ᠣᠯᠢᠮᠫᠢᠺ ᠤᠨ ᠲᠠᠮᠢᠷ ᠤᠨ ᠴᠤᠭᠯᠠᠭᠠᠨ ᠳᠡᠭᠡᠷ᠎ᠡ ᠤᠯᠠᠭᠠᠨᠪᠤᠬ᠎ᠠ ᠶᠢᠨ ᠡᠯᠡᠰᠦᠨ ᠴᠥᠯ ᠬᠠᠯᠠᠮᠰᠢᠯ ᠪᠤᠯᠤᠯ᠎ᠠ
ᠨᠡᠶᠢᠲᠡᠯᠡᠭᠰᠡᠨ ᠴᠠᠭ᠄
2024/7/31
    ᠶᠠᠭ ᠶᠠᠪᠤᠭᠳᠠᠵᠦ ᠪᠠᠶᠢᠭ᠎ᠠ ᠫᠠᠷᠢᠰ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠡᠭᠡᠷ᠎ᠡ ᠤᠯᠠᠭᠠᠨᠪᠤᠬ᠎ᠠ ᠶᠢᠨ ᠡᠯᠡᠰᠦᠨ ᠴᠦᠯ ᠢ ︽ᠲᠡᠯᠭᠡᠨ ᠦᠵᠡᠭᠦᠯᠦᠭᠰᠡᠨ︾ ᠨᠢ ᠬᠦᠮᠦᠰ ᠤᠨ ᠰᠠᠨᠠᠭᠠᠨ ᠳᠤ ᠤᠷᠤᠮ᠎ᠠ ᠦᠭᠡᠢ ᠭᠠᠶᠢᠬᠠᠯᠲᠠᠢ ᠰᠠᠨᠠᠭᠳᠠᠵᠤ ᠪᠠᠶᠢᠯ᠎ᠠ᠃ ᠮᠧᠩ ᠨᠢᠦ ᠪᠦᠯᠦᠭᠯᠡᠯ ᠨᠢ ᠣᠯᠢᠮᠫᠢᠺ ᠤᠨ ᠪᠥᠬᠦ ᠪᠥᠮᠪᠥᠷᠴᠡᠭ ᠤᠨ ᠬᠠᠮᠲᠤᠷᠠᠯᠴᠠᠭᠠᠨ ᠤ ᠬᠠᠨᠢᠲᠠᠨ ᠪᠣᠯᠤᠭᠰᠠᠨ ᠤ ᠬᠤᠪᠢ ᠳᠤ ᠡᠸ᠋ᠹᠧᠷ ᠲᠡᠮᠦᠷ ᠰᠤᠪᠤᠷᠭ᠎ᠠ ᠶᠢᠨ ᠲᠠᠮᠢᠷ ᠤᠨ ᠲᠠᠯᠠᠪᠠᠶ ᠳᠤ 140 ᠲᠡᠭᠰᠢ ᠳᠥᠷᠪᠡᠯᠵᠢᠨ ᠮᠧᠲᠷ ᠤᠨ ᠮᠧᠩ ᠨᠢᠦ ᠡᠯᠡᠰᠦᠨ ᠴᠥᠯ ᠤᠨ ᠨᠣᠭᠤᠭᠠᠨ ᠪᠦᠷᠢᠳᠦ ᠶᠢᠨ ᠰᠡᠯᠡᠭᠦᠴᠡᠯ ᠤᠨ ᠴᠢᠳᠠᠮᠵᠢᠲᠤ ᠣᠷᠣᠨ ᠢ ᠪᠠᠶᠢᠭᠤᠯᠪᠠ᠃    ᠲᠡᠭᠦᠨ ᠤ ᠭᠠᠵᠠᠷ ᠤᠨ ᠭᠠᠳᠠᠷᠭᠤ ᠶᠢᠨ ᠪᠣᠷᠣ ᠲᠥᠯᠥᠪ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠪᠤᠬ᠎ᠠ ᠶᠢᠨ ᠡᠯᠡᠰᠦᠨ ᠴᠥᠯ ᠢ ᠲᠥᠯᠥᠭᠡᠯᠡᠵᠦ᠂ ᠣᠯᠢᠮᠫᠢᠺ ᠤᠨ ᠴᠤᠭᠯᠠᠭᠠᠨ ᠤ ᠲᠠᠪᠤᠨ ᠴᠠᠭᠠᠷᠢᠭ ᠤᠨ ᠥᠩᠭᠡ ᠪᠠᠷ ᠪᠦᠷᠢᠯᠳᠦᠭᠰᠡᠨ ᠡᠷᠭᠢᠯᠳᠦᠯᠭᠡ ᠶᠢᠨ ᠲᠥᠬᠦᠭᠡᠷᠦᠮᠵᠢ ᠪᠠ ᠨᠣᠭᠤᠭᠠᠨ ᠲᠣᠭᠤᠷᠢᠭ ᠲᠠᠪᠠᠭ ᠨᠢ ᠡᠯᠡᠰᠦᠨ ᠴᠥᠯ ᠳᠠᠬᠢ ᠨᠣᠭᠤᠭᠠᠨ ᠪᠦᠷᠢᠳᠦ ᠶᠢ ᠲᠥᠯᠥᠭᠡᠯᠡᠨ᠎ᠡ᠃    ᠡᠭᠦᠨ ᠤ ᠬᠠᠮᠲᠤ ᠪᠠᠰᠠ ᠫᠠᠷᠢᠰ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠥᠪᠡᠷᠮᠢᠴᠡ ᠣᠨᠴᠠᠯᠢᠭ ᠪᠦᠬᠦᠢ ᠨᠠᠷᠠ ᠬᠠᠯᠬᠠᠯᠠᠬᠤ ᠰᠢᠬᠦᠷ ᠪᠠ ᠰᠡᠯᠡᠭᠦᠴᠡᠯ ᠤᠨ ᠰᠠᠭᠤᠳᠠᠯ ᠢ ᠲᠥᠯᠥᠪᠯᠡᠨ ᠦᠢᠯᠡᠳᠴᠦ᠂ ᠳᠡᠯᠡᠬᠡᠢ ᠶᠢᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠡᠯᠡᠰᠦᠨ ᠲᠠᠩ ᠤᠨ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠢ ᠰᠣᠨᠢᠷᠬᠠᠬᠤ ᠦᠵᠡᠭᠴᠢᠳ ᠲᠤ ᠲᠠᠭᠠᠯᠠᠮᠵᠢᠲᠠᠢ ᠠᠮᠠᠷᠠᠬᠤ ᠣᠷᠣᠨ ᠵᠠᠢ ᠬᠠᠩᠭᠠᠪᠠ᠃    ᠲᠡᠭᠡᠪᠡᠯ ᠮᠧᠩ ᠨᠢᠦ ᠪᠦᠯᠦᠭᠯᠡᠯ ᠶᠠᠭᠤᠨ ᠳᠤ ᠤᠯᠠᠭᠠᠨᠪᠤᠬ᠎ᠠ ᠶᠢᠨ ᠡᠯᠡᠰᠦᠨ ᠴᠦᠯ ᠢ ᠫᠠᠷᠢᠰ ᠲᠤ ᠲᠦᠰᠦᠪᠯᠡᠭᠰᠡᠨ ᠪᠤᠯ︖    ᠮᠧᠩ ᠨᠢᠦ ᠪᠦᠯᠦᠭᠯᠡᠯ ᠨᠢ ᠣᠯᠢᠮᠫᠢᠺ ᠤᠨ ᠲᠠᠮᠢᠷ ᠤᠨ ᠴᠤᠭᠯᠠᠭᠠᠨ ᠭᠡᠬᠦ ᠡᠨᠡ ᠬᠦ ᠣᠯᠠᠨ ᠤᠯᠤᠰ ᠤᠨ ᠲᠠᠪᠴᠠᠩ ᠢ ᠠᠰᠢᠭᠯᠠᠠ ᠳᠡᠯᠡᠬᠡᠢ ᠶᠢᠨ ᠨᠠᠩ ᠣᠯᠠᠨ ᠬᠥᠮᠥᠰ ᠢ ᠤᠷᠴᠢᠨ ᠲᠤᠭᠤᠷᠢᠨ ᠢ ᠬᠠᠮᠠᠭᠠᠯᠠᠬᠤ ᠡᠩᠨᠡᠭᠡᠨ ᠳᠤ ᠣᠷᠣᠵᠤ᠂ ᠪᠤᠬᠢᠷᠳᠤᠯ ᠦᠭᠡᠢ ᠠᠮᠢᠳᠤᠷᠠᠯ ᠪᠠ ᠪᠤᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠰᠠᠨᠠᠭᠠᠴᠢᠯᠠᠬᠤ ᠶᠢ ᠤᠷᠢᠶᠠᠯᠠᠵᠠᠢ᠃    ᠮᠧᠩ ᠨᠢᠦ ᠪᠦᠯᠦᠭᠯᠡᠯ ᠨᠢ ᠳᠤᠮᠳᠠᠳᠤ ᠤᠯᠤᠰ ᠤᠨ ᠱᠧᠩ ᠮᠦ ᠣᠷᠭᠠᠨᠢᠭ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠲᠠᠢ ᠬᠠᠮᠲᠦᠷᠠᠨ ᠤᠯᠠᠭᠠᠨᠪᠤᠬ᠎ᠠ ᠶᠢᠨ ᠡᠯᠡᠰᠦᠨ ᠴᠦᠯ ᠳᠤ ᠨᠡᠶᠢᠲᠡ 9800 ᠲᠦᠮᠡᠨ ᠰᠠᠭᠤᠷᠢ ᠡᠯᠡᠰᠦᠨ ᠳᠤ ᠤᠷᠭᠤᠬᠤ ᠮᠣᠳᠣ ᠲᠠᠷᠢᠵᠦ᠂ 200 ᠭᠠᠷᠤᠢ ᠲᠡᠭᠰᠢ ᠳᠥᠷᠪᠡᠯᠵᠢᠨ ᠺᠢᠯᠣᠮᠧᠲᠷ ᠤᠨ ᠡᠯᠡᠰᠦ ᠶᠢ ᠨᠣᠭᠤᠭᠠᠷᠠᠭᠤᠯᠵᠤ ᠡᠯᠡᠰᠦᠨ ᠴᠦᠯ ᠳᠠᠬᠢ ᠨᠣᠭᠤᠭᠠᠨ ᠪᠦᠷᠢᠳᠦ ᠶᠢᠨ ᠭᠠᠶᠢᠬᠠᠮᠰᠢᠭ ᠢ ᠡᠭᠦᠳᠴᠦ᠂ ᠪᠦᠬᠦ ᠪᠥᠮᠪᠥᠷᠴᠡᠭ ᠤᠨ ᠬᠠᠮᠤᠭ ᠤᠨ ᠶᠡᠭᠡ ᠣᠷᠭᠠᠨᠢᠭ ᠲᠦᠭᠦᠬᠡᠢ ᠰᠦ ᠶᠢᠨ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠵᠤ᠂ ᠳᠡᠯᠡᠬᠡᠢ ᠶᠢᠨ ᠬᠡᠪᠴᠢᠶᠡᠨ ᠳᠤ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠣᠯᠣᠨ ᠣᠷᠴᠢᠯ ᠠᠵᠤ ᠠᠬᠤᠢ ᠶᠢ ᠤᠶᠠᠯᠳᠤᠭᠤᠯᠤᠭᠰᠠᠨ ᠨᠡᠶᠢᠲᠡᠯᠢᠭ ᠵᠢᠱᠢᠶ᠎ᠡ ᠶᠢ ᠡᠭᠦᠳᠴᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号