ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ | ᠬᠡᠷᠡᠭᠵᠢᠭᠦᠯᠦᠭᠰᠡᠨ ᠠᠴᠠ ᠨᠠᠭᠠᠰᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠳᠠᠬᠢ ᠨᠠᠮ ᠤᠨ | ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠶᠢᠮᠠᠭ ᠤᠨ ᠰᠢᠭᠤᠳ ᠬᠠᠷᠢᠶ᠎ᠠ ᠤᠯᠤᠰ ᠤᠨ | ᠥᠮᠴᠢᠯᠡᠯᠲᠦ ᠠᠵᠤ ᠠᠬᠤᠶᠢᠯᠠᠯ ᠢ ᠳᠠᠬᠢᠨ ᠪᠠᠶᠢᠭᠤᠯᠵᠤ ᠨᠡᠶᠢᠯᠡᠭᠦᠯᠦᠭᠰᠡᠨ ᠤ ᠳᠠᠷᠠᠭᠠᠬᠢ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠪᠠᠶᠢᠷᠢ ᠰᠠᠭᠤᠷᠢ ᠨᠠᠩ ᠲᠣᠪᠦ᠋ᠢᠮᠠ ᠪᠣᠯᠵᠤ᠂ ︽ᠭᠤᠷᠪᠠᠨ ᠵᠦᠢᠯ ᠤᠨ ᠳᠦᠷᠢᠮ︾ ᠤᠨ | ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠵᠤ᠂ ᠡᠳ᠋ ᠬᠥᠷᠥᠩᠭᠡ ᠶᠢᠨ ᠶᠡᠷᠦᠩᠬᠡᠶ ᠲᠤᠭ᠎ᠠ᠂ | ᠡᠵᠡᠩᠨᠡᠯᠲᠡ ᠶᠢᠨ ᠣᠷᠣᠯᠭ᠎ᠠ᠂ ᠴᠡᠪᠡᠷ ᠡᠳ᠋ ᠬᠥᠷᠥᠩᠭᠡ ᠶᠢᠨ ᠠᠰᠢᠭ ᠣᠷᠣᠯᠭ᠎ᠠ ᠶᠢᠨ ᠨᠣᠷᠮ᠎ᠠ ᠵᠡᠷᠭᠡ ᠭᠦᠢᠴᠡᠳᠬᠡᠯ | ᠲᠤᠭ᠎ᠠ ᠠᠯᠬᠤᠮ ᠠᠯᠬᠤᠮ ᠢᠶᠠᠷ ᠰᠠᠶᠢᠵᠢᠷᠠᠭᠰᠠᠨ ᠪᠣᠯᠪᠠᠴᠦ᠂ ᠬᠥᠭᠵᠢᠯᠲᠡ ᠶᠢᠨ ᠶᠠᠪᠤᠴᠠ ᠳᠤ ᠠᠶᠢᠮᠠᠭ ᠤᠨ | ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠶᠡᠷᠦᠩᠬᠡᠶ ᠬᠡᠮᠵᠢᠶ᠎ᠡ ᠬᠡᠪᠴᠢᠶ᠎ᠡ ᠪᠠᠭ᠎ᠠ᠂ ᠭᠤᠣᠯ | ᠠᠵᠢᠯ ᠨᠢ ᠲᠣᠪᠤᠶᠢᠮ᠎ᠠ ᠪᠢᠰᠢ᠂ ᠺᠣᠮᠫᠠᠨᠢ ᠶᠢ ᠵᠠᠰᠠᠬᠤ ᠲᠠᠯ᠎ᠠ ᠪᠠᠷ ᠲᠡᠭᠦᠯᠳᠡᠷᠵᠢᠭᠡᠳᠦᠶ᠂ ᠪᠦᠲᠦᠴᠡ ᠶᠢᠨ | ᠪᠠᠶᠢᠷᠢᠰᠢᠭᠤᠯᠤᠯ ᠠᠨᠠᠶ᠂ ᠥᠷᠢᠰᠥᠯᠳᠦᠭᠡᠨ ᠤ ᠪᠣᠳᠠᠲᠤ ᠬᠦᠴᠦᠨ ᠪᠠᠭᠤᠷᠠᠶ ᠵᠡᠷᠭᠡ ᠲᠣᠪᠤᠶᠢᠮ᠎ᠠ ᠠᠰᠠᠭᠤᠳᠠᠯ ᠢᠯᠡᠷᠡᠵᠦ | ᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ᠪᠠ ︽ᠤᠯᠤᠰ ᠤᠨ | ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠡᠷᠭᠡ ᠶᠢ ᠳᠠᠪᠠᠭ᠋ᠣ ᠶᠢ ᠠᠬᠢᠭᠤᠯᠬᠤ | ᠳᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ | ᠦᠨᠳᠦᠰᠦᠯᠡᠨ᠂ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠠ | ᠲᠣᠬᠢᠶᠠᠯ ᠢ ᠠᠮᠵᠢᠨ᠂ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢ ᠠᠬᠢᠭᠤᠯᠬᠤ ᠶᠢᠨ ᠲᠥᠯᠥᠭᠡ᠂ | ᠲᠣᠰ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠳᠠᠬᠢ | ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠪᠠ | ᠠᠯᠠᠱᠠ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠪᠠᠷ ᠤᠳᠤᠷᠢᠳᠤᠮᠵᠢ ᠪᠣᠯᠭᠠᠨ᠂ ᠤᠯᠤᠰ ᠤᠨ | ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠠᠪᠤᠨ ᠶᠡᠭᠡ ᠡᠭᠦᠷᠭᠡ ᠶᠢ | ᠨᠠᠶᠢᠳᠠᠪᠤᠷᠢᠵᠢᠭᠤᠯᠬᠤ ᠳᠤᠮᠳᠠᠬᠢ ᠠᠵᠤ ᠦᠢᠯᠡᠰ ᠤᠨ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠵᠤ᠂ ︽ᠨᠢᠭᠡ | ᠵᠢᠱᠢᠶ᠎ᠡ ᠦᠵᠡᠭᠦᠯᠬᠦ ᠠᠶᠢᠮᠠᠭ︾ ᠢ ᠪᠥᠲᠥᠭᠡᠨ ᠪᠠᠶᠢᠭᠤᠯᠵᠤ᠂ ︽ᠲᠠᠪᠤᠨ ᠶᠡᠭᠡ ᠰᠠᠭᠤᠷᠢᠨ ᠭᠠᠵᠠᠷ︾ ᠢ ᠪᠠᠶᠢᠭᠤᠯᠣᠨ᠂ | ︽ᠲᠤᠯᠤᠭᠠᠨ ᠶᠡᠭᠡ ᠢᠨᠵᠧᠨᠧᠷᠢᠩ︾ ᠢ ᠬᠡᠷᠡᠭᠵᠢᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠢᠳᠡᠪᠬᠢᠲᠡᠶ ᠪᠤᠶᠢᠵᠢᠭᠤᠯᠤᠨ ᠬᠥᠭᠵᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠤᠯᠯᠠᠬᠤ | ᠥᠷᠢᠰᠥᠯᠳᠦᠬᠦ ᠬᠦᠴᠦᠨ ᠪᠠ ᠴᠢᠳᠠᠮᠵᠢ ᠶᠢ ᠦᠨᠡᠨ ᠬᠦ ᠳᠡᠭᠡᠭᠰᠢᠯᠡᠭᠦᠯᠦᠨ᠂ ᠬᠤᠶᠠᠷ ᠶᠡᠭᠡ ᠶᠠᠪᠤᠳᠠᠯ ᠢ ᠰᠠᠶᠢᠲᠤᠷ | ᠬᠢᠬᠦ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠪᠥᠬᠦ ᠣᠷᠣᠨ ᠤ ︽ᠰᠢᠨ᠎ᠡ ᠵᠠᠮ ᠢ ᠨᠡᠭᠡᠭᠡᠵᠦ᠂ ᠳᠣᠮᠳᠠ | ᠳᠦᠪᠰᠢᠨ ᠳᠤ ᠣᠷᠣᠬᠤ︾ ᠳᠤ ᠠᠯᠠᠱᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠡᠭᠦᠷᠭᠡᠯᠡᠯ ᠢ ᠢᠯᠡᠷᠡᠬᠦᠯᠦᠨ᠎ᠡ᠃ | ᠬᠤᠶᠠᠷ᠂ ᠬᠠᠷᠠᠯᠲᠠ ᠱᠠᠭᠠᠷᠳᠠᠯᠭ᠎ᠠ | ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠪᠠ ᠠᠯᠠᠱᠠ ᠶᠢᠨ | ᠲᠣᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠨ᠂ ᠡᠳ᠋ ᠬᠥᠷᠥᠩᠭᠡ ᠡᠬᠢ ᠪᠠᠶᠠᠯᠢᠭ ᠢ | ᠴᠢᠯᠦᠭᠡᠳᠡᠢ ᠪᠣᠯᠭᠠᠵᠤ᠂ ᠬᠥᠭᠵᠢᠯᠲᠡ ᠶᠢᠨ ᠳᠠᠯᠳᠠ ᠬᠦᠴᠦᠨ ᠢ ᠢᠯᠡᠷᠡᠬᠦᠯᠦᠨ᠂ ᠬᠥᠭᠵᠢᠯᠲᠡ ᠶᠢᠨ ᠠᠮᠢᠵᠢᠷᠠᠯ ᠤᠨ | ᠬᠦᠴᠦᠨ ᠢ ᠬᠥᠭᠵᠢᠭᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠤᠯᠤᠰ ᠤᠨ | ᠦᠮᠴᠢᠯᠡᠯᠳᠦ ᠠᠵᠤ ᠠᠬᠤᠶᠢᠯᠠᠯ ᠤᠨ ᠡᠮᠬᠢ ᠵᠢᠷᠤᠮ ᠲᠠᠢ ᠪᠠᠷ ᠰᠢᠨ᠎ᠡ ᠡᠨᠧᠷᠭᠢ᠂ ᠠᠭᠤᠷᠬᠠᠢ ᠶᠢᠨ ᠭᠠᠷᠤᠯᠲᠠ ᠶᠢᠨ | ᠡᠬᠢ ᠪᠠᠶᠠᠯᠢᠭ᠂ ᠰᠣᠶᠣᠯ ᠵᠢᠭᠤᠯᠴᠢᠯᠠᠯ᠂ ᠠᠮᠢ ᠠᠬᠤᠢ ᠶᠢᠨ ᠵᠠᠰᠠᠯᠲᠠ᠂ ᠪᠣᠭᠤᠮᠲᠠ ᠶᠢᠨ ᠠᠵᠤ ᠠᠬᠤᠢ᠂ | ᠠᠷᠠᠯᠵᠢᠶ᠎ᠠ ᠬᠤᠳᠠᠯᠳᠤᠭ᠎ᠠ᠂ ᠲᠣᠭᠠᠴᠢᠯᠠᠭᠰᠠᠨ ᠠᠵᠤ ᠠᠬᠤᠢ ᠲᠡᠰᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ | ᠲᠦᠷᠭᠡᠳᠬᠡᠨ᠎ᠡ᠃ | 2025 ᠣᠨ ᠪᠣᠯᠬᠤ ᠳᠤ᠂ ᠤᠯᠤᠰ ᠤᠨ ᠥᠮᠴᠢᠯᠡᠯᠲᠦ ᠠᠵᠤ ᠠᠬᠤᠶ ᠶᠢᠨ ᠪᠠᠶᠢᠷᠢᠰᠢᠭᠤᠯᠤᠯᠲᠠ ᠶᠢ | ᠦᠷᠭᠦᠯᠵᠢᠯᠡᠨ ᠰᠢᠯᠢᠳᠡᠭᠵᠢᠭᠦᠯᠵᠦ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠠᠭᠤᠷᠢ ᠶᠢ ᠪᠠᠬᠢᠵᠢᠭᠦᠯᠵᠦ᠂ | ᠭᠤᠤᠯᠯᠠᠬᠤ ᠴᠢᠳᠠᠮᠵᠢ ᠶᠢ ᠢᠯᠡᠳᠲᠡ ᠴᠢᠩᠭᠠᠷᠠᠭᠤᠯᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠪᠠᠶᠢᠷᠢ ᠰᠠᠭᠤᠷᠢ ᠶᠢ ᠦᠨᠡᠨ ᠬᠦ ᠲᠣᠭᠲᠠᠭᠠᠵᠤ᠂ ᠵᠠᠰᠠᠯᠲᠠ ᠶᠢᠨ ᠭᠤᠤᠯ ᠴᠣᠭᠴᠠ ᠶᠢᠨ ᠡᠷᠬᠡ | ᠬᠠᠷᠢᠭᠤᠴᠠᠯᠭ᠎ᠠ ᠶᠢ ᠨᠠᠩ ᠲᠣᠳᠣᠷᠬᠠᠶ ᠪᠣᠯᠭᠠᠵᠤ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ | ᠦᠨᠡᠨ ᠬᠦ ᠨᠠᠶᠢᠳᠠᠪᠤᠷᠢᠵᠢᠭᠤᠯᠤᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢᠰᠥᠯᠳᠦᠬᠦ ᠬᠦᠴᠦᠨ᠂ | ᠰᠢᠨ᠎ᠡ ᠶᠢ ᠡᠭᠦᠳᠬᠦ ᠬᠦᠴᠦᠨ᠂ ᠡᠵᠡᠮᠳᠡᠬᠦ ᠬᠦᠴᠦᠨ᠂ ᠨᠥᠯᠥᠭᠡᠯᠡᠬᠦ ᠬᠦᠴᠦᠨ᠂ ᠲᠦᠭᠰᠢᠭᠦᠷᠢ ᠶᠢ ᠡᠰᠡᠷᠭᠦᠴᠡᠬᠦ | ᠴᠢᠳᠠᠪᠤᠷᠢ ᠶᠢ ᠢᠯᠡᠳᠲᠡ ᠴᠢᠩᠭᠠᠷᠠᠭᠤᠯᠤᠨ᠎ᠠ᠃ ᠺᠣᠮᠫᠠᠨᠢ ᠶᠢ ᠵᠠᠰᠠᠵᠤ ᠲᠡᠭᠦᠯᠳᠡᠷᠵᠢᠭᠦᠯᠦᠭᠰᠡᠨ᠂ ᠡᠵᠡᠩᠨᠡᠯᠲᠡ ᠶᠢᠨ | ᠲᠣᠭᠲᠠᠴᠠ ᠠᠮᠢᠳᠤᠯᠢᠭ᠂ ᠬᠥᠭᠵᠢᠯᠲᠡ ᠶᠢᠨ ᠬᠥᠳᠡᠯᠭᠡᠬᠦ ᠬᠦᠴᠦᠨ ᠴᠢᠩᠭ᠎ᠠ᠂ ᠪᠠᠶᠢᠷᠢᠰᠢᠭᠤᠯᠤᠯᠲᠠ ᠶᠢᠨ | ᠪᠦᠲᠦᠴᠡ ᠨᠢ ᠰᠢᠯᠢᠳᠡᠭ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠰᠢᠨ᠎ᠡ ᠪᠠᠶᠢᠷᠢᠰᠢᠯ ᠢ ᠪᠦᠷᠢᠯᠳᠦᠭᠦᠯᠵᠦ᠂ | ᠤᠨᠴᠠᠯᠢᠭᠳᠤ ᠳᠠᠪᠠᠭᠤᠯᠢᠭ ᠪᠦᠬᠦᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠬᠤ ᠳᠤ ᠨᠡᠩ | ᠶᠡᠭᠡ ᠦᠢᠯᠡᠳᠦᠯ ᠦᠵᠡᠭᠦᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ ᠬᠥᠷᠥᠩᠭᠡ ᠶᠢᠨ | ᠥᠷᠢᠲᠦᠯ ᠤᠨ ᠨᠣᠷᠮ᠎ᠠ ᠶᠢ ᠲᠣᠭᠲᠠᠭᠤᠨ ᠢᠶᠠᠷ ᠪᠠᠭᠤᠷᠠᠭᠤᠯᠵᠦ᠂ ᠴᠡᠪᠡᠷ ᠡᠳ᠋ ᠬᠥᠷᠥᠩᠭᠡ ᠶᠢᠨ ᠠᠰᠢᠭ | ᠣᠷᠣᠯᠭ᠎ᠠ ᠶᠢᠨ ᠨᠣᠷᠮ᠎ᠠ᠂ ᠪᠦᠬᠦ ᠠᠵᠢᠯᠲᠠᠨ ᠤ ᠬᠥᠳᠡᠯᠮᠦᠷᠢ ᠦᠢᠯᠡᠳᠪᠦᠷᠢᠯᠡᠯ ᠤᠨ ᠨᠣᠷᠮ᠎ᠠ᠂ ᠡᠵᠡᠩᠨᠡᠯᠲᠡ ᠶᠢᠨ ᠪᠡᠯᠡ | ᠮᠥᠩᠭᠦ ᠶᠢᠨ ᠠᠳᠠᠯᠢᠳᠬᠠᠮᠵᠢ᠂ ᠰᠤᠳᠤᠯᠤᠨ ᠨᠡᠭᠡᠭᠡᠬᠦ ᠣᠷᠣᠭᠤᠯᠤᠯᠲᠠ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠂ | ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠪᠠ ᠦᠷ᠎ᠡ ᠠᠰᠢᠭ ᠢ ᠢᠯᠡᠷᠬᠡᠶ ᠳᠡᠭᠡᠭᠰᠢᠯᠡᠭᠦᠯᠵᠦ᠂ ᠭᠤᠷᠪᠠᠨ | ᠵᠢᠯ ᠤᠨ ᠳᠣᠲᠣᠷ᠎ᠠ 2 ᠠᠵᠤ ᠠᠬᠤᠶᠢᠯᠠᠯ ᠤᠨ ᠢᠲᠡᠭᠡᠮᠵᠢ ᠶᠢᠨ ᠳᠡᠰ ᠢ AA ᠳᠡᠰ ᠠᠴᠠ ᠳᠡᠭᠡᠭᠰᠢ ᠳᠤ | ᠬᠦᠷᠦᠭᠦᠯᠬᠦ ᠪᠠᠷ ᠴᠢᠷᠮᠠᠶᠢᠨ᠎ᠠ᠃ | ᠭᠤᠷᠪᠠ᠂ ᠭᠤᠣᠯ ᠡᠭᠦᠷᠭᠡ | ︵ᠨᠢᠭᠡ︶ ︽ᠶᠡᠭᠡ ᠪᠠᠷ ᠰᠠᠶᠢᠵᠢᠷᠠᠭᠤᠯᠬᠤ︾ ᠶᠢ ᠪᠦᠬᠦ ᠲᠠᠯ᠎ᠠ ᠪᠠᠷ ᠠᠬᠢᠭᠤᠯᠣᠨ᠎ᠠ | 1. ᠠᠵᠤ ᠠᠬᠤᠶᠢᠯᠠᠯ ᠤᠨ ᠰᠠᠭᠤᠷᠢ ᠶᠢ ᠶᠡᠭᠡ ᠪᠠᠷ ᠰᠠᠶᠢᠵᠢᠷᠠᠭᠤᠯᠬᠤ ᠶᠢ ᠠᠬᠢᠭᠤᠯᠣᠨ᠎ᠠ᠃ ᠠᠶᠢᠮᠠᠭ ᠤᠨ | ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠦᠲᠦᠴᠡ᠂ ᠬᠠᠮᠢᠶᠠᠷᠤᠯᠲᠠ ᠶᠢᠨ ᠠᠵᠢᠯᠲᠠᠨ᠂ | ᠳᠣᠲᠣᠭᠠᠳᠤ ᠡᠵᠡᠮᠳᠡᠯ ᠤᠨ ᠲᠣᠭᠲᠠᠴᠠ᠂ ᠬᠡᠷᠡᠭ ᠵᠥᠪᠯᠡᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ | ᠵᠡᠷᠭᠡ ᠦᠨᠳᠦᠰᠦᠨ ᠪᠠᠶᠢᠳᠠᠯ ᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠭᠤᠤᠯ ᠪᠠ ᠲᠤᠰᠠᠯᠠᠬᠤ ᠦᠢᠯᠡᠰ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠥᠷᠨᠢᠭᠦᠯᠦᠨ᠂ ᠠᠶᠢᠮᠠᠭ ᠤᠨ ᠰᠢᠭᠤᠳ ᠬᠠᠷᠢᠶ᠎ᠠ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ ᠶᠢ | ᠠᠬᠢᠭᠤᠯᠵᠤ᠂ ᠠᠵᠤ ᠠᠬᠤᠶᠢᠯᠠᠯ ᠤᠨ ᠭᠤᠤᠯᠯᠠᠬᠤ ᠥᠷᠢᠰᠥᠯᠳᠦᠭᠡᠨ ᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠰᠲ᠋ᠧᠮ ᠤᠨ ᠰᠠᠭᠤᠷᠢ ᠲᠤᠭ᠎ᠠ ᠨᠢ ᠲᠣᠳᠣᠷᠬᠠᠶ ᠥᠬᠡᠶ᠂ | ᠭᠤᠤᠯᠯᠠᠬᠤ ᠴᠢᠳᠠᠮᠵᠢ ᠨᠢ ᠴᠢᠩᠭ᠎ᠠ ᠪᠢᠰᠢ᠂ ᠡᠳ᠋ ᠬᠥᠷᠥᠩᠭᠡ ᠶᠢᠨ ᠠᠰᠢᠭ ᠣᠷᠣᠯᠭ᠎ᠠ ᠶᠢᠨ ᠨᠣᠷᠮ᠎ᠠ ᠨᠢ ᠥᠨᠳᠥᠷ | ᠪᠢᠰᠢ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ᠡᠬᠢ ᠪᠠᠶᠠᠯᠢᠭ ᠡᠳ᠋ ᠬᠥᠷᠥᠩᠭᠡ ᠶᠢ ᠴᠢᠯᠦᠭᠡᠳᠡᠢ | ᠪᠣᠯᠭᠠᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠰᠤᠯᠠ ᠪᠠᠶᠢᠭ᠎ᠠ ᠭᠠᠵᠠᠷ ᠰᠢᠷᠣᠶ᠂ | ᠠᠭᠤᠷᠬᠠᠢ ᠶᠢᠨ ᠭᠠᠷᠤᠯᠲᠠ᠂ ᠭᠡᠷ ᠬᠥᠷᠥᠩᠭᠡ᠂ ᠲᠥᠬᠦᠭᠡᠷᠦᠮᠵᠢ ᠵᠡᠷᠭᠡ ᠡᠳ᠋ ᠬᠥᠷᠥᠩᠭᠡ ᠶᠢᠨ ᠪᠠᠶᠢᠳᠠᠯ ᠢ ᠪᠥᠬᠦ | ᠲᠠᠯ᠎ᠠ ᠪᠠᠷ ᠵᠢᠭᠰᠠᠭᠠᠨ ᠪᠠᠶᠢᠴᠠᠭᠠᠵᠤ᠂ ᠡᠬᠢ ᠪᠠᠶᠠᠯᠢᠭ ᠢ ᠰᠤᠯᠠ ᠲᠠᠯᠪᠢᠵᠤ ᠪᠦᠷᠢᠯᠭᠡᠨ ᠰᠦᠢᠳᠬᠡᠬᠦ ᠠᠰᠠᠭᠤᠳᠠᠯ ᠢ | ᠦᠨᠡᠨᠬᠦ ᠰᠢᠢᠳᠪᠦᠷᠢᠯᠡᠨ᠎ᠡ᠃ ︵ᠲᠦᠷᠦᠭᠦᠯᠡᠬᠦ ᠨᠢᠭᠡᠴᠡ᠄ ᠠᠶᠢᠮᠠᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ | ᠶᠢ ᠬᠢᠨᠠᠠ ᠬᠠᠮᠢᠶᠠᠷᠬᠤ ᠵᠥᠪᠯᠡᠯ᠂ ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ︶ | 2. ᠲᠣᠭᠲᠠᠴᠠ ᠶᠢᠨ ᠠᠵᠢᠯᠯᠠᠭᠠᠨ ᠢ ᠶᠡᠭᠡ ᠪᠠᠷ ᠰᠠᠶᠢᠵᠢᠷᠠᠭᠤᠯᠬᠤ ᠶᠢ ᠠᠬᠢᠭᠤᠯᠣᠨ᠎ᠠ᠃ ᠠᠶᠢᠮᠠᠭ ᠤᠨ ᠰᠢᠭᠤᠳ | ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠬᠦ ᠶᠢ ᠪᠡᠶᠡᠯᠡᠭᠦᠯᠦᠭᠰᠡᠨ ᠬᠡᠮᠵᠢᠶ᠎ᠡ ᠪᠠ | ᠲᠣᠭᠲᠠᠴᠠ ᠶᠢᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ | ᠭᠤᠤᠯᠳᠠᠭᠤ ᠬᠠᠮᠢᠶᠠᠷᠤᠯᠲᠠ ᠶᠢᠨ ᠠᠵᠢᠯᠲᠠᠨ ᠤ ᠳᠠᠪᠰᠢᠵᠤ ᠪᠠᠭᠤᠷᠠᠭᠤᠯᠵᠦ ᠪᠣᠯᠬᠤ᠂ ᠠᠵᠢᠯᠲᠠᠨ ᠠᠵᠢᠯᠴᠢᠨ ᠤ | ᠣᠷᠣᠵᠤ ᠭᠠᠷᠴᠦ ᠪᠣᠯᠬᠤ᠂ ᠣᠷᠣᠯᠭ᠎ᠠ ᠶᠢ ᠨᠡᠮᠡᠭᠳᠡᠭᠦᠯᠵᠦ ᠬᠠᠰᠣᠵᠦ ᠪᠣᠯᠬᠤ ᠵᠡᠷᠭᠡ ᠲᠣᠭᠤᠷᠢᠨ ᠳᠤ ᠠᠵᠤ | ᠠᠬᠤᠶᠢᠯᠠᠯ ᠤᠨ ᠬᠥᠳᠡᠯᠮᠦᠷᠢ᠂ ᠠᠵᠢᠯᠲᠠᠨ ᠤ ᠶᠠᠪᠤᠳᠠᠯ᠂ ᠬᠤᠪᠢᠶᠠᠷᠢᠯᠠᠯᠲᠠ ᠶᠢᠨ ᠲᠦᠷᠢᠮ ᠤᠨ ᠥᠭᠡᠷᠡᠴᠢᠯᠡᠯᠲᠡ ᠶᠢᠨ | ᠪᠠᠶᠢᠳᠠᠯ ᠢ ᠭᠦᠨᠵᠡᠭᠡᠶ ᠡᠵᠡᠮᠰᠢᠵᠦ᠂ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ︽ᠭᠤᠷᠪᠠᠨ ᠵᠦᠢᠯ ᠤᠨ ᠲᠦᠷᠢᠮ︾ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ | ᠂ ᠠᠵᠤ ᠠᠬᠤᠶᠢᠯᠠᠯ ᠢ ᠱᠠᠯᠠᠪᠳᠠᠭᠤᠯᠵᠦ ᠪᠠᠶᠢᠭᠠᠳ ᠰᠢᠯᠢᠳᠡᠭ ᠢ ᠨᠢ ᠱᠠᠩᠨᠠᠵᠤ ᠠᠳᠠᠭ ᠢ ᠨᠢ ᠲᠣᠷᠭᠠᠬᠤ᠂ ᠱᠠᠩᠨᠠᠵᠤ | ᠲᠣᠷᠭᠠᠬᠤ ᠨᠢ ᠲᠣᠳᠣᠷᠬᠠᠶ ᠢᠯᠡ ᠲᠣᠳᠣ ᠤᠳᠤᠷᠢᠳᠤᠮᠵᠢ ᠶᠢ ᠪᠣᠶ ᠪᠣᠯᠭᠠᠵᠤ᠂ ᠠᠵᠤ ᠠᠬᠤᠶᠢᠯᠠᠯ ᠤᠨ ᠠᠮᠢᠵᠢᠷᠠᠯ ᠤᠨ | ᠬᠦᠴᠦᠨ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠠᠶᠢᠮᠠᠭ ᠤᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢ ᠬᠢᠨᠠᠠ ᠬᠠᠮᠢᠶᠠᠷᠬᠤ ᠵᠥᠪᠯᠡᠯ᠂ ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ︶ | 3. ᠴᠢᠳᠠᠪᠤᠷᠢ ᠣᠪᠣᠷ ᠰᠤᠷᠲᠠᠯ ᠢ ᠶᠡᠭᠡ ᠪᠠᠷ ᠰᠠᠶᠢᠵᠢᠷᠠᠭᠤᠯᠬᠤ ᠶᠢ ᠠᠬᠢᠭᠤᠯᠤᠨ᠎ᠠ᠃ ᠠᠶᠢᠮᠠᠭ ᠤᠨ ᠰᠢᠭᠤᠳ | ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠳᠤᠷᠢᠳᠬᠤ ᠪᠠᠭ᠂ ᠺᠠᠳ᠋ᠷ ᠤᠨ ᠡᠩᠨᠡᠭᠡᠨ ᠤ | ᠪᠠᠶᠢᠭᠤᠯᠤᠯᠲᠠ ᠪᠠ ᠰᠤᠷᠲᠠᠯ ᠤᠨ ᠪᠠᠶᠢᠭᠤᠯᠤᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠺᠠᠳ᠋ᠷ ᠢ ᠶᠡᠭᠡ ᠪᠠᠷ | ᠪᠣᠯᠪᠠᠰᠤᠷᠠᠭᠤᠯᠬᠤ᠂ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠬᠦ᠂ ᠰᠤᠷᠲᠠᠯ ᠢ ᠶᠡᠭᠡ ᠪᠠᠷ ᠰᠠᠶᠢᠵᠢᠷᠠᠭᠤᠯᠬᠤ ᠲᠤᠰᠬᠠᠶ | ᠠᠵᠢᠯᠯᠠᠭ᠎ᠠ ᠶᠢ ᠥᠷᠨᠢᠭᠦᠯᠵᠦ᠂ ᠠᠵᠢᠯ ᠤᠨ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠵᠡᠷᠭᠡ ᠠᠰᠠᠭᠤᠳᠠᠯ ᠢ | ᠬᠦᠴᠦᠯᠡᠨ ᠴᠡᠭᠴᠡᠯᠡᠨ ᠵᠠᠰᠠᠵᠤ᠂ ᠠᠵᠤ ᠠᠬᠤᠶᠢᠯᠠᠯ ᠤᠨ ᠣᠳᠣᠷᠢᠳᠣᠯᠭ᠎ᠠ ᠶᠢᠨ ᠵᠠᠰᠠᠭ ᠵᠠᠬᠢᠷᠭᠠᠨ ᠤ ᠰᠡᠳᠬᠢᠬᠦᠶ ᠶᠢᠨ | ᠠᠰᠠᠭᠤᠳᠠᠯ ᠵᠢᠴᠢ ᠠᠵᠤ ᠠᠬᠤᠶᠢᠯᠠᠯ ᠤᠨ ᠣᠳᠣᠷᠢᠳᠣᠯᠭ᠎ᠠ ᠪᠠ ᠺᠠᠳ᠋ᠷ ᠤᠨ ᠡᠩᠨᠡᠭᠡ ᠶᠢ ᠬᠦᠴᠦᠷᠬᠡᠭᠵᠢᠭᠦᠯᠦᠨ | ᠰᠢᠯᠢᠳᠡᠭᠵᠢᠭᠦᠯᠵᠦ ᠪᠤᠵᠠᠭᠠᠶᠢᠷᠠᠭᠤᠯᠬᠤ ᠯᠤᠭ᠎ᠠ ᠥᠯᠥ ᠵᠣᠬᠢᠴᠠᠯᠳᠤᠬᠤ ᠠᠰᠠᠭᠤᠳᠠᠯ ᠢ ᠱᠠᠯᠠᠪᠳᠠᠨ ᠰᠢᠢᠳᠪᠦᠷᠢᠯᠡᠨ᠎ᠡ᠃ | ︵ᠲᠦᠷᠦᠭᠦᠯᠡᠬᠦ ᠨᠢᠭᠡᠴᠡ᠄ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠠᠷᠢᠭᠤᠴᠠᠯᠭᠠᠲᠤ | ᠨᠢᠭᠡᠴᠡ᠄ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠠᠶᠢᠮᠠᠭ ᠤᠨ | ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ︶ | ︵ᠬᠤᠶᠠᠷ︶ ᠵᠠᠬ᠎ᠠ ᠳᠡᠯᠭᠡᠭᠦᠷᠴᠢᠯᠡᠬᠦ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ | 4. ᠬᠥᠮᠦᠨ ᠰᠣᠩᠭᠤᠵᠤ ᠬᠥᠮᠦᠨ ᠬᠡᠷᠡᠭᠯᠡᠬᠦ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠪᠠᠷᠢᠮᠲᠠᠯᠠᠨ᠂ ᠠᠵᠤ ᠠᠬᠤᠶᠢᠯᠠᠯ ᠤᠨ ᠤᠳᠤᠷᠢᠳᠬᠤ ᠠᠵᠢᠯᠲᠠᠨ ᠢ | ᠰᠢᠯᠢᠳᠡᠭᠵᠢᠭᠦᠯᠦᠨ ᠲᠣᠬᠢᠷᠠᠭᠤᠯᠵᠤ᠂ ᠳᠠᠭᠠᠭᠠᠮᠠᠯ ᠢ ᠵᠠᠬ᠎ᠠ ᠳᠡᠯᠭᠡᠭᠦᠷ ᠠᠴᠠ ᠰᠣᠩᠭᠤᠨ ᠣᠷᠢᠵᠦ᠂ ᠲᠤᠰᠬᠠᠶ | ᠮᠡᠷᠭᠡᠵᠢᠯ ᠡᠵᠡᠮᠰᠢᠭᠰᠡᠨ᠂ ᠡᠵᠡᠩᠨᠡᠬᠦ ᠳᠡᠭᠡᠨ ᠴᠢᠳᠠᠮᠠᠭᠠᠶ᠂ ᠬᠠᠮᠢᠶᠠᠷᠴᠤ ᠴᠢᠳᠠᠬᠤ ᠰᠢᠯᠢᠳᠡᠭ ᠴᠢᠳᠠᠪᠤᠷᠢᠲᠠᠨ ᠢ | ᠤᠳᠤᠷᠢᠳᠬᠤ ᠪᠠᠭ ᠲᠤ ᠰᠣᠩᠭᠤᠨ ᠤᠷᠢᠬᠤ ᠬᠡᠷᠡᠭᠲᠡᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠠ ᠬᠠᠮᠢᠶᠠᠷᠬᠤ ᠵᠥᠪᠯᠡᠯ ᠤᠨ | ︽ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠠᠮᠢᠶᠠᠷᠤᠯᠲᠠ ᠵᠢᠴᠢ ᠠᠵᠢᠯᠲᠠᠨ ᠠᠵᠢᠯᠴᠢᠨ ᠤᠷᠢᠨ ᠬᠡᠷᠡᠭᠯᠡᠬᠦ | ᠠᠵᠢᠯ ᠢ ᠵᠢᠷᠤᠮᠵᠢᠭᠤᠯᠬᠤ ᠲᠤᠬᠠᠶ ᠵᠢᠯᠣᠭᠤᠳᠬᠤ ᠰᠠᠨᠠᠯ︾ ︵ᠥᠪᠥᠷ ᠤᠯᠤᠰ ᠡᠬᠢ ᠪᠠᠶᠠᠯᠢᠭ ᠲᠠᠷᠬᠠᠭᠠᠭᠰᠠᠨ ﹇ | 2021﹈ 5 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ︽ᠠᠯᠠᠱᠠ ᠠᠶᠢᠮᠠᠭ ᠤᠨ ᠰᠢᠭᠤᠳ | ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠳᠡᠯᠮᠦᠷᠢ ᠶᠢᠨ ᠠᠵᠢᠯᠴᠢᠨ ᠬᠡᠷᠡᠭᠯᠡᠬᠦ | ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠡᠷᠦᠩᠬᠡᠶ ᠬᠡᠮᠵᠢᠶ᠎ᠡ᠂ | ᠪᠦᠲᠦᠴᠡ ᠬᠢᠭᠡᠳ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ᠂ ᠬᠥᠳᠡᠯᠮᠦᠷᠢ ᠦᠢᠯᠡᠳᠪᠦᠷᠢᠯᠡᠯ ᠤᠨ | ᠨᠣᠷᠮ᠎ᠠ ᠵᠡᠷᠭᠡ ᠶᠢ ᠬᠠᠷᠢᠯᠴᠠᠨ ᠵᠣᠬᠢᠴᠠᠭᠤᠯᠬᠤ ᠶᠢ ᠠᠬᠢᠭᠤᠯᠤᠨ᠎ᠠ᠃ ᠠᠶᠢᠮᠠᠭ ᠤᠨ ᠰᠢᠭᠤᠳ ᠬᠠᠷᠢᠶ᠎ᠠ ᠤᠯᠤᠰ ᠤᠨ | ᠥᠮᠴᠢᠯᠡᠯᠲᠦ ᠠᠵᠤ ᠠᠬᠤᠶᠢᠯᠠᠯ ᠳᠤ ᠡᠵᠡᠩᠨᠡᠨ ᠡᠷᠬᠢᠯᠡᠭᠴᠢ ᠶᠢ ᠰᠣᠩᠭᠤᠨ ᠤᠷᠢᠬᠤ ᠲᠦᠷᠢᠮ ᠢ ᠬᠡᠷᠡᠭᠵᠢᠭᠦᠯᠵᠦ᠂ | ᠵᠠᠬ᠎ᠠ ᠳᠡᠯᠭᠡᠭᠦᠷᠴᠢᠯᠡᠨ ᠰᠣᠩᠭᠤᠨ ᠤᠷᠢᠬᠤ᠂ ᠭᠡᠷ᠎ᠡ ᠶᠣᠰᠣᠭᠠᠷ ᠬᠠᠮᠢᠶᠠᠷᠬᠤ᠂ ᠵᠦᠷᠢᠶᠡᠴᠢᠯᠡᠭᠰᠡᠨ ᠴᠠᠯᠢᠩ ᠬᠥᠯᠥᠰᠥ᠂ | ᠵᠠᠬ᠎ᠠ ᠳᠡᠯᠭᠡᠭᠦᠷᠴᠢᠯᠡᠨ ᠪᠤᠴᠠᠭᠠᠬᠤ ᠡᠵᠡᠩᠨᠡᠨ ᠬᠠᠮᠢᠶᠠᠷᠤᠭᠴᠢ ᠶᠢ ᠬᠠᠮᠢᠶᠠᠷᠬᠤ ᠰᠢᠰᠲ᠋ᠧᠮᠵᠢ ᠶᠢ ᠲᠦᠷᠬᠡᠨ | ᠪᠠᠶᠢᠭᠤᠯᠤᠨ᠎ᠠ᠃ 2024 ᠣᠨ ᠳᠤ᠂ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠪᠦᠯᠦᠭᠯᠡᠯ ᠤᠨ ᠲᠠᠯ᠎ᠠ ᠪᠠᠷ ᠵᠠᠷᠴᠢᠮ ᠳᠡᠭᠡᠷ᠎ᠡ ᠪᠠᠨ ᠬᠠᠮᠢᠶᠠᠷᠤᠯᠲᠠ ᠶᠢᠨ ᠠᠵᠢᠯᠲᠠᠨ ᠢ | ᠥᠷᠢᠰᠥᠯᠳᠦᠭᠦᠯᠦᠨ ᠠᠵᠢᠯ ᠤᠨ ᠪᠠᠶᠢᠷᠢ ᠳᠤ ᠭᠠᠷᠭᠠᠬᠤ ᠶᠢ ᠪᠦᠬᠦᠨ ᠢ ᠬᠠᠮᠣᠷᠴᠦ᠂ ᠬᠤᠶᠠᠳᠤᠭᠠᠷ ᠭᠤᠷᠪᠠᠳᠤᠭᠠᠷ | ᠲᠠᠰ ᠤᠨ ᠬᠤᠪᠢᠶᠠᠷᠢ ᠠᠵᠤ ᠠᠬᠤᠶᠢᠯᠠᠯ ᠢ ᠬᠠᠮᠤᠷᠬᠤ ᠬᠡᠪᠴᠢᠶ᠎ᠡ ᠶᠢ 80% ᠠᠴᠠ ᠳᠣᠤᠷ᠎ᠠ ᠪᠠᠶᠢᠯᠭᠠᠵᠤ ᠪᠣᠯᠬᠤ | ᠥᠬᠡᠶ᠃ ︵ᠲᠦᠷᠦᠭᠦᠯᠡᠬᠦ ᠨᠢᠭᠡᠴᠡ᠄ ᠠᠶᠢᠮᠠᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠠ | ᠬᠠᠮᠢᠶᠠᠷᠬᠤ ᠵᠥᠪᠯᠡᠯ᠂ ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ᠂ ᠤᠬᠠᠭᠤᠯᠬᠤ ᠬᠡᠯᠲᠡᠰ᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | 5. ᠰᠢᠯᠭᠠᠨ ᠬᠢᠨᠠᠵᠤ ᠬᠤᠪᠢᠶᠠᠷᠢᠯᠠᠬᠤ ᠲᠣᠭᠲᠠᠴᠠ ᠶᠢ ᠥᠭᠡᠷᠡᠴᠢᠯᠡᠨ᠎ᠡ᠃ ᠵᠠᠬ᠎ᠠ ᠳᠡᠯᠭᠡᠭᠦᠷᠴᠢᠯᠡᠭᠰᠡᠨ ᠰᠢᠯᠭᠠᠨ | ᠬᠢᠨᠠᠵᠤ ᠬᠤᠪᠢᠶᠠᠷᠢᠯᠠᠬᠤ ᠶᠢ ᠤᠷᠮᠠᠰᠢᠭᠤᠯᠬᠤ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠠᠯᠢᠩ | ᠬᠥᠯᠥᠰᠥ ᠶᠢᠨ ᠬᠡᠪ ᠮᠠᠶ᠋ᠢᠭ᠂ ᠠᠵᠢᠯ ᠤᠨ ᠪᠠᠶᠢᠷᠢ ᠶᠢᠨ ᠥᠷᠲᠡᠭ ᠢ ᠦᠨᠡᠯᠡᠨ ᠵᠢᠱᠢᠬᠦ᠂ ᠴᠠᠯᠢᠩ ᠬᠥᠯᠥᠰᠥ ᠶᠢᠨ ᠬᠢᠷᠢ | ᠲᠦᠪᠰᠢᠨ ᠢ ᠪᠠᠷᠢᠮᠵᠢᠶᠠᠯᠠᠬᠤ ᠪᠠᠷ ᠭᠤᠤᠯ ᠴᠣᠭᠴᠠ ᠪᠣᠯᠭᠠᠭᠰᠠᠨ ᠴᠠᠯᠢᠩ ᠬᠥᠯᠥᠰᠥ ᠶᠢ ᠬᠤᠪᠢᠶᠠᠷᠢᠯᠠᠬᠤ | ᠲᠣᠭᠲᠠᠴᠠ ᠶᠢ ᠪᠦᠷᠢᠨᠰᠢᠭᠦᠯᠦᠨ᠎ᠡ᠃ ᠵᠦᠷᠢᠶᠡᠴᠢᠯᠡᠭᠰᠡᠨ ᠰᠢᠯᠭᠠᠨ ᠬᠢᠨᠠᠬᠤ ᠶᠢ ᠬᠡᠷᠡᠭᠵᠢᠭᠦᠯᠵᠦ᠂ ︽ᠨᠢᠭᠡ ᠠᠵᠢᠯ | ᠲᠥᠷᠥᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ᠂ ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ | ᠬᠡᠷᠡᠭᠵᠢᠭᠦᠯᠬᠦ︾ ᠰᠢᠯᠭᠠᠨ ᠬᠢᠨᠠᠬᠤ ᠲᠦᠷᠢᠮ ᠢ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠴᠠᠯᠢᠩ ᠤᠨ ᠶᠡᠷᠦᠩᠬᠡᠶ | ᠲᠤᠭ᠎ᠠ᠂ ᠠᠵᠢᠯᠲᠠᠨ ᠠᠵᠢᠯᠴᠢᠨ ᠤ ᠴᠠᠯᠢᠩ ᠤᠨ ᠣᠷᠣᠯᠭ᠎ᠠ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ | ᠬᠢᠭᠡᠳ ᠠᠵᠢᠯ ᠤᠨ ᠠᠮᠵᠢᠯᠲᠠ ᠶᠢ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠠᠵᠤ | ᠠᠬᠤᠶ ᠶᠢᠨ ᠦᠷ᠎ᠡ ᠠᠰᠢᠭ ᠲᠠᠢ ᠬᠤᠯᠪᠣᠭᠳᠠᠭᠤᠯᠣᠨ ᠨᠡᠮᠡᠵᠦ ᠬᠠᠰᠣᠨ᠎ᠠ᠃ ︽ᠠᠯᠠᠱᠠ ᠠᠶᠢᠮᠠᠭ ᠤᠨ ᠰᠢᠭᠤᠳ | ᠬᠠᠷᠢᠶ᠎ᠠ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠵᠡᠩᠨᠡᠯᠲᠡ ᠶᠢᠨ ᠠᠮᠵᠢᠯᠲᠠ | ᠪᠦᠲᠦᠮᠵᠢ ᠶᠢ ᠬᠢᠨᠠᠨ ᠰᠢᠯᠭᠠᠬᠤ ᠠᠷᠭ᠎ᠠ ᠵᠢᠴᠢ ᠢᠵᠢ ᠪᠦᠷᠢᠳᠦᠬᠦᠯᠦᠭᠰᠡᠨ ᠬᠡᠷᠡᠭᠵᠢᠭᠦᠯᠬᠦ ᠲᠥᠰᠦᠯ︾ ᠢ | ᠲᠡᠭᠦᠯᠳᠡᠷᠵᠢᠭᠦᠯᠵᠦ᠂ ︽ᠠᠯᠠᠱᠠ ᠠᠶᠢᠮᠠᠭ ᠤᠨ ᠤᠯᠤᠰ ᠤᠨ ᠦᠮᠴᠢᠯᠡᠯᠳᠦ ᠡᠳ᠋ ᠬᠥᠷᠥᠩᠭᠡ ᠶᠢ ᠬᠢᠨᠠᠠ ᠬᠠᠮᠢᠶᠠᠷᠬᠤ | ᠵᠦᠪᠯᠡᠯ ᠠᠴᠠ ᠬᠢᠨᠠᠨ ᠬᠠᠮᠢᠶᠠᠷᠴᠦ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠵᠡᠩᠨᠡᠯᠲᠡ ᠶᠢᠨ | ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠵᠢᠯ ᠤᠨ ᠲᠦᠷᠢᠮ ᠵᠢᠷᠦᠮ︾᠂ ︽2024 ᠣᠨ ᠤ ᠠᠯᠠᠱᠠ | ᠠᠶᠢᠮᠠᠭ ᠤᠨ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠡᠵᠡᠩᠨᠡᠯᠲᠡ ᠶᠢᠨ ᠠᠮᠵᠢᠯᠲᠠ ᠪᠦᠲᠦᠮᠵᠢ ᠶᠢ ᠬᠢᠨᠠᠨ | ᠰᠢᠯᠭᠠᠬᠤ ᠳᠣᠬᠠᠢ ᠬᠡᠷᠡᠭᠵᠢᠭᠦᠯᠬᠦ ᠨᠠᠷᠢᠨ ᠲᠦᠷᠢᠮ︾ ᠢ ᠲᠣᠭᠲᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ | ᠡᠵᠡᠩᠨᠡᠯᠲᠡ ᠶᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠬᠠᠷᠠᠯᠲᠠ ᠶᠢᠨ ᠰᠢᠰᠲ᠋ᠧᠮᠵᠢ ᠶᠢ ᠰᠢᠯᠢᠳᠡᠭᠵᠢᠭᠦᠯᠦᠨ᠂ | ᠡᠵᠡᠩᠨᠡᠯᠲᠡ ᠶᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠭᠰᠠᠨ ᠦᠷ᠎ᠡ ᠳ᠋ᠦᠩ ᠢ ᠠᠵᠤ ᠠᠬᠤᠶᠢᠯᠠᠯ ᠤᠨ | ᠣᠳᠣᠷᠢᠳᠣᠯᠭ᠎ᠠ ᠶᠢ ᠲᠣᠮᠢᠯᠠᠨ ᠬᠡᠷᠡᠭᠯᠡᠬᠦ᠂ ᠴᠠᠯᠢᠩ ᠬᠥᠯᠥᠰᠥ ᠵᠡᠷᠭᠡ ᠲᠠᠢ ᠬᠤᠯᠪᠣᠭᠳᠠᠭᠤᠯᠤᠨ᠎ᠠ᠃ ︵ᠲᠦᠷᠦᠭᠦᠯᠡᠬᠦ | ᠨᠢᠭᠡᠴᠡ᠄ ᠠᠶᠢᠮᠠᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠠ ᠬᠠᠮᠢᠶᠠᠷᠬᠤ ᠵᠥᠪᠯᠡᠯ᠂ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ | ᠬᠡᠯᠲᠡᠰ᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ︶ | 6. ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠣᠭᠲᠠᠴᠠ ᠶᠢ ᠥᠭᠡᠷᠡᠴᠢᠯᠡᠨ᠎ᠡ᠃ ᠠᠵᠤ ᠠᠬᠤᠶᠢᠯᠠᠯ ᠤᠨ | ᠰᠠᠭᠤᠷᠢ ᠶᠢ ᠶᠡᠭᠡ ᠪᠠᠷ ᠰᠠᠶᠢᠵᠢᠷᠠᠭᠤᠯᠵᠦ᠂ ᠤᠳᠤ ᠶᠢᠨ ᠪᠠᠶᠢᠭ᠎ᠠ ᠬᠤᠶᠠᠳᠤᠭᠠᠷ ᠭᠤᠷᠪᠠᠳᠤᠭᠠᠷ ᠳᠡᠰ ᠤᠨ ᠠᠵᠤ | ᠠᠬᠤᠶᠢᠯᠠᠯ ᠢ ᠪᠠᠭᠠᠰᠬᠠᠨ ᠨᠡᠶᠢᠯᠡᠭᠦᠯᠵᠦ᠂ ᠰᠢᠨ᠎ᠡ ᠪᠠᠷ ᠪᠠᠶᠢᠭᠤᠯᠤᠭᠰᠠᠨ ᠬᠤᠪᠢᠶᠠᠷᠢ ᠠᠵᠤ ᠠᠬᠤᠶᠢᠯᠠᠯ ᠢ ᠴᠢᠩᠭ᠎ᠠ | ᠠᠳᠬᠤᠵᠤ᠂ ᠳᠤᠷ᠎ᠠ ᠪᠠᠷ ᠢᠶᠠᠨ ᠪᠠᠶᠢᠭᠤᠯᠬᠤ᠂ ᠰᠣᠬᠤᠷ ᠪᠠᠯᠠᠢ ᠪᠠᠷ ᠪᠡᠯᠡ ᠣᠷᠣᠭᠤᠯᠬᠤ ᠶᠢ ᠰᠡᠷᠭᠡᠶᠢᠯᠡᠵᠦ᠂ | ᠵᠢᠷᠤᠮᠵᠢᠯ ᠲᠠᠢ ᠥᠨᠳᠥᠷ ᠪᠦᠲᠦᠮᠵᠢᠲᠡᠢ᠂ ᠬᠠᠮᠢᠶᠠᠷᠤᠯᠲᠠ ᠨᠢ ᠰᠢᠨᠵᠢᠯᠡᠬᠦ ᠤᠬᠠᠭᠠᠨᠴᠢ ᠤᠳᠤ ᠦᠶ᠎ᠡ ᠶᠢᠨ ᠤᠯᠤᠰ ᠤᠨ | ᠦᠮᠴᠢᠯᠡᠯᠳᠦ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠦᠷᠢᠮ ᠢ ᠪᠦᠷᠢᠯᠳᠦᠭᠦᠯᠬᠦ ᠶᠢ ᠠᠬᠢᠭᠤᠯᠤᠨ᠎ᠠ᠃ | ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠶᠡᠭᠡ ᠪᠠᠷ ᠰᠢᠢᠳᠪᠦᠷᠢᠯᠡᠵᠦ᠂ ᠡᠯ᠎ᠡ ᠱᠠᠲᠤᠨ ᠤ ᠠᠵᠤ | ᠠᠬᠤᠶᠢᠯᠠᠯ ᠤᠨ ︽ᠵᠠᠰᠠᠭ ᠠᠵᠤ ᠠᠬᠤᠶᠢᠯᠠᠯ ᠢ ᠰᠠᠯᠭᠠᠬᠤ ᠦᠭᠡᠢ᠂ ᠠᠵᠢᠯ ᠦᠢᠯᠡᠰ ᠠᠵᠤ ᠠᠬᠤᠶᠢᠯᠠᠯ ᠢ ᠰᠠᠯᠭᠠᠬᠤ | ᠦᠭᠡᠢ︾ ᠠᠰᠠᠭᠤᠳᠠᠯ᠂ ᠠᠵᠤ ᠠᠬᠤᠶᠢᠯᠠᠯ ᠤᠨ ᠳᠦᠷᠢᠮ ᠢᠶᠠᠨ ᠬᠤᠪᠢᠷᠠᠭᠤᠯᠵᠤ ᠳᠡᠶᠢᠯᠬᠦ ᠦᠭᠡᠢ ᠦᠯᠡᠳᠡᠭᠳᠡᠯ | ᠠᠰᠠᠭᠤᠳᠠᠯ ᠢ ᠲᠣᠳᠣᠷᠬᠠᠢ ᠣᠶᠢᠯᠠᠭᠠᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠠᠨᠠᠯ ᠠᠷᠭ᠎ᠠ ᠬᠡᠮᠵᠢᠶ᠎ᠡ | ᠳᠤᠷᠠᠳᠴᠤ᠂ ᠠᠵᠤ ᠠᠬᠤᠶᠢᠯᠠᠯ ᠤᠨ ᠳᠠᠷᠣᠭᠠᠰᠣ ᠦᠬᠡᠢ ᠠᠵᠢᠯᠠᠬᠤ ᠶᠢ ᠠᠬᠢᠭᠤᠯᠣᠨ᠎ᠠ᠃ ︽ᠠᠯᠠᠱᠠ ᠠᠶᠢᠮᠠᠭ ᠤᠨ | ᠰᠢᠭᠤᠳ ᠬᠠᠷᠢᠶ᠎ᠠ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ | ᠵᠦᠢᠯᠡᠰ ᠢ ᠲᠥᠷᠥᠯ ᠬᠤᠪᠢᠶᠠᠬᠤ ᠨᠠᠷᠢᠨ ᠲᠠᠩᠰᠠ︾ ᠶᠢ ᠲᠣᠭᠲᠠᠭᠠᠵᠤ᠂ ᠤᠯᠤᠰ ᠤᠨ ᠦᠮᠴᠢᠯᠡᠯᠳᠦ ᠠᠵᠤ | ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ᠂ ᠬᠡᠷᠡᠭ ᠮᠡᠳᠡᠭᠴᠢᠳ ᠤᠨ ᠵᠥᠪᠯᠡᠯ᠂ ᠳᠠᠭᠠᠭᠠᠮᠠᠯ ᠤᠨ | ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠲᠣᠳᠣᠷᠬᠠᠶᠢᠯᠠᠵᠤ᠂ ᠡᠷᠬᠡ ᠬᠠᠷᠢᠭᠤᠴᠠᠯᠭ᠎ᠠ ᠲᠣᠳᠣᠷᠬᠠᠶ᠂ ᠪᠣᠳᠠᠲᠠᠶ ᠶᠢ | ᠡᠷᠬᠢᠮᠯᠡᠭᠰᠡᠨ ᠥᠨᠳᠥᠷ ᠪᠦᠲᠦᠮᠵᠢᠲᠡᠶ ᠲᠣᠭᠲᠠᠭᠠᠯ ᠳᠤ ᠨᠡᠶᠢᠴᠡᠭᠰᠡᠨ ᠬᠠᠮᠢᠶᠠᠷᠤᠯᠲᠠ ᠶᠢᠨ ᠰᠢᠰᠲ᠋ᠧᠮᠵᠢ ᠶᠢ | ᠪᠦᠷᠢᠯᠳᠦᠭᠦᠯᠦᠨ᠎ᠡ᠃ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ ᠴᠢᠩᠳᠠᠯᠠᠵᠤ᠂ ᠪᠡᠯᠡ ᠣᠷᠣᠭᠤᠯᠤᠯᠲᠠ ᠶᠢᠨ | ᠰᠢᠢᠳᠪᠦᠷᠢᠳᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠵᠢᠷᠤᠮᠵᠢᠭᠤᠯᠤᠨ᠂ ᠭᠤᠤᠯ ᠠᠵᠢᠯ ᠤᠨ ᠪᠤᠰᠤ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠬᠢᠨᠠᠠ ᠬᠠᠮᠢᠶᠠᠷᠬᠤ ᠶᠢ ᠴᠢᠩᠭᠠᠳᠬᠠᠵᠤ᠂ ᠪᠡᠯᠡ ᠣᠷᠣᠭᠤᠯᠤᠭᠰᠠᠨ ᠤ | ᠳᠠᠷᠠᠭᠠᠬᠢ ᠦᠨᠡᠯᠡᠯᠲᠡ ᠬᠠᠮᠢᠶᠠᠷᠤᠯᠲᠠ ᠶᠢ ᠴᠢᠩᠭᠠᠷᠠᠭᠤᠯᠤᠨ᠂ ᠪᠡᠯᠡ ᠣᠷᠣᠭᠤᠯᠤᠯᠲᠠ ᠶᠢᠨ ᠦᠷ᠎ᠡ ᠪᠦᠳᠦᠮᠵᠢ ᠶᠢᠨ | ᠨᠣᠷᠮ᠎ᠠ ᠶᠢ ᠳᠡᠭᠡᠭᠰᠢᠯᠡᠭᠦᠯᠦᠨ᠎ᠡ᠃ ᠴᠢᠬᠤᠯᠠ ᠶᠡᠭᠡ ᠵᠦᠢᠯᠡᠰ ᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠵᠢᠴᠢ | ᠪᠡᠯᠡ ᠭᠠᠷᠭᠠᠭᠴᠢ ᠳᠤ ᠮᠡᠳᠡᠭᠦᠯᠬᠦ ᠳᠦᠷᠢᠮ ᠢ ᠨᠠᠶᠢᠳᠠᠪᠤᠷᠢᠵᠢᠭᠤᠯᠤᠨ᠎ᠠ᠃ ᠠᠶᠢᠮᠠᠭ ᠤᠨ ᠰᠢᠭᠤᠳ ᠬᠠᠷᠢᠶ᠎ᠠ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ︽ᠵᠢᠷᠭᠤᠭ᠎ᠠ ᠶᠢ ᠲᠣᠭᠲᠠᠭᠠᠬᠤ︾ ︵ᠭᠤᠤᠯ ᠦᠢᠯᠡᠰ ᠢ | ᠲᠣᠭᠲᠠᠭᠠᠬᠤ᠂ ᠪᠠᠶᠢᠭᠤᠯᠤᠮᠵᠢ ᠶᠢ ᠲᠣᠭᠲᠠᠭᠠᠬᠤ᠂ ᠡᠭᠦᠷᠭᠡ ᠴᠢᠳᠠᠮᠵᠢ ᠶᠢ ᠲᠣᠭᠲᠠᠭᠠᠬᠤ᠂ ᠠᠵᠢᠯᠲᠠᠨ ᠤ ᠣᠷᠣᠨ | ᠲᠤᠭ᠎ᠠ ᠶᠢ ᠲᠣᠭᠲᠠᠭᠠᠬᠤ᠂ ᠲᠣᠭᠲᠠᠴᠠ ᠶᠢ ᠲᠣᠭᠲᠠᠭᠠᠬᠤ᠂ ᠴᠠᠯᠢᠩ ᠬᠥᠯᠥᠰᠥ ᠶᠢ ᠲᠣᠭᠲᠠᠭᠠᠬᠤ︶ ᠠᠵᠢᠯ ᠤᠨ | ᠲᠥᠰᠦᠯ ᠢ ᠲᠣᠭᠲᠠᠭᠠᠬᠤ ᠬᠡᠷᠡᠭᠲᠡᠶ᠃ ︵ᠲᠦᠷᠦᠭᠦᠯᠡᠬᠦ ᠨᠢᠭᠡᠴᠡ᠄ ᠠᠶᠢᠮᠠᠭ ᠤᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢ ᠬᠢᠨᠠᠠ ᠬᠠᠮᠢᠶᠠᠷᠬᠤ ᠵᠥᠪᠯᠡᠯ᠂ ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠨᠠᠮ ᠤᠨ ᠬᠤᠷᠢᠶᠠᠨ ᠤ | ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | ︵ᠭᠤᠷᠪᠠ︶ ᠤᠯᠤᠰ ᠤᠨ ᠦᠮᠴᠢᠯᠡᠯᠳᠦ ᠡᠳ᠋ ᠬᠦᠷᠦᠩᠭᠡ ᠶᠢᠨ ᠪᠠᠶᠢᠷᠢᠯᠠᠭᠤᠯᠤᠯᠲᠠ ᠪᠠ ᠠᠵᠤ ᠦᠢᠯᠡᠰ ᠤᠨ | ᠪᠦᠲᠦᠴᠡ ᠶᠢᠨ ᠲᠣᠬᠢᠷᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠦᠨ᠎ᠡ | 7. ᠳᠠᠬᠢᠨ ᠪᠠᠶᠢᠭᠤᠯᠵᠤ ᠨᠡᠶᠢᠯᠡᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭ᠎ᠠ ᠶᠢᠨ ᠲᠣᠭᠲᠠᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠣᠰᠣᠭᠠᠷ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠳᠠᠬᠢᠨ ᠪᠠᠶᠢᠭᠤᠯᠬᠤ ᠪᠠ ᠳᠣᠰᠬᠠᠶᠢᠯᠠᠨ | ᠨᠡᠶᠢᠯᠡᠭᠦᠯᠬᠦ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠳᠣᠲᠣᠭᠠᠳᠤ ᠶᠢᠨ ᠡᠬᠢ ᠪᠠᠶᠠᠯᠢᠭ ᠢ | ᠰᠢᠯᠢᠳᠡᠭᠵᠢᠭᠦᠯᠦᠨ ᠨᠡᠶᠢᠯᠡᠭᠦᠯᠵᠦ᠂ ᠬᠠᠮᠢᠶ᠎ᠠ ᠪᠥᠬᠦᠶ ᠬᠦᠷᠢᠶᠡᠨ ᠳᠠᠬᠢ ᠡᠬᠢ ᠪᠠᠶᠠᠯᠢᠭ᠂ ᠪᠠᠯᠠ ᠮᠥᠩᠭᠦ ᠶᠢ ᠭᠤᠤᠯ | ᠠᠵᠢᠯ ᠦᠢᠯᠡᠰ ᠲᠤ ᠲᠥᠪᠯᠡᠷᠡᠭᠦᠯᠬᠦ ᠶᠢ ᠠᠬᠢᠭᠤᠯᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠣᠷᠣᠭᠤᠯᠬᠤ | ᠪᠠ ᠪᠣᠴᠠᠭᠠᠬᠤ᠂ ᠭᠤᠤᠯ ᠠᠵᠢᠯ ᠢ ᠬᠦᠴᠦᠷᠬᠡᠭᠵᠢᠭᠦᠯᠦᠨ ᠨᠠᠷᠢᠯᠢᠬᠵᠢᠭᠤᠯᠬᠤ ᠶᠢ ᠪᠡᠶᠡᠯᠡᠭᠦᠯᠦᠨ᠎ᠡ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠠ ᠬᠠᠮᠢᠶᠠᠷᠬᠤ | ᠵᠥᠪᠯᠡᠯ︶ | 8. ᠬᠤᠷᠰᠢᠨ ᠡᠵᠡᠩᠨᠡᠨ᠎ᠡ᠃ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠬᠤᠯᠪᠣᠭᠠᠲᠤ ᠴᠣᠭᠴᠠ ᠪᠠᠶᠢᠭᠤᠯᠬᠤ᠂ ᠣᠷᠣᠯᠠᠨ ᠪᠠᠶᠢᠭᠤᠯᠬᠤ᠂ ᠬᠠᠮᠲᠤᠷᠠᠨ ᠡᠵᠡᠩᠨᠡᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠤᠯᠤᠰ ᠤᠨ ᠡᠯ᠎ᠡ ᠲᠥᠷᠥᠯ ᠤᠨ ᠪᠡᠯᠡ ᠣᠷᠣᠭᠤᠯᠣᠭᠰᠠᠨ ᠰᠢᠨ᠎ᠡ ᠡᠨᠧᠷᠭᠢ᠂ ᠴᠢᠬᠤᠯᠠ | ᠶᠡᠭᠡ ᠵᠠᠰᠠᠮᠠᠯ ᠵᠠᠮ᠂ ᠲᠡᠮᠦᠷ ᠵᠠᠮ᠂ ᠨᠢᠰᠬᠡᠯ ᠤᠨ ᠪᠠᠭᠤᠳᠠᠯ᠂ ᠠᠮᠢ ᠠᠬᠤᠶ ᠶᠢᠨ ᠵᠠᠰᠠᠯᠲᠠ᠂ ᠲᠠᠷᠢᠶᠠᠯᠠᠩ ᠮᠠᠯ ᠠᠵᠤ | ᠠᠬᠤᠶ ᠶᠢᠨ ᠠᠵᠤ ᠦᠢᠯᠡᠰ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠳᠤ | ᠣᠷᠣᠯᠴᠠᠬᠤ ᠶᠢ ᠵᠣᠷᠢᠭᠵᠢᠭᠤᠯᠤᠨ᠎ᠠ᠃ ︵ᠲᠦᠷᠦᠭᠦᠯᠡᠬᠦ ᠨᠢᠭᠡᠴᠡ᠄ ᠠᠶᠢᠮᠠᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠣᠶ ᠰᠢᠭᠤᠶ | ᠨᠤᠲᠤᠭ ᠪᠡᠯᠴᠢᠭᠡᠷ ᠤᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ ᠵᠥᠪᠯᠡᠯ᠂ | ᠡᠳ᠋ ᠤᠨ ᠵᠠᠰᠠᠭ ᠤᠨ ᠲᠣᠪᠴᠢᠶ᠎ᠠ︶ | 9. ᠰᠢᠨ᠎ᠡ ᠡᠨᠧᠷᠭᠢ ᠶᠢᠨ ᠲᠥᠷᠥᠯ ᠵᠦᠢᠯ ᠤᠨ ᠨᠡᠭᠡᠭᠡᠯᠲᠡ ᠶᠢ ᠲᠦᠷᠭᠡᠳᠬᠡᠨ᠎ᠡ᠃ ᠠᠶᠢᠮᠠᠭ ᠤᠨ ᠰᠢᠭᠤᠳ | ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠣᠲᠣ ᠶᠢᠨ ᠪᠠᠶᠢᠭ᠎ᠠ ᠭᠠᠵᠠᠷ ᠰᠢᠷᠣᠶ ᠶᠢᠨ ᠡᠬᠢ | ᠪᠠᠶᠠᠯᠢᠭ ᠢᠶᠠᠨ ᠴᠢᠯᠦᠬᠡᠳᠡᠢ ᠪᠣᠯᠭᠠᠬᠤ ᠶᠢ ᠵᠣᠷᠢᠭᠵᠢᠭᠤᠯᠵᠤ᠂ ᠳᠠᠭᠠᠭᠠᠴᠢᠯᠠᠬᠤ᠂ ᠲᠦᠷᠢᠶᠡᠰᠦᠯᠡᠬᠦ ᠵᠡᠷᠭᠡ ᠬᠡᠯᠪᠡᠷᠢ ᠪᠠᠷ | ᠳᠠᠮᠵᠢᠭᠤᠯᠤᠨ᠂ ᠭᠠᠵᠠᠷ ᠰᠢᠷᠣᠶ ᠶᠢᠨ ᠡᠬᠢ ᠪᠠᠶᠠᠯᠢᠭ ᠪᠠ ︽ᠭᠤᠪᠢ ᠴᠦᠯ︾ ᠤᠨ ᠲᠥᠷᠥ ᠶᠢᠨ ᠪᠣᠳᠣᠯᠭ᠎ᠠ ᠶᠢᠨ | ᠠᠵᠠ ᠲᠣᠬᠢᠶᠠᠯ ᠢ ᠰᠠᠶᠢᠲᠤᠷ ᠠᠰᠢᠭᠯᠠᠵᠤ᠂ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠪᠠ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭ᠎ᠠ ᠳᠤ ᠢᠳᠡᠪᠬᠢᠲᠡᠶ ᠬᠤᠪᠢ ᠣᠷᠣᠭᠤᠯᠤᠨ᠎ᠠ᠃ | ︵ᠲᠦᠷᠦᠭᠦᠯᠡᠬᠦ ᠨᠢᠭᠡᠴᠡ᠄ ᠠᠶᠢᠮᠠᠭ ᠤᠨ ᠡᠨᠧᠷᠭᠢ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠠ ᠬᠠᠮᠢᠶᠠᠷᠬᠤ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ︶ | 10. ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠠᠯᠠᠱᠠ ᠶᠢᠨ | ᠥᠪᠡᠷᠮᠢᠴᠡ ᠪᠠᠶᠢᠭᠠᠯᠢ ᠶᠢᠨ ᠥᠩᠭᠡ ᠦᠵᠡᠮᠵᠢ᠂ ᠰᠣᠶᠣᠯ ᠢᠷᠭᠡᠨᠰᠢᠯ ᠲᠡᠤᠬᠡ ᠶᠢ ᠬᠦᠢᠴᠡᠳ ᠠᠰᠢᠭᠯᠠᠵᠤ᠂ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠣᠨᠴᠠᠯᠢᠭᠲᠤ ᠰᠣᠳᠣᠨ | ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠵᠤ᠂ ᠠᠯᠠᠱᠠ ᠶᠢᠨ ᠥᠯᠢᠭᠡᠷ ᠢ ᠰᠠᠶᠢᠲᠤᠷ ᠶᠠᠷᠢᠵᠤ᠂ ᠰᠣᠶᠣᠯ ᠤᠨ | ᠡᠭᠦᠳᠦᠯᠲᠡ ᠶᠢᠨ ᠪᠦᠲᠦᠭᠡᠭᠳᠡᠬᠦᠨ ︵ᠠᠯᠠᠱᠠ ᠶᠢᠨ ᠪᠡᠯᠡᠭ︶ ᠢ ᠨᠡᠭᠡᠭᠡᠨ ᠬᠥᠭᠵᠢᠭᠦᠯᠵᠦ ᠲᠥᠯᠥᠪᠯᠡᠨ ᠡᠵᠡᠩᠨᠡᠨ | ᠪᠣᠷᠣᠯᠠᠭᠤᠯᠬᠤ ᠠᠵᠢᠯ ᠢ ᠰᠠᠶᠢᠲᠤᠷ ᠬᠢᠵᠦ᠂ ᠵᠢᠭᠤᠯᠴᠢᠯᠠᠯ ᠤᠨ ᠬᠡᠷᠡᠭᠯᠡᠭᠴᠢᠳ ᠤᠨ ᠣᠶᠢᠯᠠᠭᠠᠯᠲᠠ ᠶᠢ ᠲᠠᠰᠤᠷᠠᠯᠲᠠ | ᠥᠬᠡᠶ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ | ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ | ᠠᠶᠢᠮᠠᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ ᠵᠥᠪᠯᠡᠯ︶ | 11. ᠪᠣᠭᠤᠮᠲᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠨ᠎ᠠ᠃ ᠴᠡᠭᠡ ᠪᠣᠭᠤᠮᠲᠠ ᠪᠠ ᠥᠯᠵᠡᠶ | ᠪᠣᠭᠤᠮᠲᠠ ᠶᠢᠨ ᠠᠷᠠᠯᠵᠢᠶᠠᠨ ᠤ ᠲᠠᠰᠤᠷᠠᠯᠲᠠ ᠥᠬᠡᠶ ᠪᠤᠵᠠᠭᠠᠶᠢᠷᠠᠬᠤ ᠳᠤ ᠲᠦᠰᠢᠭᠯᠡᠨ᠂ ᠠᠶᠢᠮᠠᠭ ᠤᠨ ᠰᠢᠭᠤᠳ | ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡ᠂ ᠬᠠᠩᠭᠠᠯᠭ᠎ᠠ ᠶᠢᠨ ᠬᠡᠯᠬᠢᠶ᠎ᠡ᠂ | ᠪᠣᠭᠤᠮᠲᠠ ᠶᠢᠨ ᠰᠠᠭᠤᠷᠢ ᠳᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠣᠯᠠᠨ ᠤᠯᠤᠰ ᠤᠨ ᠠᠷᠠᠯᠵᠢᠶ᠎ᠠ᠂ | ᠪᠣᠯᠪᠠᠰᠣᠷᠠᠭᠤᠯᠬᠤ᠂ ᠪᠠᠯᠠ ᠣᠷᠣᠭᠤᠯᠤᠯᠲᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠳᠤ ᠣᠷᠣᠯᠴᠠᠬᠤ ᠶᠢ | ᠠᠬᠢᠭᠤᠯᠤᠨ᠎ᠠ᠃ ︵ᠲᠦᠷᠦᠭᠦᠯᠡᠬᠦ ᠨᠢᠭᠡᠴᠡ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ | ᠥᠮᠴᠢᠯᠡᠯᠲᠦ ᠡᠳ᠋ ᠬᠥᠷᠥᠩᠭᠡ ᠶᠢ ᠬᠢᠨᠠᠠ ᠬᠠᠮᠢᠶᠠᠷᠬᠤ ᠵᠥᠪᠯᠡᠯ︶ | 12. ᠠᠮᠢ ᠠᠬᠤᠶ ᠶᠢ ᠵᠠᠰᠠᠨ᠎ᠠ᠃ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠠᠮᠢ ᠠᠬᠤᠶ ᠣᠷᠴᠢᠨ ᠲᠣᠭᠤᠷᠢᠨ ᠢ ᠵᠠᠰᠠᠬᠤ ᠲᠥᠷᠥᠯ ᠵᠦᠢᠯ ᠳᠤ ᠢᠳᠡᠪᠬᠢᠲᠡᠶ ᠣᠷᠣᠯᠴᠠᠬᠤ ᠶᠢ | ᠳᠡᠮᠵᠢᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠬᠢᠴᠠ ᠶᠢ ᠲᠦᠷᠭᠡᠳᠬᠡᠨ ᠠᠬᠢᠭᠤᠯᠵᠤ᠂ | ᠲᠤᠤᠷᠠᠶ ᠶᠢᠨ ᠣᠶ᠂ ᠠᠯᠠᠱᠠ ᠠᠭᠤᠯᠠ ᠶᠢᠨ ᠣᠶ ᠰᠢᠭᠤᠶ ᠶᠢᠨ ᠡᠬᠢ ᠪᠠᠶᠠᠯᠢᠭ ᠪᠠ ᠠᠮᠢ ᠠᠬᠤᠶ ᠶᠢᠨ ᠵᠠᠰᠠᠯᠲᠠ ᠶᠢᠨ | ᠦᠷ᠎ᠡ ᠪᠦᠲᠦᠮᠵᠢ ᠳᠤ ᠲᠦᠰᠢᠭᠯᠡᠨ᠂ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠠᠷᠠᠯᠵᠢᠶ᠎ᠠ ᠶᠢ ᠰᠦᠪᠡᠭᠴᠢᠯᠡᠨ | ᠥᠷᠨᠢᠭᠦᠯᠦᠨ᠎ᠡ᠃ ︵ᠲᠦᠷᠦᠭᠦᠯᠡᠬᠦ ᠨᠢᠭᠡᠴᠡ᠄ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ︶ | ︵ᠲᠦᠷᠪᠡ︶ ᠠᠭᠤᠰᠤᠯᠴᠠᠨ ᠬᠦᠭᠵᠢᠬᠦ ᠶᠢ ᠲᠦᠷᠭᠡᠳᠭᠡᠨ᠎ᠡ | 13. ᠣᠯᠠᠨ ᠲᠠᠯᠠᠲᠤ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠠᠶᠢᠮᠠᠭ ᠤᠨ ᠰᠢᠭᠤᠳ ᠬᠠᠷᠢᠶ᠎ᠠ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠲᠥᠪ ᠤᠨ ᠠᠵᠤ ᠠᠬᠤᠶᠢᠯᠠᠯ᠂ ᠣᠷᠣᠨ ᠤ ᠰᠢᠭᠤᠳ ᠬᠠᠷᠢᠶ᠎ᠠ ᠪᠠ ᠪᠤᠰᠤᠳ | ᠠᠶᠢᠮᠠᠭ ᠬᠤᠲᠠ ᠶᠢᠨ ᠠᠵᠤ ᠠᠬᠤᠶᠢᠯᠠᠯ ᠯᠤᠭ᠎ᠠ ᠬᠠᠮᠲᠤᠷᠠᠯᠴᠠᠬᠤ ᠡᠷᠴᠢᠮ ᠢᠶᠠᠨ ᠴᠢᠩᠭᠠᠷᠠᠭᠤᠯᠬᠤ ᠶᠢ ᠳᠡᠮᠵᠢᠵᠦ᠂ | ᠰᠢᠨ᠎ᠡ ᠡᠨᠧᠷᠭᠢ ᠪᠠ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠲᠦᠷᠬᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ | ᠬᠠᠮᠳᠣ ᠪᠠᠷ ᠠᠰᠢᠭ ᠭᠥᠷᠳᠡᠬᠦ ᠬᠥᠭᠵᠢᠯᠲᠡ ᠶᠢ ᠪᠡᠶᠡᠯᠡᠭᠦᠯᠦᠨ᠎ᠡ᠃ ᠬᠤᠰᠢᠭᠤ ᠣᠷᠣᠨ ᠤ ᠤᠯᠤᠰ ᠤᠨ ᠥᠮᠴᠢᠯᠡᠯᠲᠦ | ᠠᠵᠤ ᠠᠬᠤᠶᠢᠯᠠᠯ ᠲᠠᠢ ᠬᠠᠮᠳᠣ ᠪᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠂ ᠰᠢᠨ᠎ᠡ ᠡᠨᠧᠷᠭᠢ᠂ ᠰᠣᠶᠣᠯ | ᠵᠢᠭᠤᠯᠴᠢᠯᠠᠯ ᠵᠡᠷᠭᠡ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠬᠤᠯᠪᠣᠭᠠᠯᠠᠨ ᠬᠥᠭᠵᠢᠬᠦ ᠶᠢ | ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠠᠶᠢᠮᠠᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠠ | ᠬᠠᠮᠢᠶᠠᠷᠬᠤ ᠵᠥᠪᠯᠡᠯ᠂ ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠡᠨᠧᠷᠭᠢ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ︶ | 14. ᠬᠤᠯᠢᠮᠠᠭ ᠥᠮᠴᠢᠯᠡᠯᠲᠦ ᠠᠵᠤ ᠠᠬᠤᠢ ᠶᠢ ᠬᠥᠭᠵᠢᠭᠦᠯᠦᠨ᠎ᠡ᠃ ᠠᠶᠢᠮᠠᠭ ᠤᠨ ᠰᠢᠭᠤᠳ ᠬᠠᠷᠢᠶ᠎ᠠ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢ | ᠲᠥᠷᠥᠯ ᠬᠤᠪᠢᠶᠠᠨ ᠯᠠᠪᠳᠠᠭᠤᠨ ᠢᠶᠠᠷ ᠠᠬᠢᠭᠤᠯᠵᠤ᠂ ᠨᠥᠬᠦᠴᠡᠯ ᠳᠤ ᠨᠡᠶᠢᠴᠡᠬᠦ ᠨᠡᠶᠢᠭᠡᠮ ᠤᠨ ᠬᠥᠷᠥᠩᠭᠡ ᠶᠢᠨ | ᠲᠣᠭᠲᠠᠭᠠᠯ ᠶᠣᠰᠣᠭᠠᠷ ᠬᠤᠯᠢᠮᠠᠭ ᠦᠮᠴᠢᠯᠡᠯᠳᠦ ᠲᠦᠷᠢᠮ ᠤᠨ ᠡᠵᠡᠩᠨᠡᠯᠲᠡ ᠳᠤ ᠣᠷᠣᠯᠴᠠᠬᠤ ᠶᠢ ᠳᠡᠮᠵᠢᠵᠦ᠂ | ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠯᠠ ᠣᠷᠣᠭᠤᠯᠤᠨ ᠬᠤᠪᠢ | ᠣᠷᠣᠭᠤᠯᠬᠤ᠂ ᠬᠠᠮᠲᠤᠷᠠᠨ ᠪᠠᠯᠠ ᠣᠷᠣᠭᠤᠯᠬᠤ᠂ ᠳᠠᠬᠢᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠤᠯᠤᠰ ᠤᠨ ᠥᠮᠴᠢᠯᠡᠯᠲᠦ ᠪᠤᠰᠤ ᠴᠢᠨᠠᠷ ᠰᠠᠶᠢᠲᠠᠶ ᠠᠵᠤ ᠠᠬᠤᠶᠢᠯᠠᠯ ᠳᠤ ᠰᠲ᠋ᠣᠺ ᠤᠨ ᠡᠷᠬᠡ ᠶᠢᠨ ᠪᠠᠯᠠ | ᠣᠷᠣᠭᠤᠯᠤᠯᠲᠠ ᠬᠢᠬᠦ ᠶᠢ ᠳᠡᠮᠵᠢᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠯᠤᠭ᠎ᠠ ᠳᠠᠪᠠᠭᠤᠯᠢᠭ ᠢᠶᠠᠨ | ᠬᠠᠷᠢᠯᠴᠠᠨ ᠨᠥᠬᠦᠪᠥᠷᠢᠯᠡᠬᠦ᠂ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠠ ᠬᠠᠮᠢᠶᠠᠷᠬᠤ ᠵᠥᠪᠯᠡᠯ︶ | ︵ᠲᠠᠪᠤ︶ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠤᠨ᠎ᠠ | 15. ᠭᠤᠤᠯ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠠᠶᠢᠮᠠᠭ ᠤᠨ ᠰᠢᠭᠤᠳ ᠬᠠᠷᠢᠶ᠎ᠠ ᠤᠯᠤᠰ ᠤᠨ | ᠥᠮᠴᠢᠯᠡᠯᠲᠦ ᠠᠵᠤ ᠠᠬᠤᠶᠢᠯᠠᠯ ᠨᠢ ᠪᠥᠬᠦ ᠠᠶᠢᠮᠠᠭ ᠤᠨ ᠠᠵᠢᠯ ᠤᠨ ᠳᠤᠮᠳᠠᠬᠢ ᠪᠠᠶᠢᠷᠢ ᠲᠣᠭᠲᠠᠭᠠᠯᠲᠠ ᠪᠠᠨ | ᠣᠨᠣᠪᠴᠢᠲᠠᠶ ᠣᠯᠵᠤ᠂ ᠪᠡᠶᠡᠴᠢ ᠴᠢᠳᠠᠮᠠᠭᠠᠶ ᠴᠢᠨᠠᠷ ᠢᠶᠠᠨ ᠪᠠᠳᠠᠷᠠᠭᠤᠯᠤᠨ᠂ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ᠂ ᠰᠢᠨ᠎ᠡ ᠡᠨᠧᠷᠭᠢ᠂ ᠠᠮᠢ ᠠᠬᠤᠶ ᠣᠷᠴᠢᠨ ᠲᠣᠭᠤᠷᠢᠨ ᠤ ᠵᠠᠰᠠᠯᠲᠠ᠂ ᠤᠰᠤᠨ ᠤ ᠶᠠᠪᠤᠳᠠᠯ᠂ ᠰᠣᠶᠣᠯ | ᠵᠢᠭᠤᠯᠴᠢᠯᠠᠯ᠂ ᠪᠣᠭᠤᠮᠲᠠ ᠶᠢᠨ ᠠᠵᠤ ᠠᠬᠤᠶ ᠪᠠ ᠲᠣᠭᠠᠴᠢᠯᠠᠭᠰᠠᠨ ᠰᠢᠨ᠎ᠡ ᠬᠡᠯᠪᠡᠷᠢ ᠶᠢᠨ ᠬᠤᠲᠠ ᠵᠡᠷᠭᠡ ᠠᠵᠤ | ᠦᠢᠯᠡᠰ ᠲᠤ ᠢᠳᠡᠪᠬᠢᠲᠡᠶ ᠣᠷᠣᠯᠴᠠᠵᠤ᠂ ᠠᠯᠠᠱᠠ ᠶᠢᠨ ᠴᠢᠨᠠᠷ ᠰᠠᠶᠢᠲᠠᠶ ᠡᠬᠢ ᠪᠠᠶᠠᠯᠢᠭ ᠪᠠ ᠲᠥᠷᠥ ᠶᠢᠨ | ᠪᠣᠳᠣᠯᠭ᠎ᠠ ᠶᠢᠨ ᠠᠰᠢᠭ ᠢ ᠬᠦᠢᠴᠡᠳ ᠢᠯᠡᠷᠡᠬᠦᠯᠵᠦ᠂ ᠭᠤᠤᠯ ᠬᠠᠷᠢᠭᠤᠴᠠᠯᠭ᠎ᠠ ᠭᠤᠤᠯ ᠠᠵᠢᠯ ᠢ ᠬᠥᠭᠵᠢᠭᠦᠯᠦᠨ | ᠪᠤᠵᠠᠭᠠᠶᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢ ᠬᠢᠨᠠᠠ ᠬᠠᠮᠢᠶᠠᠷᠬᠤ ᠵᠥᠪᠯᠡᠯ︶ | 16. ᠠᠯᠳᠠᠭᠳᠠᠯ ᠲᠠᠢ ᠠᠵᠤ ᠠᠬᠤᠶᠢᠯᠠᠯ ᠤᠨ ᠠᠯᠳᠠᠭᠳᠠᠯ ᠲᠠᠢ ᠪᠠᠶᠢᠭᠰᠠᠨ ᠢ ᠵᠠᠰᠠᠬᠤ ᠶᠢ ᠠᠬᠢᠭᠤᠯᠤᠨ᠎ᠠ᠃ | ᠡᠵᠡᠩᠨᠡᠯᠲᠡ ᠶᠢᠨ ᠴᠢᠨᠠᠷᠲᠠᠶ ᠠᠯᠳᠠᠭᠳᠠᠯ ᠢ ᠰᠢᠢᠳᠪᠦᠷᠢᠯᠡᠬᠦ ᠪᠠᠷ ᠬᠠᠷᠠᠯᠲᠠ ᠪᠣᠯᠭᠠᠨ᠂ ᠠᠯᠳᠠᠭᠳᠠᠯ ᠢ ᠬᠤᠪᠢᠷᠠᠭᠤᠯᠵᠤ | ᠠᠯᠳᠠᠭᠳᠠᠯ ᠢ ᠪᠠᠭᠠᠰᠬᠠᠬᠤ ᠠᠵᠢᠯᠯᠠᠭ᠎ᠠ ᠶᠢ ᠥᠷᠨᠢᠭᠦᠯᠵᠦ᠂ 2025 ᠣᠨ ᠳᠤ ᠠᠶᠢᠮᠠᠭ ᠤᠨ ᠰᠢᠭᠤᠳ ᠬᠠᠷᠢᠶ᠎ᠠ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠦᠯᠦᠭᠯᠡᠯ ᠺᠣᠮᠫᠠᠨᠢ ᠪᠦᠬᠦᠨ ᠢ ᠠᠯᠳᠠᠭᠳᠠᠯ ᠲᠠᠢ ᠪᠠᠶᠢᠭᠰᠠᠨ ᠠᠴᠠ | ᠣᠷᠣᠯᠭ᠎ᠠ ᠲᠠᠢ ᠪᠣᠯᠭᠠᠬᠤ ᠪᠠᠷ ᠴᠢᠷᠮᠠᠶᠢᠨ᠎ᠠ᠃ ᠡᠯ᠎ᠡ ᠱᠠᠲᠤᠨ ᠤ ᠬᠤᠪᠢᠶᠠᠷᠢ ᠠᠵᠤ ᠠᠬᠤᠶᠢᠯᠠᠯ ᠤᠨ ᠠᠯᠳᠠᠭᠳᠠᠯ ᠤᠨ | ᠪᠠᠶᠢᠳᠠᠯ ᠢ ᠪᠥᠬᠦ ᠲᠠᠯ᠎ᠠ ᠪᠠᠷ ᠦᠨᠡᠯᠡᠨ ᠵᠢᠱᠢᠵᠦ᠂ ᠣᠷᠳᠣ ᠬᠤᠭᠤᠴᠠᠭ᠎ᠠ ᠪᠠᠷ ᠠᠯᠳᠠᠭᠳᠠᠯ ᠲᠠᠢ ᠪᠠᠶᠢᠬᠤ᠂ | ᠠᠯᠳᠠᠭᠳᠠᠯ ᠲᠠᠢ ᠪᠠᠶᠢᠭ᠎ᠠ ᠣᠷᠣᠯᠭ᠎ᠠ ᠲᠠᠢ ᠪᠠᠶᠢᠬᠤ ᠪᠣᠯᠤᠯᠴᠠᠭ᠎ᠠ ᠦᠭᠡᠢ ᠬᠤᠪᠢᠶᠠᠷᠢ ᠠᠵᠤ ᠠᠬᠤᠶᠢᠯᠠᠯ ᠢ | ᠳᠣᠰᠬᠠᠶᠢᠯᠠᠨ ᠳᠠᠬᠢᠨ ᠪᠠᠶᠢᠭᠤᠯᠵᠤ ᠨᠡᠶᠢᠯᠡᠭᠦᠯᠬᠦ ᠪᠤᠶᠤ ᠵᠠᠬ᠎ᠠ ᠳᠡᠯᠬᠡᠬᠦᠷ ᠠᠴᠠ ᠭᠠᠷᠭᠠᠨ᠎ᠠ᠃ ︵ᠬᠠᠷᠢᠭᠤᠴᠠᠯᠭᠠᠲᠤ | ᠨᠢᠭᠡᠴᠡ᠄ ᠠᠶᠢᠮᠠᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠠ ᠬᠠᠮᠢᠶᠠᠷᠬᠤ ᠵᠥᠪᠯᠡᠯ︶ | 17. ᠠᠵᠤ ᠠᠬᠤᠶᠢᠯᠠᠯ ᠤᠨ ᠠᠶᠣᠯᠬᠦᠢ ᠦᠢᠯᠡᠳᠪᠦᠷᠢᠯᠡᠯ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠨ᠎ᠠ᠃ ᠠᠶᠢᠮᠠᠭ ᠤᠨ ᠰᠢᠭᠤᠳ ᠬᠠᠷᠢᠶ᠎ᠠ ᠤᠯᠤᠰ ᠤᠨ | ᠦᠮᠴᠢᠯᠡᠯᠳᠦ ᠠᠵᠤ ᠠᠬᠤᠶᠢᠯᠠᠯ ᠤᠨ ᠬᠢᠨ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠠᠶᠤᠯᠭᠦᠢ | ᠦᠢᠯᠡᠳᠪᠦᠷᠢᠯᠡᠯ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠠᠳᠬᠤᠬᠤ ᠲᠦᠢᠯ ᠤᠨ | ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭ᠎ᠠ ᠶᠢ ᠨᠠᠷᠢᠨ ᠲᠣᠳᠣᠷᠬᠠᠶᠢᠯᠠᠵᠤ᠂ | ᠨᠠᠷᠢᠨ ᠪᠣᠳᠠᠲᠠᠢ ᠬᠠᠷᠢᠭᠤᠴᠠᠯᠭ᠎ᠠ ᠶᠢᠨ ᠰᠢᠰᠲ᠋ᠧᠮᠵᠢ ᠪᠣᠯᠤᠨ ᠵᠡᠷᠭᠡ ᠪᠠᠷ ᠠᠳᠬᠤᠵᠤ ᠬᠠᠮᠳᠣ ᠪᠠᠷ ᠬᠠᠮᠢᠶᠠᠷᠬᠤ | ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠮᠤᠷ ᠲᠦᠪᠰᠢᠨ ᠢ ᠡᠵᠡᠮᠳᠡᠵᠦ ᠳᠡᠶᠢᠯᠬᠦ᠂ ᠣᠷᠴᠢᠨ | ᠲᠣᠭᠤᠷᠢᠨ ᠤ ᠬᠠᠮᠠᠭᠠᠯᠠᠯᠲᠠ ᠶᠢ ᠪᠠᠷᠢᠮᠵᠢᠶ᠎ᠠ ᠳᠤ ᠬᠦᠷᠭᠡᠬᠦ ᠶᠢ ᠪᠠᠲᠤᠯᠠᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠡ | ᠄ ᠠᠶᠢᠮᠠᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠠ ᠬᠠᠮᠢᠶᠠᠷᠬᠤ ᠵᠥᠪᠯᠡᠯ︶ | ︵ᠵᠢᠷᠭᠤᠭ᠎ᠠ︶ ᠤᠯᠤᠰ ᠤᠨ ᠦᠮᠴᠢᠯᠡᠯᠳᠦ ᠡᠳ᠋ ᠬᠦᠷᠦᠩᠭᠡ ᠶᠢ ᠬᠢᠨᠠᠠ ᠬᠠᠮᠢᠶᠠᠷᠬᠤ ᠦᠷ᠎ᠡ ᠪᠦᠳᠦᠮᠵᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ | 18. ᠬᠢᠨᠠᠠ ᠬᠠᠮᠢᠶᠠᠷᠬᠤ ᠡᠷᠴᠢᠮ ᠢ ᠴᠢᠩᠭᠠᠷᠠᠭᠤᠯᠤᠨ᠎ᠠ᠃ ᠠᠶᠢᠮᠠᠭ ᠤᠨ ᠤᠯᠤᠰ ᠤᠨ ᠦᠮᠴᠢᠯᠡᠯᠲᠦ ᠡᠳ᠋ | ᠬᠥᠷᠥᠩᠭᠡ ᠶᠢ ᠬᠢᠨᠠᠨ ᠬᠠᠮᠢᠶᠠᠷᠬᠤ ᠵᠥᠪᠯᠡᠯ ᠬᠥᠷᠥᠩᠭᠡ ᠶᠢ ᠬᠠᠮᠢᠶᠠᠷᠬᠤ ᠪᠠᠷ ᠭᠤᠤᠯ ᠪᠣᠯᠭᠠᠬᠤ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠡᠳ᠋ ᠬᠥᠷᠥᠩᠭᠡ ᠶᠢᠨ ᠡᠵᠡᠩᠨᠡᠯᠲᠡ ᠶᠢᠨ ᠪᠠᠶᠢᠳᠠᠯ᠂ ᠪᠠᠯᠠ | ᠣᠷᠣᠭᠤᠯᠤᠨ ᠡᠵᠡᠩᠨᠡᠬᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠢᠯᠲᠠᠨ ᠤ ᠶᠠᠪᠤᠳᠠᠯ ᠬᠥᠳᠡᠯᠮᠦᠷᠢ | ᠴᠠᠯᠢᠩ᠂ ᠥᠮᠴᠢᠯᠡᠬᠦ ᠡᠷᠬᠡ ᠶᠢᠨ ᠠᠷᠠᠯᠵᠢᠶ᠎ᠠ᠂ ᠥᠷᠢ ᠥᠭᠴᠡᠭᠡᠨ ᠤ ᠲᠦᠭᠰᠢᠭᠦᠷᠢ ᠵᠡᠷᠭᠡ ᠳᠤ ᠳᠣᠰᠬᠠᠶᠢᠯᠠᠨ | ᠰᠠᠶᠢᠳᠣᠷ ᠬᠢᠨᠠᠯᠲᠠ ᠲᠠᠯᠪᠢᠵᠦ᠂ ᠠᠵᠤ ᠠᠬᠤᠶᠢᠯᠠᠯ ᠤᠨ ᠳᠣᠲᠣᠭᠠᠳᠤ ᠶᠢᠨ ᠡᠳ᠋ ᠤᠨ ᠶᠠᠪᠤᠳᠠᠯ᠂ ᠪᠠᠯᠠ ᠣᠷᠣᠭᠤᠯᠤᠨ | ᠡᠵᠡᠩᠨᠡᠬᠦ᠂ ᠥᠮᠴᠢᠯᠡᠬᠦ ᠡᠷᠬᠡ ᠶᠢᠨ ᠰᠢᠢᠳᠪᠦᠷᠢᠯᠡᠯᠲᠡ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ᠂ | ᠲᠣᠭᠲᠠᠭᠠᠯ ᠳᠤ ᠨᠡᠶᠢᠴᠡᠭᠦᠯᠦᠨ ᠬᠠᠮᠢᠶᠠᠷᠬᠤ ᠵᠡᠷᠭᠡ ᠲᠠᠯ᠎ᠠ ᠶᠢ ᠬᠢᠨᠠᠠ ᠬᠠᠮᠢᠶᠠᠷᠴᠦ᠂ ᠠᠵᠤ ᠠᠬᠤᠶᠢᠯᠠᠯ ᠤᠨ | ᠭᠤᠤᠯᠯᠠᠬᠤ ᠥᠷᠢᠰᠥᠯᠳᠦᠬᠦ ᠬᠦᠴᠦᠨ ᠪᠠ ᠥᠷᠲᠡᠭ ᠢ ᠡᠭᠦᠳᠦᠨ ᠪᠦᠲᠦᠭᠡᠬᠦ ᠴᠢᠳᠠᠪᠤᠷᠢ ᠪᠠᠨ ᠳᠡᠭᠡᠭᠰᠢᠯᠡᠬᠦᠯᠬᠦ ᠶᠢ | ᠠᠬᠢᠭᠤᠯᠤᠨ᠎ᠠ᠃ ᠪᠡᠯᠡ ᠭᠠᠷᠭᠠᠭᠴᠢ ᠬᠢᠨᠠᠯᠲᠠ ᠲᠠᠯᠪᠢᠬᠤ᠂ ᠳᠣᠲᠣᠭᠠᠳᠤ ᠶᠢᠨ ᠬᠢᠨᠠᠨ ᠪᠣᠳᠣᠬᠤ ᠪᠠᠷ ᠬᠢᠨᠠᠯᠲᠠ | ᠲᠠᠯᠪᠢᠬᠤ᠂ ᠰᠠᠬᠢᠯᠭ᠎ᠠ ᠪᠠᠲᠤ ᠪᠠᠶᠢᠴᠠᠭᠠᠬᠤ ᠪᠠᠷ ᠬᠢᠨᠠᠯᠲᠠ ᠲᠠᠯᠪᠢᠬᠤ᠂ ᠨᠠᠮ ᠤᠨ ᠵᠣᠬᠢᠶᠠᠨ ᠪᠠᠶᠢᠭᠤᠯᠤᠯᠲᠠ ᠠᠴᠠ | ᠬᠢᠨᠠᠯᠲᠠ ᠲᠠᠯᠪᠢᠬᠤ ᠪᠠ ᠭᠠᠳᠠᠨᠠᠬᠢ ᠬᠡᠷᠡᠭ ᠮᠡᠳᠡᠭᠴᠢ ᠠᠴᠠ ᠬᠢᠨᠠᠯᠲᠠ ᠲᠠᠯᠪᠢᠬᠤ ︽ᠲᠠᠪᠤ ᠶᠢ ᠨᠢᠭᠡ | ᠴᠣᠭᠴᠠᠵᠢᠭᠤᠯᠣᠭᠰᠠᠨ︾ ᠤᠯᠤᠰ ᠤᠨ ᠡᠳ᠋ ᠬᠥᠷᠥᠩᠭᠡ ᠳᠤ ᠬᠢᠨᠠᠯᠲᠠ ᠲᠠᠯᠪᠢᠬᠤ ᠳᠦᠯᠦᠪᠰᠢᠯ ᠢ ᠪᠣᠢ ᠪᠣᠯᠭᠠᠨ᠎ᠠ᠃ | ᠬᠢᠨᠠᠯᠲᠠ ᠲᠠᠯᠪᠢᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠬᠢᠨᠠᠯᠲᠠ ᠲᠠᠯᠪᠢᠭᠰᠠᠨ ᠦᠷ᠎ᠡ | ᠪᠦᠲᠦᠭᠡᠯ ᠪᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠴᠠᠯᠢᠩ ᠬᠥᠯᠥᠰᠥ ᠶᠢ ᠲᠣᠭᠲᠠᠭᠠᠬᠤ᠂ ᠨᠠᠮ ᠤᠨ | ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠢᠨᠠᠨ ᠰᠢᠯᠭᠠᠬᠤ ᠴᠢᠬᠤᠯᠠ ᠦᠨᠳᠦᠰᠦᠯᠡᠯ | ᠪᠣᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠠ | ᠬᠠᠮᠢᠶᠠᠷᠬᠤ ᠵᠦᠪᠯᠡᠯ︶ | ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠶᠢᠮᠠᠭ ᠤᠨ ᠤᠯᠤᠰ ᠤᠨ | ᠡᠳ᠋ ᠬᠥᠷᠥᠩᠭᠡ ᠶᠢ ᠬᠢᠨᠠᠠ ᠬᠠᠮᠢᠶᠠᠷᠬᠤ ᠵᠦᠪᠯᠡᠯ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ | ᠠᠶᠢᠮᠠᠭ ᠤᠨ ᠱᠠᠲᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠪᠡᠷᠭᠡ ᠶᠢ ᠳᠠᠪᠠᠭ᠋ᠣ ᠳᠤ ᠲᠤᠯᠭᠠᠷᠠᠭᠰᠠᠨ ᠴᠢᠬᠤᠯᠠ ᠶᠡᠭᠡ ᠠᠰᠠᠭᠤᠳᠠᠯ᠂ ᠴᠢᠬᠤᠯᠠ ᠬᠡᠷᠡᠭ ᠶᠠᠪᠤᠳᠠᠯ ᠢ | ᠰᠤᠳᠤᠯᠤᠨ ᠰᠢᠢᠳᠪᠦᠷᠢᠯᠡᠵᠦ᠂ ᠴᠠᠭ ᠲᠤᠬᠠᠶ ᠳᠤᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠵᠢᠭᠠᠪᠤᠷᠢ | ᠠᠪᠴᠤ ᠳᠡᠳᠡᠨᠡᠷ ᠲᠤ ᠮᠡᠳᠡᠭᠦᠯᠬᠦ ᠬᠡᠷᠡᠭᠲᠡᠶ᠃ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ | ᠠᠬᠤᠶᠢᠯᠠᠯ ᠢ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠲᠣᠰ ᠲᠥᠰᠦᠯ ᠳᠤ ᠳᠤᠷᠠᠳᠤᠭᠰᠠᠨ ᠡᠯ᠎ᠡ | ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ︵ᠬᠤᠶᠠᠷ︶ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠶᠢᠮᠠᠭ ᠤᠨ ᠤᠯᠤᠰ ᠤᠨ | ᠦᠮᠴᠢᠯᠡᠯᠲᠦ ᠡᠳ᠋ ᠬᠦᠷᠦᠩᠭᠡ ᠶᠢ ᠬᠢᠨᠠᠠ ᠬᠠᠮᠢᠶᠠᠷᠬᠤ ᠵᠥᠪᠯᠡᠯ ᠨᠢ ᠪᠡᠷᠭᠡ ᠶᠢ ᠳᠠᠪᠠᠭ᠋ᠣ ᠠᠵᠢᠯ ᠤᠨ ᠡᠭᠦᠷᠭᠡ ᠶᠢᠨ | ᠡᠬᠡ ᠳᠠᠩᠰᠠ ᠶᠢ ᠲᠣᠭᠲᠠᠭᠠᠵᠤ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠴᠠᠭ ᠤᠨ ᠬᠢᠵᠠᠭᠠᠷ ᠤᠨ | ᠱᠠᠭᠠᠷᠳᠠᠯᠭ᠎ᠠ ᠶᠢ ᠴᠢᠩᠳᠠᠯᠠᠵᠤ᠂ ᠤᠯᠤᠰ ᠤᠨ ᠦᠮᠴᠢᠯᠡᠯᠲᠦ ᠡᠳ᠋ ᠬᠦᠷᠦᠩᠭᠡ ᠤᠯᠤᠰ ᠤᠨ ᠦᠮᠴᠢᠯᠡᠯᠲᠦ ᠠᠵᠤ | ᠠᠬᠤᠶᠢᠯᠠᠯ ᠤᠨ ᠪᠡᠷᠭᠡ ᠶᠢ ᠳᠠᠪᠠᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠭᠤᠤᠯ ᠴᠣᠭᠴᠠ ᠶᠢᠨ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠠᠵᠢᠯ ᠤᠨ ᠲᠥᠰᠦᠯ᠂ ᠨᠠᠷᠢᠨ ᠬᠠᠭᠤᠳᠠᠰᠤ᠂ ᠡᠬᠡ ᠲᠠᠩᠰᠠ᠂ | ᠴᠠᠭ ᠤᠨ ᠬᠦᠰᠦᠨᠦᠭᠲᠦ᠂ ᠳᠦᠯᠦᠪᠯᠡᠭᠡ ᠶᠢ ᠲᠣᠭᠲᠠᠭᠠᠨ᠂ ᠬᠥᠭᠵᠢᠯᠲᠡ ᠶᠢᠨ ᠬᠠᠷᠠᠯᠲᠠ ᠪᠠ ᠠᠵᠢᠯ ᠤᠨ ᠠᠷᠭ᠎ᠠ | ᠬᠡᠮᠵᠢᠶ᠎ᠡ ᠪᠠᠨ ᠲᠣᠳᠣᠷᠬᠠᠶᠢᠯᠠᠬᠤ ᠬᠡᠷᠡᠭᠲᠡᠶ᠃ ᠲᠥᠰᠦᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠵᠤ | ᠠᠬᠤᠶᠢᠯᠠᠯ ᠤᠨ ᠡᠵᠡᠩᠨᠡᠯᠲᠡ ᠶᠢᠨ ᠠᠮᠵᠢᠯᠲᠠ ᠪᠦᠲᠦᠮᠵᠢ ᠶᠢᠨ ᠣᠨ ᠤ ᠬᠢᠨᠠᠨ ᠰᠢᠯᠭᠠᠯᠲᠠ ᠳᠤ ᠣᠷᠣᠭᠤᠯᠤᠨ᠎ᠠ᠃ | ︵ᠭᠤᠷᠪᠠ︶ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠎ᠠ᠃ ᠠᠶᠢᠮᠠᠭ ᠤᠨ | ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠵᠤ ᠠᠬᠤᠶᠢᠯᠠᠯ ᠳᠤ ᠬᠤᠯᠪᠣᠭᠳᠠᠬᠤ ᠵᠦᠢᠯᠡᠰ ᠤᠨ | ᠳᠣᠬᠠᠢ ᠰᠤᠳᠤᠯᠤᠯᠲᠠ ᠪᠠᠨ ᠴᠢᠩᠭᠠᠳᠬᠠᠵᠤ᠂ ᠲᠥᠷᠥᠯ ᠵᠦᠢᠯ ᠤᠨ ᠲᠣᠬᠢᠷᠠᠭᠤᠯᠤᠯᠲᠠ᠂ ᠪᠠᠯᠠ ᠮᠥᠩᠭᠦ ᠶᠢᠨ | ᠳᠡᠮᠵᠢᠯᠭᠡ᠂ ᠪᠠᠯᠠ ᠣᠷᠣᠭᠤᠯᠤᠯᠲᠠ ᠶᠢ ᠲᠥᠯᠥᠪᠵᠢᠭᠦᠯᠬᠦ᠂ ᠰᠢᠨ᠎ᠡ ᠶᠢ ᠡᠭᠦᠳᠦᠨ ᠬᠥᠭᠵᠢᠭᠦᠯᠬᠦ ᠵᠡᠷᠭᠡ ᠲᠠᠯ᠎ᠠ ᠪᠠᠷ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠦᠴᠦᠷᠬᠡᠭᠵᠢᠨ ᠰᠢᠯᠢᠳᠡᠭᠵᠢᠵᠦ ᠪᠤᠵᠠᠭᠠᠶᠢᠷᠠᠬᠤ ᠶᠢ ᠳᠡᠮᠵᠢᠵᠦ᠂ | ᠪᠡᠷᠭᠡ ᠶᠢ ᠳᠠᠪᠠᠨ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃ | | |