ᠠᠯᠠᠱᠠ᠄ ᠳᠦᠷᠪᠡᠨ ᠳᠠᠯ᠎ᠠ ᠪᠠᠷ ᠬᠦᠴᠦᠯᠡᠵᠦ᠂ ᠰᠢᠨ᠎ᠡ ᠴᠠᠭ ᠦᠶ᠎ᠡ ᠶᠢᠨ ᠴᠡᠷᠢᠭ ᠠᠴᠠ ᠬᠠᠯᠠᠭᠳᠠᠭᠰᠠᠳ ᠤᠨ ᠴᠢᠨᠠᠷ ᠰᠠᠶᠢᠲᠠᠢ ᠠᠵᠢᠯ ᠣᠯᠵᠤ ᠦᠢᠯᠡᠰ ᠪᠤᠰᠬᠠᠬᠤ ᠶᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2024/7/31
     ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ᠂ ᠦᠨᠳᠦᠰᠦᠨ ᠢᠨᠵᠧᠨᠧᠷᠢᠩ ᠮᠥᠨ᠂ ᠪᠠᠰᠠ ᠴᠤ ᠴᠡᠷᠢᠭ ᠠᠴᠠ ᠬᠠᠯᠠᠭᠳᠠᠭᠰᠠᠳ ᠤᠨ ᠭᠤᠤᠯ ᠠᠩᠬᠠᠷᠴᠦ ᠪᠠᠶᠢᠭ᠎ᠠ ᠵᠦᠢᠯ ᠪᠣᠯᠤᠨ᠎ᠠ᠃ ᠴᠡᠷᠢᠭ ᠠᠴᠠ ᠬᠠᠯᠠᠭᠳᠠᠭᠰᠠᠳ ᠤᠨ ᠴᠢᠨᠠᠷ ᠰᠠᠶᠢᠲᠠᠢ ᠠᠵᠢᠯ ᠣᠯᠵᠤ ᠦᠢᠯᠡᠰ ᠪᠤᠰᠬᠠᠬᠤ ᠶᠢ ᠬᠡᠷᠬᠢᠨ ᠠᠬᠢᠭᠤᠯᠬᠤ ᠪᠤᠢ︖ ᠠᠯᠠᠱᠠ ᠠᠶᠢᠮᠠᠭ ᠤᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠶᠠᠨ ᠡᠨᠡ ᠳᠣᠬᠠᠢ ᠶᠠᠷᠢᠯᠴᠠᠯᠭ᠎ᠠ ᠦᠭᠪᠡ᠃     ᠰᠣᠷᠪᠣᠯᠵᠢᠯᠠᠭᠴᠢ᠄ ᠠᠯᠠᠱᠠ ᠠᠶᠢᠮᠠᠭ ᠴᠡᠷᠢᠭ ᠠᠴᠠ ᠬᠠᠯᠠᠭᠳᠠᠭᠰᠠᠳ ᠤᠨ ᠴᠢᠨᠠᠷ ᠰᠠᠶᠢᠲᠠᠢ ᠠᠵᠢᠯ ᠣᠯᠵᠤ ᠦᠢᠯᠡᠰ ᠪᠤᠰᠬᠠᠬᠤ ᠶᠢ ᠬᠡᠷᠬᠢᠨ ᠠᠬᠢᠭᠤᠯᠵᠦ ᠪᠠᠶᠢᠨ᠎ᠠ ᠪᠤᠢ︖     ᠯᠢᠦ ᠶᠠᠨ᠄ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠬᠦᠴᠦᠨ ᠢ ᠴᠢᠩᠭᠠᠷᠠᠭᠤᠯᠪᠠ     ᠥᠪᠡᠷᠲᠡᠭᠡᠨ ᠵᠠᠰᠠᠬᠤ ᠣᠷᠣᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠤᠨ ︽ᠲᠤᠯᠤᠭᠠᠨ ᠨᠢᠭᠡ ᠪᠦᠯᠦᠭ︾᠎ ᠤᠨ ᠠᠷᠭ᠎ᠠ ᠬᠡᠮᠵᠢᠶ᠎ᠡ ᠶᠢ ᠡᠮᠬᠢ ᠵᠢᠷᠤᠮ ᠲᠠᠢ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠳᠤᠮᠳᠠ ᠴᠡᠷᠢᠭ ᠠᠴᠠ ᠬᠠᠯᠠᠭᠳᠠᠭᠰᠠᠳ ᠤᠨ ᠲᠤᠰᠬᠠᠶ ᠠᠵᠢᠯ ᠤᠨ ᠪᠠᠶᠢᠷᠢ ᠳᠣᠭᠢᠷᠠᠭᠤᠯᠵᠤ᠂ ᠨᠡᠶᠢᠲᠡ 33 ᠴᠡᠷᠢᠭ ᠠᠴᠠ ᠬᠠᠯᠠᠭᠳᠠᠭᠰᠠᠳ ᠲᠤ ᠣᠷᠣᠨ ᠲᠤᠭ᠎ᠠ ᠶᠢᠨ ᠠᠰᠠᠭᠤᠳᠠᠯ ᠢ ᠰᠢᠢᠳᠪᠦᠷᠢᠯᠡᠪᠡ︔ ᠴᠡᠷᠢᠭ ᠢ ᠳᠠᠭᠠᠵᠤ ᠠᠵᠢᠯᠯᠠᠬᠤ᠂ ᠬᠠᠨᠳᠤᠯᠭ᠎ᠠ ᠲᠠᠢ ᠪᠠᠷ ᠢᠯᠡ ᠪᠠᠷ ᠰᠢᠯᠭᠠᠨ ᠡᠯᠰᠡᠬᠦ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠳᠣᠬᠢᠷᠠᠭᠤᠯᠵᠦ ᠰᠠᠭᠤᠷᠢ ᠠᠴᠠ ᠨᠢ ᠪᠠᠲᠤᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ 182 ᠴᠡᠷᠢᠭ ᠤᠨ ᠭᠡᠷ ᠪᠦᠯᠢ ᠶᠢ ᠰᠢᠯᠭᠠᠨ ᠡᠯᠰᠡᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠴᠡᠷᠢᠭ ᠤᠨ ᠭᠡᠷ ᠪᠦᠯᠢ 400 ᠭᠠᠷᠤᠶ ᠬᠥᠮᠦᠨ ᠢ ᠲᠥᠪᠬᠢᠨᠡᠭᠦᠯᠪᠡ︔ ᠬᠢᠯᠢ ᠬᠢᠵᠠᠭᠠᠷ ᠣᠷᠣᠨ ᠤ ︽ᠬᠦᠨᠳᠡᠶᠢᠷᠡᠬᠦ︾ ᠠᠰᠠᠭᠤᠳᠠᠯ ᠢ ᠠᠩᠬᠠᠷᠴᠤ᠂ ᠨᠠᠩ ᠣᠯᠠᠨ ᠬᠥᠮᠦᠨ ᠠᠵᠢᠯ ᠦᠢᠯᠡᠰ ᠪᠤᠰᠬᠠᠵᠤ᠂ ᠬᠢᠯᠢ ᠬᠢᠵᠠᠭᠠᠷ ᠢ ᠰᠠᠬᠢᠨ ᠬᠠᠮᠠᠭᠠᠯᠠᠵᠤ᠂ ᠠᠯᠠᠱᠠ ᠠᠶᠢᠮᠠᠭ ᠤᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ 8 ᠴᠡᠷᠢᠭ ᠠᠴᠠ ᠬᠠᠯᠠᠭᠳᠠᠭᠰᠠᠳ ᠢ ᠬᠠᠨᠳᠤᠯᠭ᠎ᠠ ᠲᠠᠢ ᠪᠠᠷ ᠡᠯᠰᠡᠪᠡ︔ ︽ᠴᠡᠷᠢᠭ ᠠᠴᠠ ᠬᠠᠯᠠᠭᠳᠠᠭᠰᠠᠨ ᠪᠠᠭᠰᠢ︾᠎ ᠶᠢ ᠰᠢᠯᠢᠨ ᠳᠡᠪᠰᠢᠭᠦᠯᠵᠦ ᠬᠥᠮᠦᠵᠢᠭᠦᠯᠬᠦ ᠲᠣᠭᠲᠠᠴᠠ ᠶᠢ ᠬᠠᠶᠢᠨ ᠰᠦᠪᠡᠭᠴᠢᠯᠡᠵᠦ᠂ ᠰᠢᠯᠢᠳᠡᠭ ︽ᠴᠡᠷᠢᠭ ᠠᠴᠠ ᠬᠠᠯᠠᠭᠳᠠᠭᠰᠠᠨ ᠪᠠᠭᠰᠢ︾ ᠰᠤᠷᠭᠠᠨ ᠬᠥᠮᠦᠵᠢᠯ ᠤᠨ ᠠᠵᠢᠯ ᠲᠥᠷᠥᠯ ᠳᠤ ᠳᠠᠪᠠᠭᠤᠯᠢᠭ ᠢᠶᠠᠨ ᠪᠠᠳᠠᠷᠠᠭᠤᠯᠵᠤ᠂ ᠰᠢᠨ᠎ᠡ ᠭᠠᠪᠢᠶ᠎ᠠ ᠪᠠᠶᠢᠭᠤᠯᠬᠤ ᠶᠢ ᠠᠬᠢᠭᠤᠯᠪᠠ᠃
1.jpg
    ᠪᠣᠯᠪᠠᠰᠤᠷᠠᠯ ᠤᠨ ᠠᠭᠤᠯᠭ᠎ᠠ ᠶᠢ ᠪᠠᠶᠠᠯᠢᠭᠵᠢᠭᠤᠯᠵᠤ᠂ ᠬᠥᠮᠦᠵᠢᠯ ᠪᠣᠯᠪᠠᠰᠤᠷᠠᠯ ᠤᠨ ᠲᠠᠲᠠᠬᠤ ᠬᠦᠴᠦᠨ ᠢ ᠳᠡᠭᠡᠭᠰᠢᠯᠡᠭᠦᠯᠪᠠ    ᠴᠡᠷᠢᠭ ᠠᠴᠠ ᠬᠠᠯᠠᠭᠳᠠᠭᠰᠠᠳ ᠤᠨ ᠣᠨᠴᠠᠯᠢᠭ ᠪᠠ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠠᠭᠤᠯᠭ᠎ᠠ ᠶᠢᠨ ᠲᠣᠬᠢᠷᠠᠭᠤᠯᠤᠯᠲᠠ᠂ ᠬᠢᠴᠢᠶᠡᠯ ᠤᠨ ᠪᠠᠶᠢᠷᠢᠯᠠᠭᠤᠯᠤᠯᠲᠠ᠂ ᠦᠢᠯᠡᠴᠢᠯᠡᠭᠡ ᠬᠠᠮᠢᠶᠠᠷᠤᠯᠲᠠ ᠵᠡᠷᠭᠡ ᠲᠠᠯ᠎ᠠ ᠪᠠᠷ ᠣᠳᠣᠬᠠᠨ ᠤ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠪᠣᠳᠠᠲᠠᠶ ᠲᠠᠢ ᠨᠢᠭᠲᠠ ᠤᠶᠠᠯᠳᠤᠭᠤᠯᠤᠨ᠂ ᠴᠡᠷᠢᠭ ᠠᠴᠠ ᠬᠠᠯᠠᠭᠳᠠᠭᠰᠠᠳ ᠲᠤ ︽ᠵᠠᠬᠢᠶᠠᠯᠠᠭ᠎ᠠ ᠶᠢᠨ ᠮᠠᠶ᠋ᠢᠭ︾᠎ ᠤᠨ ᠪᠣᠯᠪᠠᠰᠤᠷᠠᠯ ᠤᠨ ᠠᠭᠤᠯᠭ᠎ᠠ ᠶᠢ ᠪᠡᠶᠡᠴᠢᠯᠡᠨ ᠲᠣᠭᠲᠠᠭᠠᠵᠤ ᠦᠭᠪᠡ᠃ ᠣᠳᠣᠬᠠᠨ ᠳᠤ᠂ ᠨᠡᠶᠢᠲᠡ 7 ᠬᠤᠭᠤᠴᠠᠭᠠᠨ ᠤ ᠰᠦᠯᠵᠢᠶᠡᠨ ᠭᠠᠳᠠᠨᠠᠬᠢ ᠵᠣᠬᠢᠴᠠᠬᠤ ᠴᠢᠨᠠᠷᠲᠠᠶ ᠪᠣᠯᠪᠠᠰᠤᠷᠠᠯ ᠡᠷᠭᠢᠯᠡᠵᠦ᠂ 140 ᠬᠥᠮᠦᠨ ᠪᠣᠯᠪᠠᠰᠤᠷᠠᠯ ᠳᠤ ᠣᠷᠣᠯᠴᠠᠵᠤ᠂ 204 ᠴᠡᠷᠢᠭ ᠠᠴᠠ ᠬᠠᠯᠠᠭᠳᠠᠭᠰᠠᠳ ᠲᠤ ᠮᠠᠰᠢᠨ ᠲᠡᠷᠭᠡ ᠵᠢᠯᠣᠭᠤᠳᠬᠤ᠂ ᠨᠡᠭᠦᠷᠡᠰᠦᠨ ᠤ ᠪᠤᠰᠤ ᠠᠭᠤᠷᠬᠠᠶ ᠶᠢᠨ ᠠᠮᠤᠷ ᠲᠦᠪᠰᠢᠨ ᠤ ᠠᠵᠢᠯᠲᠠᠨ᠂ ᠵᠢᠯᠣᠭᠤᠴᠢ ᠥᠬᠡᠶ ᠳᠦᠭᠦᠭᠡᠷᠦᠮᠵᠢ ᠵᠢᠯᠣᠭᠤᠳᠬᠤ ᠵᠡᠷᠭᠡ ᠣᠨᠣᠪᠴᠢᠲᠠᠶ᠂ ᠥᠪᠡᠷᠮᠢᠴᠡ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠦᠢᠯᠡᠴᠢᠯᠡᠭᠡ ᠬᠠᠩᠭᠠᠵᠤ᠂ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠠᠴᠠ ᠬᠠᠯᠠᠭᠳᠠᠭᠰᠠᠳ ᠤᠨ ᠠᠵᠢᠯ ᠤᠯᠬᠤ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃
2.jpg
      ᠬᠠᠩᠭᠠᠯᠭ᠎ᠠ ᠬᠡᠷᠡᠭᠴᠡᠭᠡᠨ ᠤ ᠳᠠᠪᠴᠠᠩ ᠢ ᠪᠠᠶᠢᠭᠤᠯᠵᠤ᠂ ᠠᠵᠢᠯ ᠤᠯᠭᠤᠬᠤ ᠵᠠᠮ ᠮᠦᠷ ᠢ ᠦᠷᠭᠡᠵᠢᠬᠦᠯᠪᠡ      ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ᠂ ᠠᠯᠠᠱᠠ ᠠᠶᠢᠮᠠᠭ ᠤᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠸᠢᠴᠠᠲ ᠲᠤ ᠴᠡᠷᠢᠭ ᠠᠴᠠ ᠬᠠᠯᠠᠭᠳᠠᠭᠰᠠᠳ ᠤᠨ ︽ᠠᠵᠢᠯ ᠣᠯᠵᠤ ᠦᠢᠯᠡᠰ ᠴᠣᠭᠴᠠᠯᠠᠬᠤ︾ ᠪᠣᠯᠣᠩ ᠢ ᠳᠣᠬᠢᠷᠠᠭᠤᠯᠵᠦ᠂ ᠴᠡᠷᠢᠭ ᠠᠴᠠ ᠬᠠᠯᠠᠭᠳᠠᠭᠰᠠᠳ ᠤᠨ ᠠᠵᠢᠯ ᠡᠷᠢᠬᠦ ᠮᠡᠳᠡᠭᠡ ᠵᠠᠩᠭᠢ ᠶᠢ ᠬᠠᠮᠢᠶ᠎ᠠ ᠪᠥᠬᠦᠶ ᠠᠵᠢᠯᠴᠢᠨ ᠬᠡᠷᠡᠭᠯᠡᠬᠦ ᠨᠢᠬᠡᠴᠡ ᠳᠤ ᠣᠨᠣᠪᠴᠢᠲᠠᠶ ᠬᠦᠷᠭᠡᠵᠦ᠂ ᠠᠵᠢᠯ ᠡᠷᠢᠭᠴᠢ ᠪᠠ ᠠᠵᠢᠯᠴᠢᠨ ᠬᠡᠷᠡᠭᠯᠡᠬᠦ ᠨᠢᠬᠡᠴᠡ ᠨᠠᠷᠢᠯᠢᠭ ᠣᠨᠣᠪᠴᠢᠳᠠᠢ ᠪᠠᠷ ᠳᠣᠭᠢᠷᠠᠭᠤᠯᠦᠨ᠂ ᠠᠵᠢᠯᠲᠠᠨ ᠡᠯᠰᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ︔ ᠠᠵᠢᠯᠲᠠᠨ ᠡᠯᠰᠡᠬᠦ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠲᠤᠰᠬᠠᠶ ᠠᠵᠢᠯᠲᠠᠨ ᠡᠯᠰᠡᠬᠦ  ᠠᠵᠢᠯᠯᠠᠭ᠎ᠠ ᠶᠢ ᠨᠡᠶᠢᠲᠡ 45 ᠤᠳᠠᠭ᠎ᠠ ᠡᠷᠭᠢᠯᠡᠵᠦ᠂ 8000 ᠭᠠᠷᠤᠶ ᠠᠵᠢᠯ ᠤᠨ ᠪᠠᠶᠢᠷᠢ ᠬᠠᠩᠭᠠᠪᠠ︔ ᠴᠢᠩ ᠬᠤᠸᠠ ᠪᠦᠯᠦᠭᠯᠡᠯ᠂ ᠷᠦᠢ ᠳ᠋ᠠ ᠬᠢᠮᠢ ᠶᠢᠨ ᠠᠵᠤ ᠦᠢᠯᠡᠳᠪᠦᠷᠢ ᠵᠡᠷᠭᠡ 7 ᠠᠵᠤ ᠠᠬᠤᠶᠢᠯᠠᠯ ᠲᠠᠢ ᠴᠡᠷᠢᠭ ᠠᠴᠠ ᠬᠠᠯᠠᠭᠳᠠᠭᠰᠠᠳ ᠤᠨ ᠠᠵᠢᠯ ᠣᠯᠭᠤᠯᠲᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠶᠢ ᠨᠠᠷᠢᠯᠢᠭ ᠣᠨᠣᠪᠴᠢᠳᠠᠢ ᠪᠠᠷ ᠵᠣᠯᠭᠠᠭᠤᠯᠬᠤ ᠶᠢ ᠠᠬᠢᠭᠤᠯᠵᠤ᠂ ᠴᠡᠷᠢᠭ ᠠᠴᠠ ᠬᠠᠯᠠᠭᠳᠠᠭᠰᠠᠳ ᠤᠨ ᠴᠢᠨᠠᠷ ᠰᠠᠶᠢᠲᠠᠶ ᠠᠵᠢᠯ ᠣᠯᠭᠤᠯᠲᠠ ᠶᠢᠨ ᠰᠢᠨ᠎ᠡ ᠠᠷᠭ᠎ᠠ ᠵᠠᠮ ᠢ ᠨᠡᠭᠡᠭᠡᠪᠡ᠃
3.jpg
     ᠠᠴᠢᠶᠠᠯᠠᠪᠤᠷᠢ ᠶᠢᠨ ᠪᠠᠶᠢᠭᠤᠯᠤᠯᠲᠠ ᠶᠢ ᠠᠬᠢᠭᠤᠯᠵᠤ᠂ ᠠᠵᠢᠯ ᠣᠯᠭᠤᠬᠤ ᠦᠢᠯᠡᠰ ᠪᠣᠰᠬᠠᠬᠤ ᠰᠢᠨ᠎ᠡ ᠠᠮᠢᠵᠢᠷᠠᠯ ᠤᠨ ᠬᠦᠴᠦᠨ ᠢ ᠭᠦᠭᠵᠢᠭᠡᠪᠡ     ︽1+5+N︾ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠨ᠎ᠡ ᠡᠵᠡᠩᠨᠡᠯᠲᠡ ᠶᠢᠨ ᠣᠶᠢᠯᠠᠭᠠᠭᠳᠠᠬᠤᠨ ᠢ ᠪᠣᠢ ᠪᠣᠯᠭᠠᠵᠦ᠂ ︽ᠠᠯᠠᠱᠠ ᠠᠶᠢᠮᠠᠭ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ︾᠎ ᠢᠶᠠᠷ ᠳᠠᠮᠵᠢᠭᠤᠯᠤᠨ᠂ ᠭᠤᠸᠠᠩᠵᠧᠦ᠂ ᠱᠠᠩᠬᠠᠶ᠂ ᠪᠡᠭᠡᠵᠢᠩ᠂ ᠰᠢᠶᠠᠮᠧᠨ᠂ ᠢᠷᠭᠠᠢ ᠵᠡᠷᠭᠡ ᠲᠠᠪᠤᠨ ᠭᠠᠵᠠᠷ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠠᠴᠢᠶᠠᠯᠠᠪᠤᠷᠢ ᠶᠢ ᠠᠰᠢᠭᠯᠠᠨ᠂ ︽N︾ ᠵᠢᠵᠢᠭ ᠠᠵᠤ ᠠᠬᠤᠶᠢᠯᠠᠯ ᠢ ᠨᠡᠪᠲᠡᠷᠡᠭᠦᠯᠵᠦ᠂ ᠠᠵᠤ ᠠᠬᠤᠶᠢᠯᠠᠯ ᠢ ᠲᠦᠷᠭᠡᠨ ᠪᠤᠶᠢᠵᠢᠭᠤᠯᠤᠨ᠂ 12 ᠠᠵᠤ ᠠᠬᠤᠶᠢᠯᠠᠯ ᠭᠡᠷ᠎ᠡ ᠲᠣᠭᠲᠠᠪᠠ᠃ ︽ᠴᠡᠷᠢᠭ ᠢ ᠬᠦᠨᠳᠦᠳᠭᠡᠬᠦ ᠨᠡᠷᠡᠮᠵᠢᠳᠦ ᠵᠢᠭᠡᠯᠡᠯᠭᠡ︾᠎ ᠶᠢᠨ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠢ ᠭᠠᠷᠭᠠᠵᠤ᠂ ᠴᠡᠷᠢᠭ ᠠᠴᠠ ᠬᠠᠯᠠᠭᠳᠠᠭᠰᠠᠳ ᠲᠤ ᠪᠠᠷᠢᠴᠠᠭ᠎ᠠ ᠶᠢ ᠬᠡᠯᠲᠦᠷᠢᠭᠦᠯᠦᠭᠰᠡᠨ᠂ ᠳᠠᠭᠠᠭᠠᠯᠲᠠ ᠠᠴᠠ ᠬᠡᠯᠲᠦᠷᠢᠭᠦᠯᠬᠦ ᠢᠲᠡᠭᠡᠮᠵᠢᠲᠦ ᠵᠢᠭᠡᠯᠡᠯᠭᠡ ᠪᠠ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ 2000 ᠭᠠᠷᠤᠶ ᠲᠦᠮᠡᠨ ᠲᠥᠭᠦᠷᠢᠭ ᠲᠠᠯᠪᠢᠵᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠢ ᠵᠣᠬᠢᠴᠠᠭᠤᠯᠤᠨ ᠴᠡᠷᠢᠭ ᠤᠨ ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ ᠳᠤ ᠨᠡᠶᠢᠲᠡ 700 ᠭᠠᠷᠤᠶ ᠲᠦᠮᠡᠨ ᠲᠥᠭᠦᠷᠢᠭ ᠤᠨ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠬᠠᠷᠠᠭᠠᠯᠵᠠᠯ ᠬᠦᠷᠲᠡᠭᠡᠵᠦ᠂ ᠨᠡᠶᠢᠲᠡ 50 ᠭᠠᠷᠤᠶ ᠴᠡᠷᠢᠭ ᠠᠴᠠ ᠬᠠᠯᠠᠭᠳᠠᠭᠰᠠᠳ ᠪᠠ 10 ᠴᠡᠷᠢᠭ ᠤᠨ ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠵᠠᠮ ᠢᠶᠠᠷ ᠵᠠᠮᠨᠠᠬᠤ ᠶᠢ ᠳᠡᠮᠵᠢᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号