ᠡᠵᠡᠨ᠎ᠡ ᠬᠤᠰᠢᠭᠤᠨ ᠤ ᠤᠯᠠᠭᠠᠨᠮᠥ᠋ᠴᠢᠷ ᠤᠨ ᠬᠢᠨ ᠣᠳᠬ᠎ᠠ ᠣᠷᠠᠯᠢᠭ ᠤᠨ ᠰᠢᠮ᠎ᠡ ᠶᠢ ᠦᠨᠳᠣᠰᠣᠨ ᠱᠠᠳᠣᠨ ᠳᠤ ᠬᠦᠷᠭᠡᠵᠣ ᠪᠠᠶᠢᠨ᠎ᠠ
ᠨᠡᠶᠢᠲᠡᠯᠡᠭᠰᠡᠨ ᠴᠠᠭ᠄
2024/7/4
    ᠣᠶᠢᠷ᠎ᠠ ᠳᠤ᠂ ᠡᠵᠡᠨ᠎ᠡ ᠬᠤᠰᠢᠭᠤᠨ ᠤ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ ᠳᠤ᠂ ᠲᠤᠬᠯᠠᠬᠴᠢᠳ ᠪᠦᠵᠢᠭ ᠤᠨ ᠬᠦᠳᠡᠯᠭᠡᠭᠡᠨ ᠨᠢᠭᠡᠪᠦᠷᠢ ᠶᠢ ᠳᠠᠬᠢᠨ ᠳᠠᠪᠲᠠᠨ ᠪᠣᠯᠪᠠᠰᠣᠷᠠᠵᠣ ᠪᠠᠶᠢᠯ᠎ᠠ᠃ ᠤᠷᠠᠨ ᠰᠠᠶᠢᠬᠠᠨ ᠤ ᠪᠦᠲᠦᠭᠡᠯ ᠢ ᠠᠮᠢᠳᠤᠷᠠᠯ ᠳᠤ ᠣᠶᠢᠷᠠᠲᠤᠭᠤᠯᠬᠤ ᠶᠢᠨ ᠲᠥᠯᠥᠭᠡ᠂ ᠳᠡᠳᠡ ᠲᠣᠭᠯᠠᠯᠲᠠ ᠪᠣᠯᠭᠠᠨ ᠳᠤ ᠪᠥᠵᠢᠭ᠂ ᠳᠠᠭᠤᠤ᠂ ᠬᠥᠭᠵᠢᠮ ᠵᠡᠷᠭᠡ ᠤᠯᠠᠨ ᠲᠦᠷᠦᠯ ᠤᠨ ᠤᠷᠠᠯᠢᠭ ᠤᠨ ᠬᠡᠯᠪᠡᠷᠢ ᠶᠢ ᠬᠠᠮᠣᠷᠴᠡᠢ᠃ ᠳᠠᠭᠤᠯᠠᠬᠤᠢ ᠶᠢᠨ ᠲᠣᠭᠯᠠᠭᠴᠢ ᠼᠤᠤ ᠢᠦᠢ ᠴᠢᠶᠠᠨ᠄ ︽ᠪᠢᠳᠠᠨ ᠤ ᠲᠣᠭᠯᠠᠯᠲᠠ ᠶᠢᠨ ᠠᠭᠤᠯᠭ᠎ᠠ ᠳᠤ ᠥᠯᠢᠭᠡᠷ ᠵᠢᠱᠢᠶ᠎ᠡ ᠦᠵᠡᠬᠦᠯᠦᠭᠰᠡᠨ ᠬᠥᠮᠥᠰ᠂ ᠤᠯᠤᠰ ᠤᠨ ᠠᠮᠤᠷ ᠲᠦᠪᠰᠢᠨ᠂ ᠬᠤᠪᠢᠰᠬᠠᠯᠳᠣ ᠰᠡᠳᠣᠪ᠂ ᠦᠨᠳᠦᠰᠦᠲᠡᠨ ᠤ ᠪᠦᠯᠬᠦᠮᠳᠡᠯ ᠳᠠᠪᠰᠢᠯᠳᠠ ᠵᠡᠷᠭᠡ ᠠᠭᠤᠯᠭ᠎ᠠ ᠶᠢ ᠢᠯᠡᠷᠡᠬᠦᠯᠬᠦ ᠪᠠᠷ ᠳᠠᠮᠵᠢᠨ ᠤᠬᠠᠭᠤᠯᠭ᠎ᠠ ᠶᠢᠨ ᠦᠷ᠎ᠡ ᠪᠦᠲᠦᠮᠵᠢ ᠶᠢ ᠨᠡᠩ ᠰᠠᠶᠢᠨ ᠪᠣᠯᠭᠠᠵᠣ᠂ ᠣᠯᠠᠨ ᠤ ᠳᠠᠭᠠᠰᠢᠶᠡᠯ ᠳᠤ ᠬᠦᠷᠭᠡᠵᠣ ᠪᠠᠶᠢᠨ᠎ᠠ︾ ᠭᠡᠪᠡ᠃    ᠡᠵᠡᠨ᠎ᠡ ᠬᠤᠰᠢᠭᠤᠨ ᠤ 11.46 ᠲᠦᠮᠡᠨ ᠬᠠᠪᠳᠠᠭᠠᠢ ᠳᠥᠷᠪᠡᠯᠵᠢᠨ ᠺᠢᠯᠣᠮᠧᠲᠷ ᠨᠤᠲᠤᠭ ᠳᠡᠪᠢᠰᠭᠡᠷ ᠳᠡᠭᠡᠷ᠎ᠡ᠂ ᠤᠯᠠᠭᠠᠨᠮᠥ᠋ᠴᠢᠷ ᠤᠨ ᠡᠩᠨᠡᠭᠡ 60 ᠭᠠᠷᠤᠢ ᠵᠢᠯ ᠤᠨ ᠬᠤᠭᠤᠴᠠᠭᠠᠨ ᠳᠤ ᠦᠨᠳᠦᠰᠦᠨ ᠱᠠᠲᠤᠨ ᠤ ᠥᠩ ᠰᠢᠮᠡᠯᠢᠭ ᠬᠥᠷᠥᠰᠥᠨ ᠳᠤ ᠦᠨᠳᠣᠰᠣᠯᠡᠨ᠂ ᠥᠪᠡᠷᠮᠢᠴᠡ ᠣᠨᠴᠠᠯᠢᠭ ᠢᠶᠠᠷ ᠢᠶᠠᠨ ᠰᠣᠶᠣᠯ ᠤᠨ ᠦᠢᠯᠡᠴᠢᠯᠡᠭᠡᠨ ᠤ ᠣᠷᠣᠨ ᠵᠠᠢ ᠶᠢ ᠳᠠᠰᠤᠷᠠᠯᠳᠠ ᠦᠭᠡᠢ ᠦᠷᠭᠡᠳᠭᠡᠵᠣ᠂ ᠣᠳᠬ᠎ᠠ ᠤᠷᠠᠯᠢᠭ ᠢᠶᠠᠷ ᠵᠠᠭᠤᠴᠢ ᠪᠣᠯᠭᠠᠨ ᠨᠠᠮ ᠤᠨ ᠲᠠᠭᠤᠨ ᠪᠠ ᠬᠠᠶᠢᠷ᠎ᠠ ᠬᠠᠯᠠᠮᠵᠢᠯᠠᠯ ᠢ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠬᠦᠷᠭᠡᠭᠰᠡᠭᠡᠷ ᠢᠷᠡᠵᠡᠢ᠃    ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠨᠮᠥ᠋ᠴᠢᠷ ᠤᠨ ᠭᠡᠰᠢᠭᠦᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ︽ᠰᠤᠷᠤᠯᠴᠠᠬᠤ᠂ ᠡᠭᠦᠳᠬᠦ᠂ ᠲᠣᠭᠯᠠᠬᠤ︾ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠠᠵᠢᠯ ᠤᠨ ᠭᠤᠣᠯ ᠱᠣᠭᠤᠮ ᠲᠠᠢ ᠨᠢᠭᠲᠠ ᠤᠶᠠᠯᠳᠤᠭᠤᠯᠤᠨ᠂ ᠬᠤᠶᠠᠷ ᠶᠡᠭᠡ ᠶᠠᠪᠤᠳᠠᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ ᠂ ᠳᠤᠮᠳᠠᠳᠤ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠤᠮᠠᠷᠠᠲᠤ ᠬᠢᠯᠢ ᠶᠢᠨ ᠰᠣᠶᠣᠯ ᠢ ᠬᠥᠭᠵᠢᠭᠦᠯᠦᠨ ᠮᠠᠨᠳᠣᠭᠤᠯᠬᠤ ᠪᠠᠷ᠂ ᠡᠵᠡᠨ᠎ᠡ ᠬᠤᠰᠢᠭᠤᠨ ᠤ ᠤᠯᠠᠭᠠᠨᠮᠥ᠋ᠴᠢᠷ ᠤᠨ ᠬᠢᠨ ︽ᠠᠷᠠᠳ ᠲᠦᠮᠡᠨ ᠤ ᠳᠤᠮᠳᠠ ᠣᠴᠢᠶ᠎ᠠ — 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠰᠠᠷ᠎ᠠ ᠶᠢᠨ ᠠᠵᠢᠯᠯᠠᠭ᠎ᠠ︾ ᠶᠢ ᠡᠶᠢᠨ ᠬᠦ ᠡᠬᠢᠯᠡᠬᠦᠯᠵᠡᠢ᠃    ᠠᠵᠢᠯᠯᠠᠭ᠎ᠠ ᠶᠢᠨ ᠬᠤᠭᠤᠴᠠᠭᠠᠨ ᠳᠤ᠂ ᠤᠯᠠᠭᠠᠨᠮᠥ᠋ᠴᠢᠷ ᠤᠨ ᠭᠡᠰᠢᠭᠦᠳ ᠭᠤᠪᠢ ᠨᠣᠳᠤᠭ ᠢᠶᠠᠷ ᠬᠦᠨᠵᠡᠭᠡᠶᠢᠷᠡᠨ᠂ ᠮᠠᠯᠴᠢᠨ ᠳᠠᠷᠢᠶᠠᠴᠢᠨ ᠠᠶᠢᠯ ᠡᠷᠦᠭᠡ ᠪᠠᠷ ᠶᠠᠪᠤᠵᠤ᠂ ︽ᠰᠣᠶᠣᠯ ᠢ ᠲᠦᠮᠡᠨ ᠡᠷᠦᠬᠡ ᠳᠤ ᠬᠦᠷᠭᠡᠬᠦ︾ ︽ᠪᠠᠶᠠᠷ ᠪᠠᠶᠠᠰᠤᠯ ᠢ ᠦᠨᠳᠦᠰᠦᠨ ᠱᠠᠲᠤᠨ ᠳᠤ ᠬᠦᠷᠭᠡᠬᠦ︾᠂ ᠤᠯᠠᠭᠠᠨᠮᠥ᠋ᠴᠢᠷ ᠤᠨ ︽ᠵᠢᠷᠭᠤᠭ᠎ᠠ ᠶᠢ ᠣᠷᠣᠭᠤᠯᠬᠤ︾ ᠵᠡᠷᠭᠡ ᠠᠵᠢᠯᠯᠠᠭ᠎ᠠ ᠶᠢᠨ ᠠᠴᠢᠶᠠᠯᠠᠪᠤᠷᠢ ᠪᠠᠷ᠂ ᠤᠷᠠᠨ ᠰᠠᠶᠢᠬᠠᠨ ᠤ ᠲᠣᠭᠯᠠᠯᠲᠠ᠂ ᠰᠣᠶᠣᠯ ᠤᠨ ᠬᠠᠪᠰᠤᠷᠤᠨ ᠵᠢᠯᠣᠭᠤᠳᠤᠯᠭ᠎ᠠ ᠂ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠯᠲᠠ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠦᠢᠯᠡᠴᠢᠯᠡᠭᠡᠨ ᠤ ᠲᠥᠷᠥᠯ ᠵᠦᠢᠯ ᠢ ᠡᠮᠬᠢᠯᠡᠨ ᠨᠡᠶᠢᠯᠡᠭᠦᠯᠵᠦ᠂ ︽ᠰᠦᠯᠵᠢᠶᠡᠨ ᠳᠡᠭᠡᠷᠡᠬᠢ ᠤᠯᠠᠭᠠᠨᠮᠥ᠋ᠴᠢᠷ︾ ᠤᠨ ᠠᠵᠢᠯ ᠤᠨ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ︽ᠢᠨᠲ᠋ᠧᠷ ᠰᠦᠯᠵᠢᠶ᠎ᠡ +︾ ᠳᠤ ᠲᠦᠰᠢᠭᠯᠡᠨ ᠰᠦᠯᠵᠢᠶᠡᠨ ᠳᠡᠭᠡᠷᠡᠬᠢ ᠤᠯᠠᠭᠠᠨᠮᠥ᠋ᠴᠢᠷ ᠤᠨ ᠦᠢᠯᠡᠴᠢᠯᠡᠭᠡ ᠪᠠ ᠰᠦᠯᠵᠢᠶᠡᠨ ᠳᠡᠭᠡᠷᠡᠬᠢ ᠤᠷᠠᠨ ᠰᠠᠶᠢᠬᠠᠨ ᠤ ᠦᠵᠡᠬᠦᠯᠭᠡ ᠨᠡᠪᠲᠡᠷᠡᠭᠦᠯᠭᠡ ᠶᠢ ᠥᠷᠨᠢᠭᠦᠯᠵᠦ᠂ ᠣᠯᠠᠨ ᠲᠦᠮᠡᠨ ᠳᠤ ᠤᠬᠠᠭᠤᠯᠬᠤ᠂ ᠣᠯᠠᠨ ᠲᠦᠮᠡᠨ ᠢ ᠬᠥᠮᠥᠵᠢᠭᠦᠯᠬᠦ ᠂ ᠣᠯᠠᠨ ᠲᠦᠮᠡᠨ ᠳᠤ ᠦᠢᠯᠡᠴᠢᠯᠡᠬᠦ ᠡᠴᠦᠰ ᠤᠨ ᠨᠢᠭᠡ ᠺᠢᠯᠣᠮᠧᠲᠷ ᠢ ᠰᠠᠭᠠᠳ ᠦᠭᠡᠢ ᠨᠠᠪᠲᠠᠷᠡᠭᠦᠯᠵᠦ᠂ ᠨᠠᠮ ᠤᠨ ᠲᠠᠭᠤᠨ ᠪᠠ ᠬᠠᠶᠢᠷ᠎ᠠ ᠬᠠᠯᠠᠮᠵᠢᠯᠠᠯ ᠢ ᠳᠠᠮᠵᠢᠭᠤᠯᠵᠡᠢ᠃ ᠣᠲᠣ ᠪᠣᠯᠲᠠᠯ᠎ᠠ᠂ ᠡᠵᠡᠨ᠎ᠡ ᠬᠤᠰᠢᠭᠤᠨ ᠤ ᠤᠯᠠᠭᠠᠨᠮᠥ᠋ᠴᠢᠷ ᠤᠨ ᠬᠢᠨ ᠨᠢᠭᠡᠨᠲᠡ 126 ᠭᠠᠷᠤᠢ ᠲᠠᠯᠠᠪᠤᠷ ᠲᠣᠭᠯᠠᠯᠲᠠ ᠶᠢ ᠭᠠᠷᠭᠠᠵᠠᠢ᠃    ᠣᠯᠠᠨ ᠵᠢᠯ ᠤᠨ ᠲᠤᠷᠰᠢ᠂ ᠡᠵᠡᠨ᠎ᠡ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠨᠢᠭᠡ ᠵᠦᠢᠯ ᠳᠤ ᠮᠡᠷᠭᠡᠰᠢᠨ ᠣᠯᠠᠨ ᠵᠦᠢᠯ ᠤᠨ ᠴᠢᠳᠠᠪᠤᠷᠢ ᠲᠠᠢ ᠪᠣᠯᠵᠣ᠂ ᠲᠣᠭᠯᠠᠯᠲᠠ ᠶᠢᠨ ᠬᠡᠯᠪᠡᠷᠢ ᠶᠢ ᠣᠯᠠᠨ ᠶᠠᠩᠵᠤ ᠪᠠᠶᠢᠯᠭᠠᠨ᠂ ᠲᠣᠨᠤᠭ ᠲᠥᠬᠦᠭᠡᠷᠦᠮᠵᠢ ᠬᠥᠩᠭᠡᠨ ᠠᠪᠰᠠᠷᠬᠠᠨ ᠣᠨᠴᠠᠯᠢᠭ ᠢ ᠪᠠᠳᠠᠷᠠᠭᠤᠯᠵᠣ᠂ ᠠᠳᠠᠯᠢ ᠪᠤᠰᠤ ᠲᠣᠭᠯᠠᠯᠲᠠ ᠳᠤ ᠴᠢᠭᠯᠡᠭᠦᠯᠦᠨ᠂ ᠲᠣᠭᠯᠠᠯᠲᠠ ᠶᠢᠨ ᠠᠭᠤᠯᠭ᠎ᠠ᠂ ᠬᠡᠯᠪᠡᠷᠢ ᠪᠠ ᠭᠡᠰᠢᠭᠦᠳ ᠤᠨ ᠪᠦᠷᠢᠯᠳᠦᠯ ᠢ ᠣᠨᠣᠪᠴᠢᠲᠠᠶ ᠲᠣᠭᠲᠠᠭᠠᠵᠤ᠂ ᠨᠠᠩ ᠨᠠᠷᠢᠯᠢᠭ ᠤᠷᠠᠨ ᠰᠠᠶᠢᠬᠠᠨ ᠤ ᠲᠣᠭᠯᠠᠯᠲᠠ ᠶᠢᠨ ᠦᠢᠯᠡᠴᠢᠯᠡᠭᠡ ᠶᠢ ᠬᠠᠩᠭᠠᠨ᠂ ᠲᠠᠯ᠎ᠠ ᠨᠤᠲᠤᠭ ᠤᠨ ᠬᠤᠪᠢᠰᠬᠠᠯᠲᠤ ᠤᠷᠠᠨ ᠰᠠᠶᠢᠬᠠᠨ ᠤ ᠬᠥᠩᠭᠡᠨ ᠮᠣᠷᠢᠲᠤ ᠴᠡᠷᠢᠭ ᠤᠨ ᠢᠷᠠᠭᠤ ᠠᠯᠳᠠᠷ ᠢ ᠤᠯᠠᠮᠵᠢᠯᠠᠨ ᠪᠠᠳᠠᠷᠠᠭᠤᠯᠣᠭᠰᠠᠭᠠᠷ ᠢᠷᠡᠵᠡᠢ᠃ ᠤᠯᠠᠭᠠᠨᠮᠥ᠋ᠴᠢᠷ ᠤᠨ ᠳᠡᠳ᠋ ᠠᠩᠭᠢ ᠶᠢᠨ ᠳᠠᠷᠤᠭ᠎ᠠ ᠬᠠᠰᠭᠡᠷᠡᠯ᠄ ︽ᠮᠠᠨ ᠤ ᠤᠯᠠᠭᠠᠨᠮᠥ᠋ᠴᠢᠷ ᠵᠢᠯ ᠪᠦᠷᠢ 4.5 ᠲᠦᠮᠡᠨ ᠺᠢᠯᠣᠮᠧᠲᠷ ᠠᠶᠠᠯᠠᠨ᠂ ᠬᠢᠯᠢ ᠶᠢᠨ ᠬᠠᠮᠠᠭᠠᠯᠠᠯᠲᠠ ᠶᠢᠨ ᠭᠠᠵᠠᠷ᠂ ᠮᠠᠯᠵᠢᠬᠤ ᠣᠷᠣᠨ᠂ ᠦᠢᠯᠡᠳᠪᠦᠷᠢ ᠠᠭᠤᠷᠬᠠᠢ᠂ ᠨᠡᠶᠢᠭᠡᠮ ᠲᠣᠭᠤᠷᠢᠭ ᠵᠡᠷᠭᠡ ᠭᠠᠵᠠᠷ ᠢᠶᠠᠷ ᠶᠠᠪᠣᠵᠣ᠂ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠬᠦᠷᠭᠡᠨ᠂ ᠦᠨᠳᠦᠰᠦᠨ ᠱᠠᠲᠤᠨ ᠤ ᠥᠷᠭᠡᠨ ᠣᠯᠠᠨ ᠲᠦᠮᠡᠨ ᠲᠠᠢ ᠦᠨᠳᠦᠰᠦᠲᠡᠨ ᠤ ᠪᠦᠯᠬᠦᠮᠳᠡᠯ ᠤᠨ ᠡᠶ᠎ᠡ ᠵᠣᠬᠢᠴᠠᠯ ᠢ ᠪᠠᠶᠢᠭᠤᠯᠣᠭᠰᠠᠭᠠᠷ ᠢᠷᠡᠵᠡᠢ︾ ᠭᠡᠪᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号