠᠭᠠᠯᠢ ᠪᠡᠶ᠎ᠡ ᠶᠢᠨ ᠵᠥᠷᠢᠶᠡᠲᠦ ᠴᠢᠨᠠᠷ ᠶᠡᠭᠡ᠂ ᠰᠢᠯᠵᠢᠩᠭᠦᠢ ᠴᠢᠨᠠᠷ ᠢᠶᠠᠷ ᠴᠢᠩᠭ᠎ᠠ ᠵᠡᠷᠭᠡ ᠪᠣᠳᠠᠲᠤ ᠪᠠᠶᠢᠳᠠᠯ ᠳᠤ ᠴᠢᠭᠯᠡᠭᠦᠯᠦᠨ ᠲᠦᠷᠦᠯ ᠬᠤᠪᠢᠶᠠᠨ ᠲᠦᠷᠦ ᠶᠢᠨ ᠪᠣᠳᠣᠯᠭ᠎ᠠ ᠬᠡᠷᠡᠭᠵᠢᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠰᠦᠯᠵᠢᠶᠡᠨ ᠳᠡᠭᠡᠷ᠎ᠡ + ᠪᠤᠲᠠᠲᠤ ᠴᠤᠬᠴᠠ᠂ ᠲᠥᠪᠯᠡᠷᠡᠩᠬᠦᠢ + ᠣᠨᠴᠠᠭᠠᠢ᠂ ᠬᠢᠴᠢᠶᠡᠯ ᠤᠨ ᠲᠠᠩᠬᠢᠮ + ᠲᠤᠬᠠᠢ ᠶᠢᠨ ᠲᠠᠯᠠᠪᠠᠢ ᠵᠡᠷᠭᠡ ᠤᠯᠠᠨ ᠵᠦᠢᠯ ᠤᠨ ᠰᠤᠷᠤᠯᠴᠠᠬᠤ ᠬᠡᠯᠪᠡᠷᠢ ᠪᠠᠷ ᠨᠠᠮ ᠤᠨ ᠭᠡᠰᠢᠭᠦᠨ ᠤ ᠰᠤᠷᠤᠯᠴᠠᠯᠭ᠎ᠠ ᠶᠢᠨ ᠴᠢᠨᠠᠷ ᠴᠢᠨᠰᠠᠭ᠎ᠠ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠪᠡ︔ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠬᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ᠂ ︽ᠤᠯᠠᠭᠠᠨ ᠵᠥᠭᠡᠢ ᠤᠯᠠᠭ᠎ᠠ ᠦᠷᠳᠡᠭᠡ︾ ᠵᠡᠷᠭᠡ ᠵᠢᠭᠰᠠᠭᠠᠯ ᠤᠨ ᠭᠠᠵᠠᠷ ᠤᠨ ᠡᠬᠢ ᠪᠠᠶᠠᠯᠢᠭ ᠢ ᠢᠳᠡᠪᠬᠢᠲᠡᠢ ᠰᠠᠶᠢᠲᠤᠷ ᠠᠰᠢᠭᠯᠠᠬᠤ ᠶᠢ ᠵᠢᠯᠤᠭᠤᠳᠴᠤ᠂ ᠨᠠᠮ ᠤᠨ ᠭᠡᠰᠢᠭᠦᠳ ᠢ ᠵᠣᠬᠢᠶᠠᠨ ᠪᠠᠶᠢᠭᠤᠯᠵᠤ ︽ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠶᠢ ᠦᠢᠯᠡᠳᠪᠦᠷᠢ ᠶᠢᠨ ᠲᠠᠰᠤᠭ ᠲᠤ ᠣᠷᠣᠭᠤᠯᠬᠤ︾᠂ ︽ᠭᠤᠣᠯᠯᠠᠭᠴᠢ ᠨᠠᠮ ᠤᠨ ᠭᠡᠰᠢᠭᠦᠨ ᠢ ᠶᠠᠷᠢᠶᠠᠨ ᠤ ᠲᠠᠪᠴᠠᠩ ᠳᠤ ᠭᠠᠷᠭᠠᠬᠤ︾ ᠵᠡᠷᠭᠡ ᠰᠤᠷᠤᠯᠴᠠᠯᠭ᠎ᠠ ᠶᠢᠨ ᠠᠵᠢᠯᠯᠠᠭ᠎ᠠ ᠥᠷᠨᠢᠭᠦᠯᠪᠡ︔ ︽ᠳᠡᠷᠭᠡᠳᠡᠬᠢ ᠬᠡᠷᠡᠭ︾᠂ ︽ᠳᠡᠷᠭᠡᠳᠡᠬᠢ ᠶᠠᠪᠤᠲᠠᠯ︾ ᠢᠶᠠᠷ ᠳᠠᠮᠵᠢᠭᠤᠯᠤᠨ ︽ᠳᠡᠷᠭᠡᠳᠡᠬᠢ ᠬᠥᠮᠥᠨ︾ ᠢ ᠬᠦᠮᠦᠵᠢᠭᠦᠯᠦᠨ ᠰᠡᠷᠡᠮᠵᠢᠯᠡᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠢ ᠬᠥᠲᠥᠯᠥᠨ ᠵᠢᠯᠤᠭᠤᠳᠴᠤ᠂ ᠬᠡᠷᠡᠭ ᠢᠶᠠᠷ ᠲᠣᠯᠢ ᠪᠣᠯᠭᠠᠨ᠂ ᠪᠡᠶ᠎ᠡ ᠪᠠᠨ ᠲᠤᠩᠭᠠᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠥᠪᠡᠷ ᠪᠡᠶ᠎ᠡ ᠶᠢᠨ ᠬᠦᠯᠢᠶᠡᠰᠦᠯᠡᠯ ᠢᠶᠠᠨ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠪᠠ᠃    ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠡᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠢᠴᠢᠭ ᠮᠠᠲ᠋ᠧᠷᠢᠶᠠᠯ ᠢ ᠴᠣᠮᠬᠠᠳᠬᠠᠨ ᠬᠤᠷᠠᠯ ᠴᠤᠬᠯᠠᠭᠠᠨ ᠢ ᠴᠥᠭᠡᠳᠬᠡᠬᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠪᠡ᠃ ᠲᠣᠰ ᠰᠤᠷᠭᠠᠭᠤᠯᠢ ︽︿ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ﹀ ᠪᠠᠶᠢᠬᠤ ᠠᠰᠠᠭᠤᠳᠠᠯ ᠢ ᠬᠦᠨᠵᠡᠭᠡᠶᠢᠷᠡᠭᠦᠯᠦᠨ ᠴᠡᠭᠴᠡᠯᠡᠨ ᠵᠠᠰᠠᠬᠤ ᠲᠤᠬᠠᠢ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ 26 ᠵᠦᠢᠯ ᠤᠨ ᠠᠷᠭ᠎ᠠ ᠬᠡᠮᠵᠢᠶ᠎ᠡ︾ ᠶᠢ ᠲᠣᠭᠲᠠᠭᠠᠨ ᠳᠠᠷᠤᠮᠠᠯᠯᠠᠨ ᠲᠠᠷᠬᠠᠭᠠᠪᠠ᠃ ᠰᠤᠷᠭᠠᠭᠤᠯᠢ ᠶᠢᠨ ᠢᠶᠠᠨ ︽ᠣᠶᠤᠨᠲᠤ ᠠᠨᠠᠭᠠᠬᠤ ᠤᠬᠠᠭᠠᠨ ᠤ ᠶᠡᠭᠡ ᠰᠤᠷᠭᠠᠭᠤᠯᠢ︾ ︽i ᠠᠨᠠᠭᠠᠬᠤ ᠤᠬᠠᠭᠠᠨ ᠤ ᠶᠡᠭᠡ ᠰᠤᠷᠭᠠᠭᠤᠯᠢ︾ ᠵᠡᠷᠭᠡ ᠰᠦᠯᠵᠢᠶᠡᠨ ᠲᠠᠪᠴᠠᠩ ᠳᠤ ᠲᠦᠰᠢᠭᠯᠡᠨ᠂ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠬᠦᠢᠴᠡᠳᠬᠡᠬᠦ᠂ ᠠᠯᠠᠭᠠᠨ ᠳᠡᠭᠡᠷ᠎ᠡ ᠪᠠᠨ ᠬᠦᠢᠴᠡᠳᠬᠡᠬᠦ᠂ ᠨᠢᠭᠡ ᠯᠡ ᠤᠳᠠᠭ᠎ᠠ ᠳᠤ ᠬᠦᠢᠴᠡᠳᠬᠡᠬᠦ ᠶᠢ ᠶᠡᠭᠡ ᠪᠠᠷ ᠠᠬᠢᠭᠤᠯᠵᠤ᠂ ᠠᠵᠢᠯ ᠶᠠᠪᠤᠳᠠᠯ ᠭᠦᠢᠴᠡᠳᠬᠡᠬᠦ ᠲᠡᠰ ᠲᠠᠷᠠᠭᠠᠯᠠᠯ᠂ ᠠᠯᠬᠤᠮ ᠳᠠᠷᠠᠭ᠎ᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠴᠣᠮᠬᠠᠳᠬᠠᠵᠤ᠂ ᠣᠯᠠᠨ ᠵᠦᠢᠯ ᠤᠨ ᠭᠤᠣᠯ ᠪᠣᠯᠬᠤ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠪᠡ᠃ ᠣᠳᠣᠬᠠᠨ ᠳᠤ᠂ ᠰᠤᠷᠭᠠᠭᠤᠯᠢ ᠶᠢᠨ ᠨᠠᠮ ᠤᠨ ᠬᠤᠷᠢᠶ᠎ᠠ᠂ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠪᠠᠭᠤᠯᠭᠠᠬᠤ ᠲᠤᠭ᠎ᠠ ᠬᠡᠮᠵᠢᠶ᠎ᠡ ᠲᠠᠰᠤᠷᠠᠯᠲᠠ ᠥᠬᠡᠶ ᠪᠠᠭᠤᠷᠠᠵᠤ᠂ ᠪᠠᠭᠰᠢ ᠰᠤᠷᠤᠭᠴᠢᠳ ᠲᠤ ᠨᠠᠩ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠪᠠᠷ ᠦᠢᠯᠡᠴᠢᠯᠡᠵᠦ᠂ ᠨᠠᠮ ᠤᠨ ᠭᠡᠰᠢᠭᠦᠨ ᠺᠠᠳ᠋ᠷᠴᠤᠳ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠳᠠᠯᠢᠳᠬᠠᠨ ᠰᠤᠷᠴᠤ ᠭᠦᠭᠡᠭᠡᠵᠦ ᠭᠦᠢᠴᠡᠨ ᠳᠠᠪᠠᠭ᠋ᠤ ᠢᠳᠡᠪᠬᠢᠵᠢᠯ ᠲᠠᠢ ᠪᠤᠯᠪᠠ᠃    ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠢᠨ ᠵᠣᠬᠢᠶᠠᠨ ᠪᠠᠶᠢᠭᠤᠯᠤᠯᠲᠠ ᠪᠠᠨ ᠴᠢᠩᠭᠠᠳᠬᠠᠬᠤ᠂ ᠲᠣᠭᠲᠠᠴᠠ ᠪᠠᠶᠢᠭᠤᠯᠬᠤ᠂ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠪᠠᠷ ᠳᠠᠮᠵᠢᠨ᠂ ᠭᠤᠷᠪᠠᠨ ᠵᠦᠢᠯ ᠤᠨ ᠠᠵᠢᠯ ᠢ ᠬᠦᠴᠦᠲᠡᠢ ᠡᠮᠬᠢ ᠵᠢᠷᠤᠮ ᠲᠠᠢ ᠨᠢᠭᠡ ᠴᠤᠭᠴᠠᠵᠢᠭᠤᠯᠤᠨ ᠠᠬᠢᠭᠤᠯᠪᠠ᠃ ᠲᠣᠰ ᠲᠣᠭᠤᠷᠢᠭ ᠭᠤᠷᠪᠠᠨ ᠵᠦᠢᠯ ᠤᠨ ᠠᠵᠢᠯ ᠤᠨ ᠤᠤᠯ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠳᠠᠬᠢᠨ ᠪᠠᠶᠢᠭᠤᠯᠵᠤ ᠴᠡᠭᠴᠡᠯᠡᠨ ᠨᠡᠶᠢᠳᠬᠡᠵᠦ᠂ ᠡᠯ᠎ᠡ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠠᠳᠬᠤᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠪᠡ︔ ᠡᠭᠦᠷᠭᠡ ᠶᠢ ᠨᠢᠭᠡ ᠴᠣᠭᠴᠠᠵᠢᠭᠤᠯᠤᠨ ᠪᠠᠶᠢᠷᠢᠯᠠᠭᠤᠯᠬᠤ᠂ ᠪᠠᠶᠢᠳᠠᠯ ᠢ ᠨᠢᠭᠡ ᠴᠣᠭᠴᠠᠵᠢᠭᠤᠯᠤᠨ ᠲᠣᠬᠢᠷᠠᠭᠤᠯᠬᠤ᠂ ᠮᠡᠳᠡᠭᠡ ᠵᠠᠩᠭᠢ ᠶᠢ ᠨᠢᠭᠡ ᠴᠣᠭᠴᠠᠵᠢᠭᠤᠯᠤᠨ ᠬᠠᠮᠲᠤ ᠪᠠᠷ ᠡᠳ᠋ᠯᠡᠬᠦ᠂ ᠬᠢᠨᠠᠨ ᠪᠠᠶᠢᠴᠠᠭᠠᠬᠤ ᠶᠢ ᠨᠢᠭᠡ ᠴᠣᠭᠴᠠᠵᠢᠭᠤᠯᠤᠨ ᠥᠷᠨᠢᠭᠦᠯᠬᠦ᠂ ᠴᠡᠭᠴᠡᠯᠡᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠬᠤ᠂ ᠰᠡᠷᠡᠮᠵᠢᠯᠡᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠬᠤ᠂ ᠲᠣᠭᠲᠠᠴᠠ ᠶᠢ ᠨᠢᠭᠡ ᠴᠣᠭᠴᠠᠵᠢᠭᠤᠯᠤᠨ ᠪᠠᠶᠢᠭᠤᠯᠬᠤ᠂ ᠦᠷ᠎ᠡ ᠪᠦᠲᠦᠭᠡᠯ ᠢ ᠨᠢᠭᠡ ᠴᠣᠭᠴᠠᠵᠢᠭᠤᠯᠤᠨ ᠬᠡᠷᠡᠭᠯᠡᠬᠦ ᠠᠵᠢᠯ ᠤᠨ ᠲᠣᠭᠲᠠᠴᠠ ᠶᠢ ᠪᠠᠶᠢᠭᠤᠯᠪᠠ᠃ ᠣᠳᠣᠬᠠᠨ ᠪᠣᠯᠲᠠᠯ᠎ᠠ᠂ 29 ᠨᠡᠶᠢᠲᠡᠯᠢᠭ ᠴᠢᠨᠠᠷᠲᠠᠶ ᠠᠰᠠᠭᠤᠳᠠᠯ ᠢ ᠴᠡᠭᠴᠡᠯᠡᠨ ᠨᠡᠶᠢᠳᠬᠡᠵᠦ᠂ 8 ᠨᠡᠶᠢᠲᠡᠯᠢᠭ ᠴᠢᠨᠠᠷᠲᠠᠶ ᠬᠡᠷᠡᠭ ᠤᠨ ᠵᠢᠱᠢᠶ᠎ᠡ ᠶᠢ ᠰᠣᠩᠭᠤᠨ ᠰᠡᠷᠡᠮᠵᠢᠯᠡᠭᠦᠯᠬᠦ ᠬᠥᠮᠦᠵᠢᠯ ᠢ ᠭᠦᠨᠵᠡᠭᠡᠶ ᠥᠷᠨᠢᠭᠦᠯᠵᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠡᠷᠡᠯ ᠤᠨ ᠠᠰᠠᠭᠤᠳᠠᠯ ᠢ 6 ᠪᠠᠶᠢᠴᠠᠭᠠᠨ ᠰᠢᠢᠳᠪᠦᠷᠢᠯᠡᠪᠡ︔ ᠳᠡᠭᠡᠷ᠎ᠠ ᠳᠤᠤᠷ᠎ᠠ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠠᠳᠠᠯᠢ ᠠᠰᠠᠭᠤᠳᠠᠯ ᠢ ᠬᠠᠮᠲᠤ ᠪᠠᠷ ᠰᠶᠢᠳᠪᠦᠷᠢᠯᠡᠬᠦ ᠶᠢ ᠪᠠᠷᠢᠮᠲᠠᠯᠠᠵᠤ᠂ ᠪᠥᠬᠦ ᠣᠷᠣᠨ ᠤ 72 ᠨᠢᠭᠡᠴᠢ᠂ 505 ᠦᠨᠳᠦᠰᠦᠨ ᠱᠠᠲᠤᠨ ᠤ ᠨᠠᠮ  ᠤᠨ ᠡᠭᠦᠷ  ᠲᠤ ᠪᠦᠬᠦᠨ  ᠢ ᠬᠠᠮᠤᠷᠤᠭᠰᠠᠨ ᠬᠢᠨᠠᠨ ᠪᠠᠶᠢᠴᠠᠭᠠᠯᠲᠠ ᠥᠷᠨᠢᠭᠦᠯᠵᠦ᠂ ᠡᠯ᠎ᠡ ᠰᠠᠯᠠᠭ᠎ᠠ ᠮᠥᠴᠢᠷ ᠨᠢᠭᠡᠴᠢ  ᠶᠢᠨ ᠬᠢᠨ  ᠢ ᠵᠢᠯᠣᠭᠤᠳᠤᠨ ᠨᠢᠭᠡ  ᠠᠴᠠ ᠵᠦᠢᠴᠢᠯᠡᠨ ᠨᠥᠭᠦᠭᠡ  ᠶᠢ ᠮᠡᠳᠡᠵᠦ ᠴᠡᠭᠴᠡᠯᠡᠨ ᠰᠠᠶᠢᠵᠢᠷᠠᠭᠤᠯᠬᠤ ᠠᠵᠢᠯ  ᠢ ᠪᠥᠬᠦ ᠲᠠᠯ᠎ᠠ ᠪᠠᠷ ᠪᠡᠶᠡᠯᠡᠭᠦᠯᠪᠡ᠃    ᠲᠦᠩᠯᠢᠶᠣᠤ ᠬᠤᠳᠠ ᠶᠢᠨ ᠺᠠᠶᠢᠯᠦ ᠰᠢᠶᠠᠨ ᠤ ᠬᠢᠨ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠡᠷᠡᠯ ᠢ ᠡᠰᠡᠷᠭᠦᠴᠡᠬᠦ ᠠᠵᠢᠯ ᠢ ᠨᠢᠭᠡ ᠴᠤᠬᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠭᠤᠷᠪᠠᠨ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ︽ᠬᠠᠮ ᠬᠠᠭᠤᠳᠠᠰᠤ︾ ᠶᠢ ᠰᠠᠶᠢᠲᠤᠷ ᠬᠠᠷᠢᠭᠤᠯᠪᠠ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠬᠢ ᠡᠷᠬᠢᠯᠡᠵᠦ᠂ ᠨᠠᠮ ᠤᠨ ᠭᠡᠰᠢᠭᠦᠨ ᠤᠳᠤᠷᠢᠳᠬᠤ ᠺᠠᠳ᠋ᠷ ᠬᠠᠷᠢᠯᠴᠠᠬᠤ ᠴᠡᠭ ᠲᠡᠭᠡᠨ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠵᠤ᠂ ᠨᠠᠮ ᠤᠨ ᠭᠡᠰᠢᠭᠦᠨ ᠺᠠᠳ᠋ᠷᠴᠤᠳ ᠠᠴᠠ ᠭᠦᠨᠵᠡᠭᠡᠢ ᠰᠤᠷᠤᠯᠴᠠᠨ ᠨᠢᠮᠪᠠᠢ ᠣᠶᠢᠯᠠᠭᠠᠵᠤ ᠪᠠᠲᠤᠲᠠᠢ ᠦᠢᠯᠡᠳᠦᠯᠭᠡᠵᠢᠭᠦᠯᠵᠦ᠂ ᠰᠠᠬᠢᠯᠭ᠎ᠠ ᠪᠠᠲᠤ ᠰᠤᠷᠤᠯᠴᠠᠬᠤ ᠰᠠᠬᠢᠯᠭ᠎ᠠ ᠪᠠᠲᠤ ᠶᠢ ᠣᠶᠢᠯᠠᠭᠠᠬᠤ ᠪᠠᠷ ᠰᠠᠬᠢᠯᠭ᠎ᠠ ᠪᠠᠲᠤ ᠰᠠᠬᠢᠬᠤ ᠰᠠᠭᠤᠷᠢ ᠶᠢ ᠪᠠᠬᠢᠵᠢᠭᠦᠯᠪᠡ᠃ ᠲᠤᠰ ᠰᠢᠶᠠᠨ ᠪᠢᠴᠢᠭ ᠮᠠᠲ᠋ᠧᠷᠢᠶᠠᠯ ᠬᠤᠷᠠᠯ ᠴᠤᠭᠯᠠᠭᠠᠨ᠂ ᠱᠠᠯᠠᠪᠳᠠᠭᠤᠯᠤᠨ ᠪᠠᠶᠢᠴᠠᠭᠠᠯᠲᠠ ᠶᠢ ᠦᠨᠡᠨ ᠬᠦ ᠪᠠᠭᠠᠰᠬᠠᠵᠤ᠂ ᠬᠤᠷᠤᠭᠤᠨ ᠦᠵᠦᠭᠦᠷ ᠤᠨ ᠳᠠᠷᠤᠭᠠᠰᠤ ᠶᠢ ᠬᠥᠩᠭᠡᠷᠡᠭᠦᠯᠵᠦ᠂ 466 ᠵᠢᠷᠭᠢᠶ᠎ᠡ ᠶᠢᠨ ᠬᠤᠯᠪᠤᠭ᠎ᠠ ᠶᠢ ᠴᠡᠭᠴᠡᠯᠡᠨ ᠨᠡᠶᠢᠳᠭᠡᠵᠦ᠂ 148 ᠬᠦᠰᠦᠨᠦᠭᠲᠦ᠂ 27 ᠡᠭᠡ ᠲᠠᠩᠰᠠ᠂ 55 ᠢᠵᠢ ᠳᠠᠩᠰᠠ ᠡᠪᠬᠡᠮᠡᠯ ᠢ ᠴᠣᠮᠬᠠᠳᠬᠠᠵᠤ᠂ ᠦᠨᠳᠦᠰᠦᠨ ᠱᠠᠲᠤᠨ ᠤ ᠺᠠᠳ᠋ᠷᠴᠤᠳ ᠨᠡᠩ ᠤᠯᠠᠨ ᠴᠠᠭ ᠪᠠ ᠬᠦᠴᠦᠨ ᠴᠢᠳᠠᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠥᠭᠵᠢᠯᠲᠡ ᠶᠢ ᠠᠬᠢᠭᠤᠯᠬᠤ ᠪᠤᠯᠭᠠᠪᠠ᠃ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ 18 ᠳᠤᠪᠤᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠤᠳᠤᠷᠢᠳᠬᠤ ᠺᠠᠳ᠋ᠷᠴᠤᠳ ᠤᠨ ᠬᠡᠷᠡᠭ ᠢ ᠳᠠᠭᠠᠭᠠᠴᠢᠯᠠᠬᠤ ᠲᠣᠭᠲᠠᠴᠠ ᠶᠢ ᠭᠦᠨᠵᠡᠭᠡᠶᠢᠷᠡᠭᠦᠯᠵᠦ᠂ ᠠᠷᠠᠳ ᠤᠯᠠᠨ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠨᠡᠨ ᠬᠦ ᠮᠡᠳᠡᠷᠡᠭᠦᠯᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号