︽ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 61 | ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠡᠭᠦᠯ ᠡᠩᠬᠡ | ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠶ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ᠂ ᠰᠢᠯᠢᠳᠡᠭ ᠦᠨᠳᠦᠷ ᠪᠦᠳᠦᠮᠵᠢᠳᠡᠢ | ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠤᠨ | ᠪᠦᠷᠢᠨᠰᠢᠭᠦᠯᠬᠦ ᠶᠢ ᠠᠬᠢᠭᠤᠯᠵᠤ᠂ ᠡᠷᠡᠭᠦᠯ ᠡᠩᠬᠡ ᠠᠯᠠᠱᠠ ᠶᠢᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠠᠷᠠᠳ | ᠣᠯᠠᠨ ᠳᠤ ᠪᠥᠬᠦ ᠲᠠᠯ᠎ᠠ ᠶᠢᠨ ᠪᠥᠬᠦ ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠶᠢᠨ ᠲᠤᠰᠠᠳᠠ᠂ | ᠠᠯᠠᠱᠠ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠥᠨᠳᠥᠷ ᠬᠢᠷᠢ ᠲᠦᠪᠰᠢᠨ ᠪᠦᠬᠦᠢ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠣᠷᠣᠨ ᠤ ᠳᠣᠲᠣᠷ᠎ᠠ ᠭᠠᠳᠠᠨᠠᠬᠢ ᠴᠢᠨᠠᠷ ᠰᠠᠶᠢᠲᠠᠶ ᠡᠮᠴᠢᠯᠡᠭᠡ ᠠᠨᠠᠭᠠᠬᠤ ᠤᠬᠠᠭᠠᠨ ᠤ ᠡᠬᠢ | ᠪᠠᠶᠠᠯᠢᠭ ᠲᠤ ᠲᠦᠰᠢᠭᠯᠡᠨ᠂ ᠨᠠᠷᠠᠲᠤ ᠡᠮᠴᠢ ᠶᠢᠨ ᠠᠵᠢᠯᠯᠠᠬᠤ ᠲᠠᠰᠤᠭ᠂ ᠶᠡᠭᠡ ᠡᠮᠴᠢ ᠶᠢᠨ ᠣᠯᠠᠨ ᠴᠡᠭ ᠲᠤ ᠠᠵᠢᠯ | ᠡᠷᠭᠢᠯᠡᠬᠦ᠂ ᠲᠤᠰᠬᠠᠶ ᠮᠡᠷᠭᠡᠵᠢᠯᠲᠡᠨ ᠢ ᠣᠷᠳᠣ ᠬᠤᠭᠤᠴᠠᠭ᠎ᠠ ᠪᠠᠷ ᠲᠣᠮᠢᠯᠠᠨ ᠰᠠᠭᠤᠯᠭᠠᠬᠤ᠂ ᠪᠦᠯᠬᠦᠮ ᠪᠠᠶᠢᠭᠤᠯᠤᠨ | ᠳᠡᠮᠵᠢᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ᠂ ᠴᠢᠨᠠᠷ ᠰᠠᠶᠢᠲᠠᠶ ᠡᠮᠴᠢᠯᠡᠭᠡ᠂ ᠴᠢᠨᠠᠷ ᠰᠠᠶᠢᠲᠠᠶ | ᠬᠠᠮᠢᠶᠠᠷᠤᠯᠲᠠ ᠪᠠ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠶᠢ ᠦᠨᠳᠦᠰᠦᠨ ᠱᠠᠳᠣᠨ ᠳᠤ | ᠬᠦᠨᠵᠡᠭᠡᠶᠢᠷᠡᠬᠦᠯᠬᠦ ᠶᠢ ᠠᠬᠢᠭᠤᠯᠤᠨ᠂ ︽ᠲᠠᠪᠴᠠᠩ ᠳᠠᠬᠢ ᠡᠮᠨᠡᠯᠭᠡ ᠶᠢᠨ ᠬᠤᠷᠢᠶ᠎ᠠ︾ ᠶᠢᠨ ᠪᠥᠲᠥᠭᠡᠨ | ᠪᠠᠶᠢᠭᠤᠯᠤᠯᠲᠠ ᠶᠢᠨ ᠬᠡᠪᠴᠢᠶ᠎ᠡ ᠪᠠ ᠬᠢᠷᠢ ᠬᠡᠮ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠠᠯᠠᠱᠠ ᠠᠶᠢᠮᠠᠭ ᠤᠨ ᠳᠦᠪ | ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠭᠠᠬᠤ ᠶᠢ | ᠢᠳᠡᠪᠬᠢᠲᠡᠶ ᠠᠬᠢᠭᠤᠯᠵᠤ᠂ ᠠᠯᠠᠱᠠ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠭᠤᠷᠪᠠᠳᠤᠭᠠᠷ ᠳᠡᠰ ᠤᠨ | ᠬᠥᠬᠡ ᠲᠠᠰ ᠤᠨ ᠦᠨᠳᠦᠰᠦᠲᠡᠨ ᠤ ᠲᠤᠰᠬᠠᠶ ᠡᠮᠨᠡᠯᠭᠡ ᠶᠢᠨ ᠬᠤᠷᠢᠶ᠎ᠠ ᠪᠣᠯᠬᠤ ᠠᠭᠤᠯᠤᠭᠳᠠᠬᠤᠨ ᠤ ᠪᠠᠶᠢᠭᠤᠯᠤᠯᠲᠠ ᠶᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠦᠨᠳᠣᠷ ᠬᠢᠷᠢ ᠲᠦᠪᠰᠢᠨ ᠪᠦᠬᠦᠢ ᠡᠮᠴᠢᠯᠡᠭᠡᠨ ᠤ ᠭᠤᠤᠯᠳᠡᠯᠭ᠎ᠠ ᠲᠠᠢ | ᠲᠣᠰᠬᠠᠢ ᠰᠠᠯᠨᠭᠠᠨ ᠤ ᠪᠠᠶᠢᠭᠤᠯᠥᠯᠳᠡ ᠶᠢ ᠠᠬᠢᠭᠤᠯᠵᠦ᠂ ᠪᠦᠬᠦ ᠠᠶᠢᠮᠠᠭ ᠲᠤ ᠣᠯᠥᠰ ᠤᠨ ᠡᠮᠴᠢᠯᠡᠭᠡᠨ ᠤ | ᠭᠤᠤᠯᠳᠡᠯᠭ᠎ᠠ ᠲᠠᠢ ᠲᠣᠰᠬᠠᠢ ᠰᠠᠯᠨᠭᠠᠨ ᠤ ᠳᠥᠷᠦᠯ ᠵᠦᠢᠯ ﹇ᠬᠢᠳᠡᠳ ︵ᠮᠣᠩᠭᠤᠯ︶ ᠡᠮᠨᠡᠯᠬᠡ ᠪᠠᠭᠳᠠᠨ᠎ᠠ﹈ ᠢ | 2 ᠠᠴᠠ ᠢᠯᠡᠬᠦᠦ ᠪᠠᠶᠢᠯᠭᠠᠵᠦ᠂ ᠦᠪᠡᠷᠳᠡᠭᠡᠨ ᠵᠠᠰᠠᠬᠤ ᠣᠷᠣᠨ ᠤ ᠡᠮᠴᠢᠯᠡᠭᠡᠨ ᠤ ᠭᠤᠤᠯᠳᠡᠯᠭ᠎ᠠ ᠲᠠᠢ ᠲᠣᠰᠬᠠᠢ | ᠰᠠᠯᠨᠭᠠᠨ ᠤ ᠳᠥᠷᠦᠯ ᠵᠦᠢᠯ ᠢ 3 ᠠᠴᠠ ᠢᠯᠡᠬᠦᠦ ᠪᠠᠶᠢᠯᠭᠠᠵᠦ᠂ ᠠᠶᠢᠮᠠᠭ ᠤᠨ ᠳᠡᠰ ᠤᠨ ᠡᠮᠴᠢᠯᠡᠭᠡᠨ ᠤ | ᠭᠤᠤᠯᠳᠡᠯᠭ᠎ᠠ ᠲᠠᠢ ᠲᠣᠰᠬᠠᠢ ᠡᠮᠴᠢᠯᠡᠭᠡᠨ ᠤ ᠳᠥᠷᠦᠯ ᠵᠦᠢᠯ ᠢ 8 ᠠᠴᠠ ᠢᠯᠡᠬᠦᠦ ᠪᠠᠶᠢᠯᠭᠠᠨ᠎ᠠ᠃ ᠡᠮᠴᠢᠯᠡᠭᠡ ᠡᠷᠡᠭᠦᠯ | ᠬᠠᠮᠠᠭᠠᠯᠠᠯ ᠤᠨ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠥᠬᠦ ᠠᠶᠢᠮᠠᠭ ᠤᠨ ᠬᠤᠶᠠᠳᠤᠭᠠᠷ ᠳᠡᠰ ᠠᠴᠠ | ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠢ ᠵᠢᠯ ᠪᠦᠷᠢ ᠰᠢᠨ᠎ᠡ ᠮᠡᠷᠭᠡᠵᠢᠯ᠂ ᠰᠢᠨ᠎ᠡ | ᠲᠥᠷᠥᠯ ᠵᠦᠢᠯ ᠢ 2 — 3 ᠥᠷᠨᠢᠭᠦᠯᠵᠦ᠂ ᠡᠮᠨᠡᠯᠭᠡ ᠳᠤ ᠰᠠᠭᠤᠵᠦ ᠡᠮᠴᠢᠯᠡᠬᠦᠯᠬᠦ ᠡᠪᠡᠳᠴᠢᠨ ᠤ ᠲᠥᠷᠥᠯ ᠢ ᠵᠢᠯ | ᠪᠦᠷᠢ 1 ᠠᠴᠠ ᠢᠯᠡᠬᠦᠦ ᠨᠡᠮᠡᠭᠳᠡᠭᠦᠯᠦᠨ᠂ ᠵᠢᠯ ᠪᠦᠷᠢ ᠭᠠᠳᠠᠭᠰᠢ ᠲᠣᠮᠢᠯᠠᠵᠤ ᠳᠠᠪᠲᠠᠨ ᠰᠤᠷᠤᠯᠴᠠᠭᠤᠯᠤᠭᠰᠠᠨ | ᠡᠮᠴᠢᠯᠡᠭᠡ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠠᠵᠢᠯᠲᠠᠨ ᠤ ᠲᠤᠭ᠎ᠠ ᠨᠢ ᠡᠮᠴᠢᠯᠡᠭᠡ ᠡᠷᠡᠭᠦᠯ | ᠬᠠᠮᠠᠭᠠᠯᠠᠯ ᠤᠨ ᠲᠤᠰᠬᠠᠶ ᠮᠡᠷᠭᠡᠵᠢᠯ ᠤᠨ ᠠᠵᠢᠯᠲᠠᠨ ᠤ ᠶᠡᠷᠦᠩᠬᠡᠶ ᠲᠤᠭ᠎ᠠ ᠶᠢᠨ 5% ᠠᠴᠠ ᠳᠡᠭᠡᠭᠰᠢ ᠡᠵᠡᠯᠡᠵᠦ᠂ | ᠳᠣᠰ ᠵᠢᠯ ᠳᠠᠬᠢ ᠭᠠᠳᠠᠨ᠎ᠠ ᠰᠢᠯᠵᠢᠭᠰᠡᠨ ᠡᠪᠡᠳᠴᠢᠲᠡᠨ ᠤ ᠡᠮᠨᠡᠯᠭᠡ ᠳᠤ ᠰᠠᠭᠤᠭᠰᠠᠨ ᠶᠡᠷᠦᠩᠬᠡᠶ ᠬᠥᠮᠦᠨ ᠤᠳᠠᠭ᠎ᠠ | ᠳᠠᠬᠢ ᠡᠵᠡᠯᠡᠬᠦ ᠬᠠᠷᠢᠴᠠᠯ ᠢ ᠵᠢᠯ ᠳᠠᠷᠠᠭᠠᠯᠠᠨ ᠪᠠᠭᠤᠷᠠᠭᠤᠯᠬᠤ ᠶᠢᠨ ᠬᠠᠮᠲᠤ᠂ ᠵᠦᠶ ᠵᠣᠬᠢᠰᠲᠠᠶ ᠬᠡᠪᠴᠢᠶᠡᠨ ᠳᠤ | ᠪᠠᠶᠢᠬᠤ ᠶᠢ ᠪᠠᠳᠣᠯᠠᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠰᠠᠯᠠᠭ᠎ᠠ | ᠮᠥᠴᠢᠷ᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ | ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ᠃ ᠳᠣᠣᠷ᠎ᠠ ᠳᠣᠷᠠᠳᠣᠭᠰᠠᠨ | ᠡᠯ᠎ᠡ ᠲᠦᠷᠦᠯ ᠤᠨ ᠡᠭᠦᠷᠭᠡ ᠬᠠᠷᠢᠭᠤᠴᠠᠯᠭᠠᠲᠤ ᠨᠢᠭᠡᠴᠡ ᠳᠤ ᠴᠥᠮ ᠡᠯ᠎ᠡ ᠬᠤᠰᠢᠭᠤ ︵ᠣᠷᠣᠨ︶ ᠶᠢᠨ | ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠪᠠᠭᠳᠠᠨ᠎ᠠ᠂ ᠳᠠᠬᠢᠵᠤ ᠵᠢᠭᠰᠠᠭᠠᠬᠤ ᠦᠭᠡᠢ︶ | ᠬᠤᠶᠠᠷ᠂ ᠬᠤᠰᠢᠭᠤ ᠶᠢᠨ ᠱᠠᠲᠤᠨ ᠤ ᠡᠮᠨᠡᠯᠭᠡ ᠶᠢᠨ ᠬᠤᠷᠢᠶᠠᠨ ᠤ ᠰᠢᠶᠠᠨ ᠤ ᠬᠡᠪᠴᠢᠶᠡᠨ ᠳᠠᠬᠢ ᠬᠥᠲᠥᠴᠢ | ᠪᠣᠯᠬᠤ ᠪᠠᠶᠢᠷᠢ ᠰᠠᠭᠤᠷᠢ ᠶᠢ ᠳᠣᠪᠤᠶᠢᠯᠭᠠᠨ᠎ᠠ᠃ ᠬᠤᠰᠢᠭᠤᠨ ᠲᠠᠰ ᠤᠨ ᠡᠮᠨᠡᠯᠭᠡ ᠶᠢᠨ ᠬᠤᠷᠢᠶ᠎ᠠ ﹇ᠬᠢᠲᠠᠳ ︵ | ᠮᠣᠩᠭᠤᠯ︶ ᠡᠮᠨᠡᠯᠭᠡ ᠪᠠᠭᠲᠠᠨ᠎ᠠ᠂ ᠳᠣᠣᠷ᠎ᠠ ᠠᠳᠠᠯᠢ﹈ ᠶᠢ ᠲᠠᠰ ᠳᠡᠪᠰᠢᠭᠦᠯᠬᠦ ᠶᠢ ᠠᠬᠢᠭᠤᠯᠵᠤ᠂ ᠬᠤᠰᠢᠭᠤᠨ | ᠲᠠᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠬᠤᠰᠢᠭᠤᠨ ᠲᠠᠰ ᠤᠨ ᠡᠬᠡ ᠨᠢᠯᠬᠠᠰ ᠤᠨ ᠡᠷᠡᠭᠦᠯᠵᠢᠯ ᠤᠨ | ᠬᠤᠷᠢᠶ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠬᠤᠭᠤᠴᠠᠭᠠᠨ ᠳᠤ ᠪᠥᠬᠦ ᠠᠶᠢᠮᠠᠭ ᠤᠨ ᠡᠯ᠎ᠡ ᠬᠤᠰᠢᠭᠤᠨ ᠲᠠᠰ ᠤᠨ ᠡᠮᠨᠡᠯᠭᠡ ᠶᠢᠨ ᠬᠤᠷᠢᠶᠠᠨ ᠤ | ᠭᠤᠤᠯᠳᠠᠯᠭ᠎ᠠ ᠲᠠᠢ ᠲᠤᠰᠬᠠᠶ ᠰᠠᠯᠠᠭᠠᠨ ᠤ ᠪᠠᠶᠢᠭᠤᠯᠤᠯᠲᠠ ᠶᠢ ᠠᠬᠢᠭᠤᠯᠵᠤ᠂ ᠤᠯᠤᠰ᠂ ᠥᠪᠡᠷᠲᠡᠭᠡᠨ ᠵᠠᠰᠠᠬᠤ | ᠣᠷᠣᠨ ᠤ ᠬᠤᠰᠢᠭᠤᠨ ᠲᠠᠰ ᠤᠨ ᠡᠮᠨᠡᠯᠭᠡ ᠶᠢᠨ ᠬᠤᠷᠢᠶᠠᠨ ᠤ ᠴᠢᠳᠠᠪᠤᠷᠢ ᠶᠢᠨ ᠪᠠᠶᠢᠭᠤᠯᠤᠯᠲᠠ ᠶᠢᠨ ᠲᠥᠷᠥᠯ | ᠵᠦᠢᠯ ᠳᠤ ᠲᠦᠰᠢᠭᠯᠡᠨ᠂ ︽ᠣᠯᠠᠨ ᠡᠭᠦᠰᠬᠦ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠢ ᠣᠨᠣᠰᠢᠯᠠᠨ | ᠡᠮᠨᠡᠬᠦ ᠲᠥᠪ︾ ᠪᠠ ︽ᠪᠠᠴᠢᠮ ᠲᠦᠭᠰᠢᠭᠦᠷᠢᠲᠡᠶ ᠬᠦᠨᠳᠦ ᠡᠪᠡᠳᠴᠢᠨ ᠢ ᠲᠦᠷᠭᠡᠨ ᠠᠪᠤᠷᠠᠬᠤ ᠪᠠ ᠭᠠᠵᠢᠭ | ᠡᠪᠡᠳᠴᠢᠨ ᠢ ᠰᠢᠯᠵᠢᠭᠦᠯᠦᠨ ᠡᠮᠨᠡᠬᠦ ᠲᠥᠪ︾ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠬᠥᠭᠵᠢᠯᠲᠡ ᠶᠢᠨ | ᠬᠠᠷᠠᠯᠲᠠ ᠶᠣᠰᠣᠭᠠᠷ᠂ ᠬᠤᠰᠢᠭᠤᠨ ᠲᠠᠰ ᠤᠨ ᠡᠮᠨᠡᠯᠭᠡ ᠶᠢᠨ ᠬᠤᠷᠢᠶᠠᠨ ᠤ ᠰᠢᠨᠵᠢᠯᠡᠭᠡᠨ ᠤ ᠬᠥᠭᠵᠢᠯᠲᠡ ᠶᠢᠨ | ᠲᠥᠯᠥᠪᠵᠢᠭᠦᠯᠭᠡ ᠶᠢ ᠲᠣᠭᠲᠠᠭᠠᠵᠤ᠂ ᠬᠤᠰᠢᠭᠤᠨ ᠲᠠᠰ ᠤᠨ ᠡᠮᠨᠡᠯᠭᠡ ᠶᠢᠨ ᠬᠤᠷᠢᠶᠠᠨ ᠤ ᠭᠤᠤᠯᠳᠠᠯᠭ᠎ᠠ ᠲᠠᠢ | ᠰᠢᠨᠵᠢᠯᠡᠭᠡᠨ ᠤ ᠰᠠᠯᠠᠭ᠎ᠠ ᠪᠠ ᠭᠤᠤᠯᠳᠠᠯᠭ᠎ᠠ ᠲᠠᠢ ᠲᠤᠰᠬᠠᠶ ᠰᠠᠯᠠᠭ᠎ᠠ ᠶᠢ ᠨᠢᠭᠡᠳᠦᠯᠲᠡᠶ ᠲᠥᠯᠥᠪᠵᠢᠭᠦᠯᠬᠦ ᠪᠠ ᠪᠥᠲᠥᠭᠡᠨ | ᠪᠠᠶᠢᠭᠤᠯᠤᠨ᠎ᠠ᠃ ᠲᠦᠷᠭᠡᠨ ᠡᠮᠨᠡᠬᠦ ᠰᠠᠯᠠᠭ᠎ᠠ᠂ ᠬᠦᠩᠭᠡᠵᠢᠬᠦᠯᠬᠦ ᠰᠠᠯᠠᠭ᠎ᠠ᠂ ᠭᠡᠥᠭᠡᠳ ᠤᠨ ᠰᠠᠯᠠᠭ᠎ᠠ᠂ ᠬᠦᠨᠳᠦ | ᠡᠪᠡᠳᠴᠢᠨ ᠤ ᠡᠮᠴᠢᠯᠡᠭᠡᠨ ᠤ ᠰᠠᠯᠠᠭ᠎ᠠ᠂ ᠬᠢᠳᠡᠳ ᠡᠮᠨᠡᠯᠭᠡ ᠶᠢᠨ ᠰᠠᠯᠠᠭ᠎ᠠ᠂ ᠮᠡᠳᠡᠷᠡᠯ ᠤᠨ ᠰᠠᠯᠠᠭ᠎ᠠ᠂ | ᠨᠠᠰᠣᠳᠡᠶᠢᠴᠣᠳ ᠤᠨ ᠠᠨᠠᠭᠠᠬᠤ ᠣᠬᠠᠭᠠᠨ ᠤ ᠰᠠᠯᠠᠭ᠎ᠠ᠂ ᠡᠷᠡᠬᠦᠯᠵᠢᠬᠦᠯᠬᠦ ᠠᠨᠠᠭᠠᠬᠤ ᠣᠬᠠᠭᠠᠨ ᠤ ᠰᠠᠯᠠᠭ᠎ᠠ᠂ | ᠬᠠᠯᠳᠠᠪᠦᠷᠢᠳᠦ ᠡᠪᠡᠳᠴᠢᠨ ᠤ ᠰᠠᠯᠠᠭ᠎ᠠ ᠵᠡᠷᠭᠡ ᠰᠢᠨᠵᠢᠯᠡᠭᠡᠨ ᠢ ᠬᠦᠭᠵᠢᠬᠦᠯᠥᠨ᠎ᠠ᠃ ᠬᠠᠪᠤᠳᠠᠷ᠂ ᠵᠢᠷᠦᠬᠡ ᠲᠠᠷᠢᠬᠢᠨ ᠤ | ᠴᠢᠰᠤᠨ ᠰᠤᠳᠠᠯ ᠤᠨ ᠡᠪᠡᠳᠴᠢᠨ ᠵᠡᠷᠭᠡ ᠬᠦᠨᠳᠦ ᠡᠪᠡᠳᠴᠢᠨ ᠪᠠ ᠣᠯᠠᠨ ᠡᠭᠦᠰᠳᠡᠭ ᠡᠪᠡᠳᠴᠢᠨ ᠢ ᠣᠨᠣᠰᠢᠯᠠᠨ | ᠵᠠᠰᠠᠬᠤ ᠴᠢᠳᠠᠪᠤᠷᠢ ᠵᠢᠴᠢ ᠴᠡᠭᠡᠵᠢ ᠡᠪᠡᠳᠬᠦ᠂ ᠰᠠ ᠡᠪᠡᠳᠴᠢᠨ᠂ ᠰᠢᠷᠬ᠎ᠠ᠂ ᠬᠦᠨᠳᠦ ᠲᠦᠭᠰᠢᠭᠦᠷᠢᠲᠡᠶ ᠵᠢᠷᠮᠦᠰᠦᠨ | ᠡᠮᠡᠭᠲᠡᠶ ᠶᠢ ᠠᠪᠤᠷᠠᠨ ᠵᠠᠰᠠᠬᠤ᠂ ᠬᠦᠨᠳᠦ ᠲᠦᠭᠰᠢᠭᠦᠷᠢᠲᠡᠶ ᠬᠡᠤᠬᠡᠳ ᠪᠠ ᠨᠢᠷᠠᠢ ᠬᠡᠦᠬᠡᠳ ᠢ ᠠᠪᠤᠷᠠᠨ ᠡᠮᠨᠡᠬᠦ ᠵᠡᠷᠭᠡ | ᠡᠮᠨᠡᠯᠭᠡ ᠳᠤ ᠰᠠᠭᠤᠬᠤ ᠠᠴᠠ ᠡᠮᠦᠨᠡᠬᠢ ᠡᠮᠴᠢᠯᠡᠭᠡᠨ ᠤ ᠲᠦᠷᠭᠡᠨ ᠡᠮᠨᠡᠬᠦ ᠲᠦᠷᠭᠡᠨ ᠠᠪᠤᠷᠠᠬᠤ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠵᠦ᠂ ᠬᠤᠰᠢᠭᠤᠨ ᠤ ᠭᠠᠳᠠᠨ᠎ᠠ ᠰᠢᠯᠵᠢᠭᠦᠯᠦᠨ ᠡᠮᠨᠡᠭᠦᠯᠬᠦ ᠨᠣᠷᠮ᠎ᠠ ᠶᠢ ᠪᠠᠭᠤᠷᠠᠭᠤᠯᠤᠨ᠂ | ᠬᠤᠰᠢᠭᠤᠨ ᠤ ᠬᠡᠪᠴᠢᠶᠡᠨ ᠳᠤ ᠡᠪᠡᠳᠴᠢᠨ ᠦᠵᠡᠭᠦᠯᠬᠦ ᠨᠣᠷᠮ᠎ᠠ ᠶᠢ ᠳᠡᠭᠡᠭᠰᠢᠯᠡᠭᠦᠯᠦᠨ᠎ᠡ᠃ ︽ᠡᠮᠴᠢᠯᠡᠭᠡᠨ ᠤ | ᠬᠤᠯᠪᠣᠭᠠᠲᠤ ᠴᠣᠭᠴᠠ+︾ ᠪᠠᠷ ᠭᠠᠷᠳᠠᠬᠤ ᠴᠡᠭ ᠪᠣᠯᠭᠠᠵᠤ᠂ ᠠᠶᠢᠮᠠᠭ ᠤᠨ ᠱᠠᠲᠤᠨ ᠤ ᠭᠤᠷᠪᠠᠳᠤᠭᠠᠷ ᠳᠡᠰ ᠤᠨ | ᠡᠮᠨᠡᠯᠭᠡ ᠶᠢᠨ ᠬᠤᠷᠢᠶᠠᠨ ᠤ ᠲᠤᠰᠬᠠᠶ ᠰᠠᠯᠠᠭ᠎ᠠ ᠶᠢ ᠬᠠᠮᠲᠤ ᠪᠠᠷ ᠪᠠᠶᠢᠭᠤᠯᠬᠤ᠂ ᠲᠤᠬᠠᠶᠢᠯᠠᠭᠰᠠᠨ ᠠᠵᠢᠯ ᠢ | ᠵᠢᠯᠣᠭᠤᠳᠬᠤ᠂ ᠵᠢᠭᠠᠨ ᠰᠣᠷᠭᠠᠵᠦ ᠡᠪᠡᠳᠴᠢᠳᠡᠨ ᠤ ᠦᠷᠦᠭᠡᠨ ᠳᠤ ᠪᠠᠶᠢᠴᠠᠭᠠᠯᠳᠠ ᠬᠢᠬᠦ᠂ ᠰᠢᠨᠵᠢᠯᠡᠬᠦ ᠤᠬᠠᠭᠠᠨ ᠤ | ᠰᠤᠳᠤᠯᠭᠠᠨ ᠪᠠ ᠲᠥᠷᠥᠯ ᠵᠦᠢᠯ ᠤᠨ ᠬᠠᠮᠵᠢᠯᠴᠠᠭ᠎ᠠ ᠵᠡᠷᠭᠡ ᠬᠠᠮᠲᠤᠷᠠᠨ ᠡᠮᠴᠢᠯᠡᠭᠡ ᠡᠷᠭᠢᠯᠡᠬᠦ ᠬᠡᠯᠪᠡᠷᠢ ᠪᠠᠷ | ᠳᠠᠮᠵᠢᠭᠤᠯᠤᠨ᠂ ᠬᠤᠰᠢᠭᠤ ︵ᠣᠷᠣᠨ︶ ᠶᠢᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠪᠠᠭᠤᠷᠠᠶ ᠲᠤᠰᠬᠠᠶ ᠰᠠᠯᠠᠭ᠎ᠠ | ᠪᠠ ᠭᠤᠤᠯᠳᠠᠯᠭ᠎ᠠ ᠲᠠᠢ ᠲᠤᠰᠬᠠᠶ ᠰᠠᠯᠠᠭᠠᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠡᠭᠡᠵᠢᠩ | ᠥᠪᠥᠷ ᠮᠣᠩᠭᠤᠯ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠲᠥᠷᠥᠯ ᠵᠦᠢᠯ ᠢ | ᠬᠡᠷᠡᠭᠵᠢᠭᠦᠯᠵᠦ᠂ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ | ᠲᠥᠷᠥᠯ ᠤᠨ ᠰᠢᠰᠲ᠋ᠧᠮ ᠢᠶᠠᠷ ᠢᠶᠠᠨ ᠬᠤᠰᠢᠭᠤᠨ ᠲᠠᠰ ᠤᠨ ᠡᠮᠨᠡᠯᠭᠡ ᠶᠢᠨ ᠬᠤᠷᠢᠶ᠎ᠠ ᠶᠢ ᠲᠤᠰᠠᠯᠠᠬᠤ ᠡᠭᠦᠷᠭᠡ ᠶᠢ | ᠨᠠᠶᠢᠳᠠᠪᠤᠷᠢᠵᠢᠭᠤᠯᠤᠨ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠪᠠᠶᠢᠯᠳᠤᠬᠤ ᠪᠣᠳᠣᠯᠭ᠎ᠠ ᠶᠢᠨ | ᠲᠤᠰᠠᠯᠠᠬᠤ ᠴᠡᠷᠢᠭ ᠠᠩᠭᠢ ᠶᠢᠨ ᠣᠨᠴᠠᠯᠢᠭᠲᠤ ᠠᠨᠠᠭᠠᠬᠤ ᠤᠬᠠᠭᠠᠨ ᠤ ᠲᠥᠪ ᠪᠠ ᠣᠷᠳᠣᠰ ᠬᠤᠲᠠ ᠶᠢᠨ ᠲᠥᠪ | ᠡᠮᠨᠡᠯᠭᠡ ᠶᠢᠨ ᠬᠤᠷᠢᠶ᠎ᠠ ᠠᠴᠠ ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢ ᠠᠵᠢᠯ ᠲᠥᠷᠥᠯ ᠤᠨ | ᠰᠢᠰᠲ᠋ᠧᠮ ᠢᠶᠠᠷ ᠢᠶᠠᠨ ᠬᠠᠪᠰᠤᠷᠤᠨ ᠳᠡᠳᠬᠦᠬᠦ᠂ ᠦᠬᠠᠶ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠨᠢ | ᠠᠯᠠᠱᠠ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ | ᠬᠠᠪᠰᠤᠷᠤᠨ ᠳᠡᠳᠬᠦᠬᠦ᠂ ᠠᠯᠠᠱᠠ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠠᠴᠠ ᠠᠯᠠᠱᠠ ᠵᠡᠭᠦᠨ ᠬᠤᠰᠢᠭᠤᠨ ᠤ | ᠵᠢᠷᠠᠳᠠᠢ ᠡᠮᠨᠡᠯᠬᠡ ᠶᠢᠨ ᠬᠤᠷᠢᠶ᠎ᠠ ᠶᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠳᠡᠳᠬᠦᠬᠦ᠂ ᠠᠯᠠᠱᠠ | ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠨᠢ ᠡᠵᠡᠨ᠎ᠡ ᠬᠤᠰᠢᠭᠤᠨ ᠤ ᠮᠣᠩᠭᠤᠯ ᠡᠮᠨᠡᠯᠬᠡ ᠶᠢᠨ ᠬᠤᠷᠢᠶ᠎ᠠ ᠶᠢ | ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠶᠢ ᠳᠡᠭᠡᠭᠰᠢᠯᠡᠬᠦᠯᠦᠨ᠎ᠡ᠃ ᠵᠢᠨᠴᠠᠩ ᠬᠤᠲᠠ ᠶᠢᠨ | ᠠᠷᠠᠳ ᠤᠨ ᠡᠮᠨᠡᠯᠭᠡ ᠶᠢᠨ ᠬᠤᠷᠢᠶ᠎ᠠ ᠪᠣᠯᠤᠨ ᠠᠯᠠᠱᠠ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ | ᠬᠤᠷᠢᠶᠠᠨ ᠤ ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠯᠠᠱᠠ ᠪᠠᠷᠠᠭᠤᠨ | ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠦᠢᠯᠡᠴᠢᠯᠡᠭᠡᠨ ᠤ ᠬᠢᠷᠢ ᠲᠦᠪᠰᠢᠨ ᠪᠠ ᠦᠢᠯᠡᠴᠢᠯᠡᠭᠡᠨ ᠤ | ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠮᠡᠷᠭᠡᠵᠢᠯ ᠤᠨ ᠴᠢᠳᠠᠪᠤᠷᠢ ᠪᠠ ᠬᠠᠮᠢᠶᠠᠷᠤᠯᠲᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠰᠢᠨ᠎ᠡ ᠦᠢᠯᠡᠴᠢᠯᠡᠭᠡᠨ ᠤ ᠲᠥᠷᠥᠯ ᠵᠦᠢᠯ ᠪᠠ ᠬᠠᠮᠢᠶᠠᠷᠤᠯᠲᠠ ᠶᠢᠨ | ᠲᠥᠷᠥᠯ ᠵᠦᠢᠯ ᠢ ᠪᠡᠶ᠎ᠡ ᠪᠠᠨ ᠳᠠᠭᠠᠭᠠᠵᠤ ᠥᠷᠨᠢᠭᠦᠯᠬᠦ ᠪᠠᠷ ᠰᠢᠯᠭᠠᠨ ᠬᠢᠨᠠᠬᠤ ᠪᠠᠷᠢᠮᠵᠢᠶ᠎ᠠ ᠪᠣᠯᠭᠠᠵᠤ᠂ ᠳᠠᠪᠠᠭᠤᠯᠢᠭ | ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠡᠳ᠋ ᠤᠨ ᠵᠠᠰᠠᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ᠭᠤᠷᠪᠠ᠂ ᠬᠤᠲᠠ ᠬᠥᠳᠡᠭᠡ ᠶᠢᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠰᠠᠭᠤᠷᠢ ᠶᠢ ᠪᠠᠬᠢᠵᠢᠭᠦᠯᠦᠨ᠎ᠡ᠃ ︽ᠴᠢᠨᠠᠷ ᠰᠠᠶᠢᠲᠠᠶ ᠦᠢᠯᠡᠴᠢᠯᠡᠭᠡᠨ ᠤ ᠦᠨᠳᠦᠰᠦᠨ ᠱᠠᠲᠤᠨ ᠤ | ᠠᠶᠠᠯᠠᠯ︾ ᠠᠵᠢᠯᠯᠠᠭ᠎ᠠ ᠪᠠ ᠴᠢᠳᠠᠪᠤᠷᠢ ᠶᠢ ᠳᠡᠭᠡᠭᠰᠢᠯᠡᠬᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠴᠢᠳᠠᠮᠵᠢ ᠶᠢᠨ | ᠡᠭᠦᠷᠭᠡ᠂ ᠡᠬᠢ ᠪᠠᠶᠠᠯᠢᠭ ᠤᠨ ᠲᠣᠬᠢᠷᠠᠭᠤᠯᠤᠯᠲᠠ᠂ ᠦᠨᠳᠦᠰᠦᠨ ᠡᠮᠴᠢᠯᠡᠭᠡ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ᠂ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠪᠠ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠯ᠎ᠠ ᠪᠠᠷ | ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ | ᠵᠢᠷᠤᠮᠵᠢᠭᠤᠯᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠨ᠎ᠠ᠃ ᠵᠠᠰᠠᠭ ᠤᠨ | ᠣᠷᠳᠣᠨ ᠠᠴᠠ ᠳᠡᠮᠵᠢᠵᠦ ᠪᠦᠬᠦᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ | ᠪᠣᠯᠤᠨ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠬᠠᠷᠢᠭᠤᠴᠠᠯᠭ᠎ᠠ ᠶᠢ ᠰᠦᠪᠡᠭᠴᠢᠯᠡᠨ | ᠴᠢᠩᠭᠠᠷᠠᠭᠤᠯᠵᠤ᠂ ᠬᠥᠮᠦᠨ ᠠᠮᠠ ᠶᠢᠨ ᠲᠠᠷᠬᠠᠯᠲᠠ ᠶᠢᠨ ᠪᠠᠶᠢᠳᠠᠯ ᠢ ᠦᠨᠳᠦᠰᠦᠯᠡᠨ᠂ ᠲᠥᠯᠥᠪᠵᠢᠭᠦᠯᠭᠡ ᠪᠣᠯᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠳᠦᠪ ᠪᠣᠯᠬᠤ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠢ ᠪᠠᠶᠢᠭᠤᠯᠤᠨ᠎ᠠ᠃ ᠬᠥᠳᠡᠭᠡ ᠲᠣᠰᠬᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠨᠢᠭᠡ | ᠴᠣᠭᠴᠠᠵᠢᠭᠤᠯᠤᠨ ᠬᠠᠮᠢᠶᠠᠷᠬᠤ ᠶᠢ ᠤᠯᠠᠮ ᠨᠢᠭᠡ ᠠᠯᠬᠤᠮ ᠠᠬᠢᠭᠤᠯᠵᠤ᠂ ᠬᠥᠮᠦᠨ ᠠᠮᠠ ᠨᠡᠯᠢᠶᠡᠳ ᠴᠥᠭᠡᠨ | ᠭᠠᠴᠠᠭ᠎ᠠ ᠲᠣᠰᠬᠤᠨ ᠳᠤ ᠲᠣᠭᠲᠠᠮᠠᠯ+ᠰᠢᠯᠵᠢᠮᠡᠯ ᠦᠢᠯᠡᠴᠢᠯᠡᠭᠡᠨ ᠤ ᠵᠠᠭᠪᠤᠷ ᠢ ᠠᠪᠴᠤ᠂ ᠡᠷᠡᠭᠦᠯ ᠬᠠᠮᠠᠭᠠᠯᠠᠯ ᠤᠨ | ᠬᠤᠷᠢᠶ᠎ᠠ ᠠᠴᠠ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠡᠮᠴᠢᠯᠡᠬᠦ᠂ ᠬᠥᠷᠰᠢ ᠵᠡᠷᠭᠡᠯᠡᠳᠡᠭᠡ ︵ | ᠬᠤᠯᠪᠣᠭᠠᠯᠠᠭᠰᠠᠨ︶ ᠭᠠᠴᠠᠭ᠎ᠠ ᠲᠣᠰᠬᠤᠨ ᠳᠤ ᠦᠢᠯᠡᠴᠢᠯᠡᠭᠡ ᠬᠦᠷᠭᠡᠬᠦ᠂ ᠳᠡᠭᠡᠳᠦ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠠᠴᠠ ᠲᠣᠮᠢᠯᠠᠨ ᠰᠠᠭᠤᠯᠭᠠᠬᠤ ᠵᠡᠷᠭᠡ ᠠᠷᠭ᠎ᠠ ᠮᠠᠶ᠋ᠢᠭ ᠢᠶᠠᠷ ᠣᠯᠠᠨ ᠲᠦᠮᠡᠨ ᠳᠤ | ᠦᠨᠳᠦᠰᠦᠨ ᠡᠮᠴᠢᠯᠡᠭᠡ ᠪᠣᠯᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ | ᠬᠠᠩᠭᠠᠨ᠎ᠠ᠃ ᠦᠢᠯᠡᠴᠢᠯᠡᠬᠦ ᠬᠥᠮᠦᠨ ᠠᠮᠠ ᠨᠢ 500 ᠬᠦᠷᠬᠦ ᠦᠭᠡᠢ᠂ ᠣᠶᠢᠷ᠎ᠠ ᠵᠡᠷᠭᠡᠯᠡᠳᠡᠭᠡ ᠵᠠᠰᠠᠭ ᠵᠠᠬᠢᠷᠭᠠᠨ ᠤ | ᠭᠠᠴᠠᠭ᠎ᠠ ᠲᠣᠰᠬᠤᠨ ᠨᠢ ᠬᠥᠷᠰᠢ ᠵᠡᠷᠭᠡᠯᠡᠳᠡᠭᠡ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠲᠠᠢ ᠪᠠᠨ ᠬᠠᠮᠲᠤᠷᠠᠨ | ᠡᠷᠡᠭᠦᠯ ᠬᠠᠮᠠᠭᠠᠯᠠᠯ ᠤᠨ ᠲᠠᠰᠤᠭ ᠡᠷᠬᠢᠯᠡᠵᠦ ᠪᠣᠯᠤᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯᠲᠠᠨ ᠬᠦᠷᠦᠯᠴᠡᠬᠦ | ᠦᠭᠡᠶ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ | ᠶᠡᠷᠦᠩᠬᠡᠶ ᠡᠮᠨᠡᠯᠭᠡ ᠶᠢᠨ ᠬᠤᠷᠢᠶᠠᠨ ᠤ ᠬᠤᠪᠢᠶᠠᠷᠢ ᠬᠤᠷᠢᠶ᠎ᠠ ᠠᠴᠠ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠲᠤ ᠡᠮᠴᠢ ᠲᠣᠮᠢᠯᠠᠨ ᠰᠠᠭᠤᠯᠭᠠᠨ᠎ᠠ᠃ ᠰᠤᠮᠤ ᠪᠠᠯᠭᠠᠰᠤ ᠠᠴᠠ ᠵᠡᠭᠡᠯᠢ ᠭᠤᠳᠤᠮᠵᠢ ᠪᠣᠯᠤᠭᠰᠠᠨ ᠭᠠᠵᠠᠷ | ᠣᠷᠣᠨ ᠨᠤᠭᠤᠳ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠶᠢ ᠵᠠᠷᠴᠢᠮ | ᠳᠡᠭᠡᠷ᠎ᠡ ᠪᠠᠨ ᠲᠥᠯᠥᠪᠵᠢᠭᠦᠯᠦᠨ ᠪᠠᠶᠢᠷᠢᠯᠠᠭᠤᠯᠵᠤ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ | ᠪᠠᠶᠢᠭᠤᠯᠬᠤ ᠦᠭᠡᠶ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠳᠥᠷᠪᠡ᠂ ᠱᠠᠲᠤ ᠳᠡᠰ ᠪᠦᠯᠦᠭ ᠬᠤᠪᠢᠶᠠᠭᠰᠠᠨ ᠬᠦᠨᠳᠦ ᠶᠡᠭᠡ ᠬᠢᠵᠢᠭ ᠢ ᠠᠪᠤᠷᠠᠨ ᠵᠠᠰᠠᠬᠤ ᠰᠢᠰᠲ᠋ᠧᠮᠵᠢ ᠶᠢᠨ | ᠪᠠᠶᠢᠭᠤᠯᠤᠯᠲᠠ ᠶᠢ ᠠᠬᠢᠭᠤᠯᠣᠨ᠎ᠠ᠃ ᠠᠶᠢᠮᠠᠭ ᠤᠨ ᠱᠠᠲᠤᠨ ᠤ ᠬᠦᠨᠳᠦ ᠶᠡᠭᠡ ᠬᠢᠵᠢᠭ ᠤᠨ ᠪᠠᠴᠢᠮ ᠪᠠᠶᠢᠳᠠᠯ ᠢ | ᠠᠷᠭᠠᠴᠠᠭᠠᠬᠤ ᠠᠨᠠᠭᠠᠬᠤ ᠤᠬᠠᠭᠠᠨ ᠤ ᠠᠪᠤᠷᠠᠨ ᠲᠤᠰᠠᠯᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠬᠦᠨᠳᠦ ᠶᠡᠭᠡ ᠬᠢᠵᠢᠭ ᠢ ᠠᠪᠤᠷᠠᠨ ᠵᠠᠰᠠᠬᠤ ᠡᠭᠦᠷᠭᠡ | ᠬᠠᠷᠢᠭᠤᠴᠠᠯᠭ᠎ᠠ ᠪᠠ ᠴᠢᠳᠠᠮᠵᠢ ᠶᠢ ᠲᠣᠳᠣᠷᠬᠠᠶᠢᠯᠠᠨ ᠨᠠᠶᠢᠳᠠᠪᠤᠷᠢᠵᠢᠭᠤᠯᠵᠤ᠂ ᠬᠦᠨᠳᠦ ᠶᠡᠭᠡ ᠬᠠᠯᠳᠠᠪᠤᠷᠢᠲᠤ | ᠡᠪᠡᠳᠴᠢᠨ ᠢ ᠠᠪᠤᠷᠠᠨ ᠵᠠᠰᠠᠬᠤ ᠳᠣᠭᠳᠠᠭᠰᠠᠨ ᠡᠮᠨᠡᠯᠭᠡ ᠶᠢᠨ ᠬᠤᠷᠢᠶ᠎ᠠ ᠶᠢ ᠲᠣᠬᠢᠷᠠᠭᠤᠯᠬᠤ ᠶᠢ ᠤᠯᠠᠮ ᠨᠢᠭᠡ ᠠᠯᠬᠤᠮ | ᠰᠢᠯᠢᠳᠡᠭᠵᠢᠭᠦᠯᠦᠨ ᠪᠠᠶᠢᠷᠢᠯᠠᠭᠤᠯᠵᠤ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠤ ᠬᠢᠵᠢᠭ ᠢ ᠠᠪᠤᠷᠠᠨ ᠵᠠᠰᠠᠬᠤ | ᠴᠢᠳᠠᠪᠤᠷᠢ ᠶᠢᠨ ︽ᠪᠠᠷᠢᠮᠵᠢᠶᠠᠵᠢᠭᠤᠯᠬᠤ︾ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠪᠦᠬᠦ | ᠠᠶᠢᠮᠠᠭ ᠤᠨ ᠬᠠᠯᠳᠠᠪᠤᠷᠢᠲᠤ ᠡᠪᠡᠳᠴᠢᠨ ᠤ ᠲᠣᠭᠲᠠᠭᠰᠠᠨ ᠡᠮᠨᠡᠯᠭᠡ ᠶᠢᠨ ᠬᠤᠷᠢᠶ᠎ᠠ ᠪᠠ ᠨᠢᠭᠲᠠ ᠬᠡᠯᠪᠡᠷᠢ ᠶᠢᠨ | ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠦᠷᠦᠭᠦᠯᠡᠬᠦ ᠡᠮᠨᠡᠯᠭᠡ ᠶᠢᠨ ᠬᠤᠷᠢᠶ᠎ᠠ ᠪᠤᠶᠤ | ᠶᠡᠷᠦᠩᠬᠡᠶ ᠡᠮᠨᠡᠯᠭᠡ ᠶᠢᠨ ᠬᠤᠷᠢᠶ᠎ᠠ ᠶᠢᠨ ᠬᠠᠷᠢᠴᠠᠩᠭᠤᠶ ᠪᠡᠶ᠎ᠡ ᠪᠠᠨ ᠳᠠᠭᠠᠭᠠᠭᠰᠠᠨ ᠬᠠᠯᠳᠠᠪᠤᠷᠢᠲᠤ ᠡᠪᠡᠳᠴᠢᠨ ᠢ ᠡᠮᠨᠡᠬᠦ | ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠯᠠᠱᠠ ᠵᠡᠭᠦᠨ ᠬᠤᠰᠢᠭᠤᠨ ᠤ ᠬᠢᠲᠠᠳ ᠮᠣᠩᠭᠤᠯ | ᠡᠮᠨᠡᠯᠭᠡ ᠶᠢᠨ ᠬᠤᠷᠢᠶ᠎ᠠ᠂ ᠠᠯᠠᠱᠠ ᠪᠠᠷᠠᠭᠤᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ᠂ ᠡᠵᠡᠨ᠎ᠡ | ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢ ᠲᠦᠷᠭᠡᠨ ᠬᠤᠪᠢᠷᠠᠭᠤᠯᠣᠭᠠᠳ ᠬᠦᠨᠳᠦ ᠶᠡᠭᠡ ᠬᠢᠵᠢᠭ ᠢ ᠠᠪᠤᠷᠠᠨ | ᠵᠠᠰᠠᠬᠤ ᠪᠡᠯᠡᠳᠬᠡᠯ ᠡᠮᠨᠡᠯᠭᠡ ᠶᠢᠨ ᠬᠤᠷᠢᠶ᠎ᠠ ᠪᠣᠯᠭᠠᠨ ᠪᠥᠲᠥᠭᠡᠨ ᠪᠠᠶᠢᠭᠤᠯᠣᠨ᠎ᠠ᠃ ᠠᠯᠪᠠᠨ ᠠᠴᠠ ᠪᠠᠶᠢᠭᠤᠯᠤᠭᠰᠠᠨ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ᠂ ᠬᠠᠯᠳᠠᠪᠤᠷᠢᠯᠠᠬᠤ | ᠴᠢᠨᠠᠷᠲᠠᠶ ᠡᠪᠡᠳᠴᠢᠨ ᠤ ᠰᠠᠯᠠᠭ᠎ᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ ᠲᠠᠰᠤᠭ᠂ | ᠲᠤᠰᠠᠭᠠᠷᠯᠠᠵᠤ ᠦᠯᠡᠳᠡᠭᠡᠨ ᠠᠵᠢᠭᠯᠠᠬᠤ ᠣᠷᠣ ᠪᠠ ᠪᠠᠴᠢᠮ ᠠᠪᠤᠷᠠᠨ ᠲᠤᠰᠠᠯᠠᠬᠤ ᠪᠡᠯᠡᠳᠬᠡᠯ ᠡᠮᠨᠡᠯᠭᠡ ᠶᠢᠨ | ᠬᠤᠷᠢᠶ᠎ᠠ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠎ᠠ᠃ ᠬᠤᠶᠠᠳᠤᠭᠠᠷ ᠳᠡᠰ ᠵᠢᠴᠢ ᠲᠡᠭᠦᠨ ᠠᠴᠠ | ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠦᠨᠳᠦ ᠡᠪᠡᠳᠴᠢᠲᠡᠨ ᠢ ᠬᠠᠷᠠᠭᠠᠯᠵᠠᠨ | ᠬᠠᠮᠠᠭᠠᠯᠠᠬᠤ ᠡᠪᠡᠳᠴᠢᠲᠡᠨ ᠤ ᠦᠷᠦᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠷᠢᠮᠵᠢᠶᠠᠵᠢᠭᠤᠯᠤᠭᠰᠠᠨ ᠬᠦᠨᠳᠦ | ᠡᠪᠡᠳᠴᠢᠨ ᠢ ᠡᠮᠨᠡᠬᠦ ᠡᠬᠢ ᠪᠠᠶᠠᠯᠢᠭ ᠤᠨ ᠲᠣᠬᠢᠷᠠᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠠᠯᠠᠱᠠ | ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠢ ᠡᠮᠨᠡᠬᠦ ᠶᠡᠷᠦᠩᠬᠡᠶᠢᠯᠡᠭᠰᠡᠨ ᠠᠰᠠᠷ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ | ᠠᠯᠠᠱᠠ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠳᠡ ᠶᠢᠨ ᠣᠷᠣᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ | ᠬᠠᠯᠳᠠᠪᠤᠷᠢᠲᠤ ᠡᠪᠡᠳᠴᠢᠨ ᠢ ᠡᠮᠨᠡᠬᠦ ᠲᠣᠭᠤᠷᠢᠭ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠢ | ᠬᠡᠷᠡᠭᠵᠢᠭᠦᠯᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠠᠪᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠦᠷᠬᠡᠨ | ᠪᠠᠶᠢᠭᠤᠯᠤᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ | ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ | ᠡᠭᠦᠷᠭᠡ ᠴᠢᠳᠠᠮᠵᠢ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠨᠡᠶᠢᠭᠡᠮ ᠳᠤ ᠬᠠᠨᠳᠤᠭᠤᠯᠤᠨ | ᠬᠠᠩᠭᠠᠭᠰᠠᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠮᠡᠷᠭᠡᠵᠢᠯ ᠤᠨ ᠦᠢᠯᠡᠴᠢᠯᠡᠭᠡ ᠶᠢ ᠵᠢᠷᠣᠮᠵᠢᠭᠤᠯᠣᠨ᠎ᠠ᠃ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠤᠨ ᠰᠠᠭᠤᠷᠢ ᠶᠢ ᠪᠠᠬᠢᠵᠢᠭᠦᠯᠵᠦ᠂ ᠰᠡᠷᠭᠡᠶᠢᠯᠡᠨ ᠡᠵᠡᠮᠳᠡᠬᠦ᠂ ᠮᠡᠳᠡᠭᠡ | ᠵᠠᠩᠭᠢ ᠶᠢ ᠵᠠᠳᠠᠯᠬᠤ᠂ ᠰᠢᠯᠭᠠᠨ ᠪᠠᠶᠢᠴᠠᠭᠠᠵᠤ ᠬᠡᠮᠵᠢᠬᠦ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢ ᠶᠢ | ᠳᠡᠭᠡᠭᠰᠢᠯᠡᠭᠦᠯᠵᠦ᠂ ᠲᠤᠰᠬᠠᠶᠢᠵᠢᠭᠰᠠᠨ᠂ ᠣᠳᠣᠬᠢᠴᠢᠯᠠᠭᠰᠠᠨ ᠭᠤᠷᠪᠠᠨ ᠳᠡᠰ ᠤᠨ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠲᠣᠣᠷ ᠢ ᠪᠦᠷᠢᠯᠳᠦᠬᠦᠯᠦᠨ᠎ᠡ᠃ ᠣᠶᠤᠨ ᠰᠠᠨᠠᠭᠠᠨ ᠤ ᠡᠷᠡᠭᠦᠯ ᠬᠠᠮᠠᠭᠠᠯᠠᠯ᠂ ᠡᠷᠡᠭᠦᠯ ᠬᠠᠮᠠᠭᠠᠯᠠᠯ ᠤᠨ | ᠬᠢᠨᠠᠯᠲᠠ ᠲᠠᠯᠪᠢᠯᠲᠠ᠂ ᠡᠷᠡᠭᠦᠯ ᠮᠡᠨᠳᠦ ᠶᠢ ᠠᠬᠢᠭᠤᠯᠬᠤ᠂ ᠡᠬᠡ ᠨᠢᠯᠬ᠎ᠠ ᠶᠢᠨ ᠡᠷᠡᠭᠦᠯ ᠮᠡᠨᠳᠦ ᠶᠢ ᠬᠠᠮᠠᠭᠠᠯᠠᠬᠤ᠂ | ᠡᠷᠬᠢᠯᠡᠭᠰᠡᠨ ᠠᠵᠢᠯ ᠤᠨ ᠡᠷᠡᠭᠦᠯ ᠬᠠᠮᠠᠭᠠᠯᠠᠯ᠂ ᠴᠢᠰᠤ ᠠᠪᠬᠤ ᠬᠠᠩᠭᠠᠬᠤ ᠵᠡᠷᠭᠡ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢᠨ ᠡᠷᠴᠢᠮ ᠢᠶᠠᠨ ᠨᠡᠮᠡᠭᠳᠡᠬᠦᠯᠦᠨ᠎ᠡ᠃ | ᠡᠮᠨᠡᠯᠭᠡ ᠶᠢᠨ ᠬᠤᠷᠢᠶ᠎ᠠ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ ᠲᠠᠰᠤᠭ ᠤᠨ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢ | ᠴᠢᠩᠭᠠᠳᠬᠠᠨ᠎ᠠ᠃ ᠡᠬᠢ ᠪᠠᠶᠠᠯᠢᠭ ᠢ ᠬᠠᠮᠲᠤᠷᠠᠨ ᠠᠰᠢᠭᠯᠠᠬᠤ᠂ ᠶᠠᠰᠤ ᠴᠢᠨᠠᠷ ᠢ ᠨᠢᠭᠡᠳᠦᠯᠲᠡᠶ ᠡᠵᠡᠮᠳᠡᠬᠦ᠂ ᠮᠡᠳᠡᠭᠡ | ᠵᠠᠩᠭᠢ ᠶᠢ ᠬᠠᠮᠲᠤᠪᠠᠷ ᠬᠤᠪᠢᠶᠠᠯᠴᠠᠬᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠷᠰᠢᠯᠲᠠ ᠶᠢᠨ ᠲᠠᠰᠤᠭ ᠤᠨ | ᠪᠠᠶᠢᠴᠠᠭᠠᠨ ᠰᠢᠯᠭᠠᠬᠤ ᠰᠦᠯᠵᠢᠶ᠎ᠡ ᠶᠢ ᠪᠠᠶᠢᠭᠤᠯᠵᠤ᠂ ᠪᠠᠶᠢᠴᠠᠭᠠᠨ ᠰᠢᠯᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠪᠠ ᠬᠤᠲᠠ ᠶᠢᠨ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠵᠠᠰᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠳᠤᠲᠠᠭᠤᠳᠠᠯ ᠢ ᠲᠦᠷᠬᠡᠨ ᠨᠦᠬᠦᠪᠦᠷᠢᠯᠡᠨ᠎ᠡ᠃ ︽ | ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ︾ ᠱᠠᠭᠠᠷᠳᠠᠯᠭ᠎ᠠ | ᠶᠣᠰᠣᠭᠠᠷ᠂ ᠬᠢᠵᠢᠭ ᠢ ᠬᠢᠨᠠᠨ ᠬᠡᠮᠵᠢᠬᠦ ᠴᠡᠭ ᠤᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠲᠦᠷᠢᠮ ᠢ ᠲᠡᠭᠦᠯᠳᠡᠷᠵᠢᠭᠦᠯᠦᠨ᠂ ᠮᠡᠳᠡᠭᠡ ᠵᠠᠩᠭᠢ ᠶᠢ ᠬᠠᠷᠢᠯᠴᠠᠨ ᠨᠡᠪᠳᠡᠷᠡᠯᠴᠡᠬᠦᠯᠬᠦ᠂ | ᠡᠮᠨᠡᠬᠦ ᠪᠠ ᠰᠡᠷᠭᠡᠶᠢᠯᠡᠬᠦ ᠶᠢ ᠠᠭᠤᠰᠤᠯᠴᠠᠭᠤᠯᠬᠤ᠂ ᠰᠢᠰᠲ᠋ᠧᠮ ᠢ ᠲᠦᠪᠯᠡᠷᠡᠬᠦᠯᠬᠦ᠂ ᠱᠠᠲᠤ ᠬᠤᠪᠢᠶᠠᠨ ᠤᠷᠢᠳᠴᠢᠯᠠᠨ | ᠰᠡᠷᠡᠮᠵᠢᠯᠡᠭᠦᠯᠬᠦ ᠵᠠᠷᠴᠢᠮ ᠶᠣᠰᠣᠭᠠᠷ᠂ ᠬᠢᠨᠠᠨ ᠬᠡᠮᠵᠢᠬᠦ ᠠᠷᠭ᠎ᠠ ᠵᠠᠮ ᠢ ᠥᠷᠭᠡᠳᠬᠡᠬᠦ᠂ ᠪᠠᠶᠢᠭᠤᠯᠤᠯ ᠲᠣᠭᠲᠠᠴᠠ ᠶᠢ | ᠲᠡᠭᠦᠯᠳᠡᠷᠵᠢᠭᠦᠯᠬᠦ᠂ ᠲᠦᠭᠰᠢᠭᠦᠷᠢ ᠶᠢ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠬᠠᠮᠢᠶᠠᠷᠤᠯᠲᠠ ᠶᠢ | ᠵᠢᠷᠤᠮᠵᠢᠭᠤᠯᠬᠤ ᠳᠠᠯ᠎ᠠ ᠪᠠᠷ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠮᠡᠷᠭᠡᠵᠢᠯ ᠤᠨ | ᠲᠤᠯᠭᠠᠭᠤᠷᠢᠯᠠᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠣᠯᠠᠨ ᠳᠠᠯ᠎ᠠ ᠠᠴᠠ ᠬᠢᠬᠦ᠂ ᠰᠢᠭᠤᠷᠬᠠᠢ ᠲᠦᠷᠭᠡᠨ᠂ | ᠥᠨᠳᠥᠷ ᠪᠦᠲᠦᠮᠵᠢᠲᠡᠶ ᠬᠠᠯᠳᠠᠪᠤᠷᠢᠲᠤ ᠡᠪᠡᠳᠴᠢᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ | ᠰᠢᠰᠲ᠋ᠧᠮᠵᠢ ᠶᠢ ᠲᠦᠷᠬᠡᠨ ᠪᠠᠶᠢᠭᠤᠯᠤᠨ ᠪᠦᠷᠢᠨᠰᠢᠬᠦᠯᠵᠦ᠂ ᠬᠦᠨᠳᠦ ᠶᠡᠭᠡ ᠬᠢᠵᠢᠭ᠂ ᠢᠯᠠᠩᠭᠤᠶ᠎ᠠ ᠰᠢᠨ᠎ᠡ ᠪᠠᠷ | ᠡᠭᠦᠰᠦᠭᠰᠡᠨ ᠭᠡᠨᠡᠳᠲᠡ ᠶᠢᠨ ᠬᠠᠯᠳᠠᠪᠤᠷᠢᠲᠤ ᠡᠪᠡᠳᠴᠢᠨ ᠢ ᠡᠷᠲᠡ ᠢᠯᠡᠷᠡᠭᠦᠯᠬᠦ᠂ ᠡᠷᠲᠡ ᠤᠷᠢᠳᠴᠢᠯᠠᠨ | ᠰᠡᠷᠡᠮᠵᠢᠯᠡᠭᠦᠯᠬᠦ ᠴᠢᠳᠠᠪᠤᠷᠢ ᠪᠠ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠣᠷᠣᠨ ᠪᠦᠰᠡ ᠬᠠᠮᠵᠢᠯᠴᠠᠭᠰᠠᠨ᠂ | ᠬᠠᠮᠳᠣ ᠪᠠᠷ ᠰᠡᠷᠭᠡᠶᠢᠯᠡᠵᠦ ᠬᠠᠮᠳᠣ ᠪᠠᠷ ᠡᠵᠡᠮᠳᠡᠬᠦ ᠬᠠᠯᠳᠠᠪᠤᠷᠢᠲᠤ ᠡᠪᠡᠳᠴᠢᠨ ᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠰᠢᠰᠲ᠋ᠧᠮᠵᠢ ᠶᠢ ᠪᠠᠶᠢᠭᠤᠯᠤᠨ᠎ᠠ᠃ ᠣᠯᠡᠨ ᠨᠡᠶᠢᠲᠡ ᠶᠢᠨ ᠡᠷᠡᠬᠦᠯ ᠬᠠᠮᠠᠭᠠᠯᠠᠯ ᠤᠨ ᠪᠠᠴᠢᠮ ᠪᠠᠶᠢᠳᠡᠯ ᠢ | ᠠᠷᠭᠠᠴᠠᠭᠠᠬᠤ ᠬᠠᠮᠢᠶᠡᠷᠦᠯᠳᠡ ᠶᠢᠨ ᠰᠢᠰᠲ᠋ᠧᠮᠵᠢ ᠶᠢ ᠳᠡᠬᠦᠯᠳᠡᠷᠵᠢᠬᠦᠯᠵᠦ᠂ ᠣᠷᠣᠨ ᠪᠦᠰᠡ ᠬᠠᠮᠵᠢᠯᠴᠠᠬᠤ ᠪᠠ | ᠰᠠᠯᠠᠭ᠎ᠠ ᠮᠦᠴᠢᠷ ᠬᠠᠮᠵᠢᠯᠴᠠᠨ ᠬᠠᠮᠳᠣᠷᠡᠨ ᠬᠦᠳᠡᠯᠥᠯᠴᠡᠬᠦ ᠶᠢ ᠴᠢᠩᠭᠠᠳᠬᠠᠨ᠂ ᠣᠯᠡᠨ ᠨᠡᠶᠢᠲᠡ ᠶᠢᠨ ᠡᠷᠡᠬᠦᠯ | ᠬᠠᠮᠠᠭᠠᠯᠠᠯ ᠤᠨ ᠪᠠᠴᠢᠮ ᠪᠠᠶᠢᠳᠡᠯ ᠢ ᠠᠷᠭᠠᠴᠠᠭᠠᠬᠤ ᠬᠠᠮᠢᠶᠡᠷᠦᠯᠳᠡ ᠶᠢᠨ ᠪᠠᠶᠢᠷᠢᠰᠢᠯ ᠢ ᠪᠦᠷᠢᠯᠳᠦᠬᠦᠯᠦᠨ᠎ᠡ᠃ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢ ᠳᠡᠰ ᠲᠥᠷᠥᠯ ᠬᠤᠪᠢᠶᠠᠨ | ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠵᠢᠷᠭᠤᠭ᠎ᠠ᠂ ᠨᠢᠭᠲᠠ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ | ᠠᠬᠢᠭᠤᠯᠤᠨ᠎ᠠ᠃ ᠣᠷᠣᠨ ᠤ ᠲᠣᠳᠣᠷ᠎ᠠ ᠭᠠᠳᠠᠨᠠᠬᠢ ᠴᠢᠨᠡᠷ ᠰᠠᠶᠢᠳᠡᠢ ᠡᠮᠴᠢᠯᠡᠭᠡ ᠠᠨᠠᠭᠠᠬᠤ ᠣᠬᠠᠭᠠᠨ ᠤ ᠡᠬᠢ | ᠪᠠᠶᠠᠯᠢᠭ ᠲᠤ ᠳᠥᠰᠢᠭᠯᠡᠡ᠂ ᠬᠤᠳᠡ ᠶᠢᠨ ᠡᠮᠴᠢᠯᠡᠭᠡᠨ ᠤ ᠪᠦᠯᠥᠭᠯᠡᠯ᠂ ᠡᠮᠴᠢᠯᠡᠭᠡᠨ ᠤ ᠬᠠᠮᠳᠣ ᠶᠢᠨ ᠴᠣᠠᠠᠴᠠ᠂ | ᠲᠣᠰᠬᠠᠢ ᠰᠠᠯᠨᠭᠠᠨ ᠤ ᠬᠤᠯᠪᠤᠭ᠎ᠠ ᠵᠡᠷᠭᠡ ᠡᠮᠴᠢᠯᠡᠭᠡᠨ ᠤ ᠬᠤᠯᠪᠣᠭᠠᠳᠣ ᠴᠣᠠᠠᠴᠠ ᠶᠢᠨ ᠪᠠᠶᠢᠭᠤᠯᠥᠯᠳᠡ ᠶᠢ | ᠴᠢᠩᠭᠠᠳᠬᠠᠨ᠎ᠠ᠃ ᠠᠯᠠᠱᠠ ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠪᠦᠯᠦᠭᠯᠡᠯ᠂ ᠠᠯᠠᠱᠠ | ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠪᠦᠯᠦᠭᠯᠡᠯ ᠤᠨ ᠠᠵᠢᠯᠯᠠᠭᠠᠨ ᠤ ᠪᠦᠲᠦᠴᠡ ᠪᠠᠷ | ᠳᠠᠮᠵᠢᠭᠤᠯᠤᠨ᠂ ︽ ᠰᠦᠯᠵᠢᠶ᠎ᠡ+ ᠡᠮᠴᠢᠯᠡᠭᠡ ᠡᠷᠡᠭᠦᠯ ᠮᠡᠨᠳᠦ︾᠂ ᠵᠣᠬᠢᠶᠠᠮᠠᠯ ᠣᠶᠤᠨ ᠴᠢᠳᠠᠪᠤᠷᠢ᠂ ᠲᠣᠮᠣ | ᠳ᠋ᠠᠶᠢᠲ᠋ᠠ ᠵᠡᠷᠭᠡ ᠲᠡᠷᠢᠭᠦᠨ ᠤ ᠮᠡᠷᠭᠡᠵᠢᠯ ᠢ ᠭᠦᠢᠴᠡᠳ ᠬᠡᠷᠡᠭᠯᠡᠵᠦ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ | ᠪᠦᠯᠦᠭᠵᠢᠬᠦᠯᠦᠨ᠂ ᠨᠠᠷᠠᠲᠤ ᠳᠡᠮᠳᠡᠭᠵᠢᠬᠦᠯᠦᠨ ᠬᠦᠭᠵᠢᠬᠦᠯᠬᠦ ᠶᠢ ᠠᠬᠢᠭᠤᠯᠵᠤ᠂ ᠠᠯᠠᠱᠠ ᠶᠢᠨ ᠪᠣᠳᠠᠲᠠᠶ ᠳᠤ | ᠳᠣᠭᠢᠷᠠᠬᠤ ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮᠵᠢ ᠪᠠ ᠡᠮᠴᠢᠯᠡᠭᠡᠨ ᠤ ᠬᠤᠯᠪᠣᠭᠠᠲᠤ ᠴᠣᠭᠴᠠ ᠶᠢᠨ | ᠬᠡᠯᠪᠡᠷᠢ ᠶᠢ ᠪᠠᠶᠢᠭᠤᠯᠬᠤ ᠶᠢ ᠲᠠᠰᠤᠷᠠᠯᠲᠠ ᠥᠬᠡᠶ ᠠᠬᠢᠭᠤᠯᠵᠤ᠂ ᠣᠯᠠᠨ ᠲᠦᠮᠡᠨ ᠤ ᠡᠮᠴᠢᠯᠡᠭᠡᠨ ᠤ ᠦᠢᠯᠡᠴᠢᠯᠡᠭᠡᠨ ᠤ | ᠬᠡᠷᠡᠭᠴᠡᠭᠡ ᠶᠢ ᠨᠠᠩ ᠰᠠᠶᠢᠲᠤᠷ ᠬᠠᠩᠭᠠᠨ᠎ᠠ᠃ ᠮᠠᠯᠵᠢᠬᠤ ᠲᠠᠷᠢᠶᠠᠯᠠᠬᠤ ᠣᠷᠣᠨ ᠳᠤ ᠬᠤᠰᠢᠭᠤᠨ ᠤ ᠬᠡᠪᠴᠢᠶ᠎ᠡ ᠪᠠᠷ | ᠨᠢᠬᠡᠴᠡ ᠪᠣᠯᠭᠠᠨ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ | ᠬᠥᠭᠵᠢᠭᠦᠯᠵᠦ᠂ ᠬᠤᠰᠢᠭᠤᠨ ᠲᠠᠰ ᠤᠨ ᠡᠮᠨᠡᠯᠭᠡ ᠶᠢᠨ ᠬᠤᠷᠢᠶ᠎ᠠ ᠪᠠᠷ ᠲᠦᠷᠦᠭᠦᠯᠡᠭᠦᠯᠦᠨ᠂ ᠪᠤᠰᠤᠳ ᠬᠤᠰᠢᠭᠤᠨ | ᠲᠠᠰ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠵᠢᠴᠢ ᠰᠤᠮᠤ ᠰᠢᠶᠠᠩ ᠪᠠᠯᠭᠠᠰᠤ ᠶᠢᠨ ᠡᠷᠡᠭᠦᠯ | ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠡᠷᠭᠡ ᠪᠠᠷ | ᠪᠦᠷᠢᠯᠳᠦᠬᠦᠨ ᠨᠢᠭᠡᠴᠡ ᠪᠣᠯᠭᠠᠨ᠎ᠠ᠃ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠬᠤᠰᠢᠭᠤ᠂ ᠰᠤᠮᠤ | ᠪᠠᠯᠭᠠᠰᠤ ᠶᠢ ᠨᠢᠭᠡ ᠴᠣᠭᠴᠠᠵᠢᠭᠤᠯᠤᠨ ᠬᠠᠮᠢᠶᠠᠷᠬᠤ ᠶᠢ ᠴᠢᠷᠮᠠᠶᠢᠨ ᠬᠡᠷᠡᠭᠵᠢᠭᠦᠯᠵᠦ᠂ ᠵᠠᠰᠠᠭ ᠵᠠᠬᠢᠷᠭᠠᠨ᠂ ᠠᠵᠢᠯᠲᠠᠨ ᠤ | ᠶᠠᠪᠤᠳᠠᠯ᠂ ᠡᠳ᠋ ᠤᠨ ᠶᠠᠪᠤᠳᠠᠯ᠂ ᠲᠤᠬᠠᠶᠢᠯᠠᠭᠰᠠᠨ ᠠᠵᠢᠯ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ᠂ ᠮᠡᠳᠡᠭᠡ | ᠵᠠᠩᠭᠢ ᠶᠢᠨ ᠰᠢᠰᠲ᠋ᠧᠮ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠵᠡᠷᠭᠡ ᠶᠢ ᠨᠢᠭᠡᠳᠦᠯᠲᠡᠶ | ᠲᠥᠯᠥᠪᠯᠡᠨ ᠬᠠᠮᠢᠶᠠᠷᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ | ᠳᠣᠲᠣᠭᠠᠳᠤ ᠪᠠ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠤᠭᠤᠷᠣᠨᠳᠣᠬᠢ ᠣᠷᠣ᠂ ᠨᠣᠮᠧᠷ ᠤᠨ ᠢᠷᠡᠯᠲᠡ᠂ | ᠲᠥᠬᠦᠭᠡᠷᠦᠮᠵᠢ ᠶᠢ ᠨᠢᠭᠡᠳᠦᠯᠲᠡᠶ ᠲᠥᠯᠥᠪᠯᠡᠨ ᠬᠡᠷᠡᠭᠯᠡᠬᠦ ᠶᠢ ᠴᠢᠩᠭᠠᠳᠬᠠᠨ᠎ᠠ᠃ ᠵᠠᠰᠠᠭ ᠤᠨ ᠣᠷᠳᠣᠨ ᠠᠴᠠ | ᠡᠷᠬᠢᠯᠡᠭᠰᠡᠨ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ ᠬᠠᠮᠲᠤ ᠶᠢᠨ ᠴᠣᠭᠴᠠ ᠳᠤ | ᠣᠷᠣᠭᠤᠯᠤᠨ᠂ ᠬᠥᠳᠡᠭᠡ ᠲᠣᠰᠬᠤᠨ ᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠡᠳ᠋ ᠤᠨ | ᠶᠠᠪᠤᠳᠠᠯ᠂ ᠲᠤᠬᠠᠶᠢᠯᠠᠭᠰᠠᠨ ᠠᠵᠢᠯ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠵᠡᠷᠭᠡ ᠨᠢᠭᠡᠳᠦᠯᠲᠡᠶ | ᠬᠠᠮᠢᠶᠠᠷᠤᠯᠲᠠ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ︶ | ᠳᠣᠯᠤᠭ᠎ᠠ᠂ ᠬᠢᠲᠠᠳ ︵ᠮᠣᠩᠭᠤᠯ ︶ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ︽ᠬᠢᠲᠠᠳ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ | ᠢᠨᠵᠧᠨᠧᠷᠢᠩ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠳᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2023﹈ 3 ᠳ᠋ᠤᠭᠠᠷ | ᠲᠣᠭᠠᠲᠤ︶ ᠤᠨ ᠱᠠᠭᠠᠷᠳᠠᠯᠭ᠎ᠠ ᠶᠢ ᠨᠠᠶᠢᠳᠠᠪᠣᠷᠢᠵᠢᠭᠤᠯᠬᠤ ᠶᠢ ᠠᠬᠢᠭᠤᠯᠤᠨ᠂ ᠬᠢᠲᠠᠳ ︵ᠮᠣᠩᠭᠤᠯ︶ ᠡᠮ | ᠡᠮᠨᠡᠯᠭᠡ ᠶᠢᠨ ᠴᠢᠬᠤᠯᠠ ᠶᠡᠭᠡ ᠢᠨᠵᠧᠨᠧᠷᠢᠩ ᠢ ᠪᠥᠲᠥᠭᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠦᠨ᠂ ᠬᠢᠲᠠᠳ | ᠧᠦ᠋ᠷᠣᠫᠠ ᠡᠮ ᠡᠮᠨᠡᠯᠭᠡ ᠶᠢ ᠬᠠᠮᠵᠢᠯᠴᠠᠭᠤᠯᠣᠭᠰᠠᠨ ︽ᠬᠤᠰᠢᠭᠤᠴᠢ︾ ᠡᠮᠨᠡᠯᠭᠡ ᠶᠢᠨ ᠬᠤᠷᠢᠶ᠎ᠠ ᠪᠠ ᠢᠨᠲ᠋ᠧᠷ | ᠰᠦᠯᠵᠢᠶᠡᠨ ᠤ ᠬᠢᠲᠠᠳ ︵ᠮᠣᠩᠭᠤᠯ ︶ ᠡᠮᠨᠡᠯᠭᠡ ᠶᠢᠨ ᠬᠤᠷᠢᠶ᠎ᠠ ᠶᠢ 1 ᠪᠠᠶᠢᠭᠤᠯᠵᠤ᠂ ᠬᠢᠲᠠᠳ ︵ᠮᠣᠩᠭᠤᠯ︶ | ᠧᠦ᠋ᠷᠣᠫᠠ ᠡᠮᠨᠡᠯᠭᠡ ᠶᠢᠨ ᠬᠠᠮᠲᠤᠷᠠᠨ ᠣᠨᠣᠰᠢᠯᠠᠨ ᠡᠮᠨᠡᠬᠦ ᠶᠢ ᠴᠢᠩᠭᠠᠳᠬᠠᠵᠤ᠂ ᠬᠢᠲᠠᠳ ︵ᠮᠣᠩᠭᠤᠯ︶ ᠧᠦ᠋ᠷᠣᠫᠠ | ᠡᠮᠨᠡᠯᠭᠡ ᠶᠢ ᠤᠶᠠᠯᠳᠤᠭᠤᠯᠤᠨ ᠣᠨᠣᠰᠢᠯᠠᠨ ᠡᠮᠨᠡᠬᠦ ᠲᠥᠰᠦᠯ ᠪᠠ ᠡᠮᠴᠢᠯᠡᠭᠡᠨ ᠤ ᠠᠷᠭ᠎ᠠ ᠵᠠᠮ ᠢ ᠳᠡᠯᠭᠡᠷᠡᠭᠦᠯᠦᠨ᠎ᠡ᠃ | ᠠᠶᠢᠮᠠᠭ᠂ ᠬᠤᠰᠢᠭᠤᠨ ᠤ ᠳᠡᠰ ᠤᠨ ᠬᠢᠲᠠᠳ ︵ᠮᠣᠩᠭᠤᠯ︶ ᠡᠮᠨᠡᠯᠭᠡ ᠶᠢᠨ ᠬᠤᠷᠢᠶ᠎ᠠ ᠪᠠ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ︵ᠮᠣᠩᠭᠤᠯ︶ ᠡᠮᠨᠡᠯᠭᠡ ᠶᠢᠨ ᠰᠠᠯᠠᠭ᠎ᠠ ᠲᠠᠰᠤᠭ | ᠪᠠᠶᠢᠭᠤᠯᠬᠤ᠂ ᠰᠠᠭᠤᠷᠢ ᠪᠥᠲᠥᠭᠡᠨ ᠪᠠᠶᠢᠭᠤᠯᠤᠯᠲᠠ ᠶᠢ ᠴᠢᠩᠭᠠᠷᠠᠭᠤᠯᠵᠤ᠂ ᠬᠢᠲᠠᠳ ︵ᠮᠣᠩᠭᠤᠯ︶ ᠡᠮ ᠡᠮᠨᠡᠯᠭᠡ ᠶᠢᠨ | ᠦᠢᠯᠡᠴᠢᠯᠡᠭᠡ ᠪᠠᠷ ᠭᠤᠤᠯ ᠪᠣᠯᠭᠠᠭᠰᠠᠨ ᠡᠮᠨᠡᠯᠭᠡ ᠡᠷᠬᠢᠯᠡᠬᠦ ᠵᠠᠭᠪᠤᠷ ᠪᠠ ᠦᠢᠯᠡᠴᠢᠯᠡᠭᠡᠨ ᠤ ᠴᠢᠳᠠᠮᠵᠢ ᠶᠢ | ᠴᠢᠩᠭᠠᠷᠠᠭᠤᠯᠤᠨ᠎ᠠ᠃ ᠬᠤᠰᠢᠭᠤᠨ ᠤ ᠳᠡᠰ ᠵᠢᠴᠢ ᠲᠡᠭᠦᠨ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠬᠢᠲᠠᠳ ︵ᠮᠣᠩᠭᠤᠯ︶ ᠡᠮᠨᠡᠯᠭᠡ ᠶᠢᠨ ᠰᠠᠯᠠᠭ᠎ᠠ ᠶᠢ ᠬᠠᠮᠣᠷᠣᠭᠤᠯᠬᠤ᠂ | ᠲᠤᠰᠬᠠᠶ ᠡᠮᠨᠡᠯᠭᠡ ᠶᠢᠨ ᠬᠤᠷᠢᠶ᠎ᠠ ᠪᠠ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠢᠲᠠᠳ ︵ᠮᠣᠩᠭᠤᠯ︶ | ᠡᠮ ᠡᠮᠨᠡᠯᠭᠡ ᠶᠢᠨ ᠦᠢᠯᠡᠴᠢᠯᠡᠭᠡ ᠶᠢ ᠬᠠᠮᠣᠷᠣᠭᠤᠯᠬᠤ ᠶᠢ ᠠᠬᠢᠭᠤᠯᠤᠨ᠎ᠠ᠃ ᠬᠢᠲᠠᠳ ︵ᠮᠣᠩᠭᠤᠯ︶ ᠡᠮᠨᠡᠯᠭᠡ ᠶᠢᠨ | ᠬᠤᠷᠢᠶ᠎ᠠ ᠲᠦᠷᠦᠭᠦᠯᠡᠨ ᠡᠮᠴᠢᠯᠡᠭᠡᠨ ᠤ ᠬᠤᠯᠪᠣᠭᠠᠲᠤ ᠴᠣᠭᠴᠠ ᠪᠠᠶᠢᠭᠤᠯᠬᠤ ᠶᠢ ᠳᠡᠮᠵᠢᠵᠦ᠂ ᠦᠨᠳᠦᠰᠦᠨ ᠱᠠᠲᠤᠨ ᠤ | ᠬᠢᠲᠠᠳ ︵ᠮᠣᠩᠭᠤᠯ︶ ᠡᠮ ᠡᠮᠨᠡᠯᠭᠡ ᠶᠢᠨ ᠣᠨᠴᠠᠯᠢᠭᠲᠤ ᠡᠷᠡᠭᠦᠯ ᠮᠡᠨᠳᠦ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ | ᠴᠣᠭᠴᠠ ᠶᠢ ᠪᠠᠶᠢᠭᠤᠯᠵᠤ᠂ ᠬᠢᠲᠠᠳ ︵ᠮᠣᠩᠭᠤᠯ︶ ᠡᠮ ᠡᠮᠨᠡᠯᠭᠡ ᠶᠢᠨ ᠡᠪᠡᠳᠴᠢᠯᠡᠬᠦ ᠠᠴᠠ ᠡᠮᠦᠨ᠎ᠡ ᠨᠢ ᠰᠡᠷᠭᠡᠶᠢᠯᠡᠬᠦ | ᠂ ᠡᠪᠡᠳᠴᠢᠨ ᠡᠮᠭᠡᠭ ᠢ ᠵᠠᠰᠠᠬᠤ᠂ ᠡᠷᠡᠬᠦᠯᠵᠢᠬᠦᠯᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠷᠡᠭᠦᠯ | ᠮᠡᠨᠳᠦ ᠶᠢᠨ ᠤᠬᠠᠭᠤᠯᠭ᠎ᠠ ᠬᠥᠮᠦᠵᠢᠯ ᠵᠡᠷᠭᠡ ᠪᠦᠬᠦᠯᠢ ᠴᠣᠭᠴᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ ᠬᠢᠲᠠᠳ ︵ᠮᠣᠩᠭᠤᠯ︶ ᠡᠮᠨᠡᠯᠭᠡ ᠶᠢᠨ ᠳᠠᠪᠠᠭᠤᠯᠢᠭ ᠲᠤᠰᠬᠠᠶ ᠰᠠᠯᠠᠭᠠᠨ ᠤ ᠲᠤᠰᠬᠠᠶ | ᠡᠪᠡᠳᠴᠢᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠭᠤᠷᠪᠠᠳᠤᠭᠠᠷ ᠳᠡᠰ ᠤᠨ ᠬᠢᠲᠠᠳ ︵ᠮᠣᠩᠭᠤᠯ︶ | ᠡᠮᠨᠡᠯᠭᠡ ᠶᠢᠨ ᠬᠤᠷᠢᠶ᠎ᠠ ᠳᠤ ᠤᠯᠤᠰ ᠤᠨ ᠬᠢᠲᠠᠳ ︵ᠮᠣᠩᠭᠤᠯ︶ ᠡᠮᠨᠡᠯᠭᠡ ᠶᠢᠨ ᠳᠠᠪᠠᠭᠤᠯᠢᠭ ᠲᠤᠰᠬᠠᠶ ᠰᠠᠯᠠᠭ᠎ᠠ ᠶᠢ | 2 ᠪᠠᠶᠢᠭᠤᠯᠬᠤ᠂ ᠬᠤᠶᠠᠳᠤᠭᠠᠷ ᠳᠡᠰ ᠤᠨ ᠬᠢᠲᠠᠳ ︵ᠮᠣᠩᠭᠤᠯ ︶ ᠡᠮᠨᠡᠯᠭᠡ ᠶᠢᠨ ᠬᠤᠷᠢᠶ᠎ᠠ ᠳᠤ ᠥᠪᠡᠷᠲᠡᠭᠡᠨ | ᠵᠠᠰᠠᠬᠤ ᠣᠷᠣᠨ ᠤ ᠲᠠᠰ ᠤᠨ ᠬᠢᠲᠠᠳ ︵ᠮᠣᠩᠭᠤᠯ︶ ᠡᠮᠨᠡᠯᠭᠡ ᠶᠢᠨ 4 ᠭᠤᠤᠯᠳᠠᠯᠭ᠎ᠠ ᠲᠠᠢ ᠲᠤᠰᠬᠠᠶ ᠰᠠᠯᠠᠭ᠎ᠠ ᠶᠢ | ᠪᠠᠶᠢᠭᠤᠯᠬᠤ ᠶᠢ ᠳᠡᠮᠵᠢᠨ᠎ᠡ᠃ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠳᠤ | ᠬᠢᠲᠠᠳ ᠧᠦ᠋ᠷᠣᠫᠠ ᠡᠮᠨᠡᠯᠭᠡ ᠶᠢᠨ ᠬᠠᠮᠵᠢᠯᠴᠠᠭᠰᠠᠨ ︽ᠬᠤᠰᠢᠭᠤᠴᠢ︾ ᠰᠠᠯᠠᠭ᠎ᠠ ᠲᠠᠰᠤᠭ ᠢ 6 ᠪᠠᠶᠢᠭᠤᠯᠤᠨ᠎ᠠ᠃ | ᠬᠢᠲᠠᠳ ︵ᠮᠣᠩᠭᠤᠯ ︶ ᠡᠮᠨᠡᠯᠭᠡ ᠶᠢᠨ ᠬᠤᠷᠢᠶᠠᠨ ᠤ ᠵᠣᠷᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠳᠡᠮᠵᠢᠵᠦ᠂ | ᠣᠷᠣᠨ ᠪᠦᠰᠡ ᠶᠢᠨ ᠵᠣᠷᠯᠠᠬᠤ ᠲᠥᠪ ᠢ ᠪᠣᠶ ᠪᠣᠯᠭᠠᠵᠤ᠂ ᠬᠢᠲᠠᠳ ︵ᠮᠣᠩᠭᠤᠯ︶ ᠡᠮ ᠤᠨ ᠠᠵᠤ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ︶ | ᠨᠠᠢᠮᠠ᠂ ᠵᠠᠯᠭᠠᠮᠵᠢ ᠴᠢᠨᠠᠷᠲᠠᠶ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ | ᠪᠠᠶᠢᠭᠤᠯᠤᠮᠵᠢ ᠪᠠᠷ ᠲᠤᠯᠭᠠᠭᠤᠷᠢᠯᠠᠭᠰᠠᠨ᠂ ᠨᠡᠶᠢᠭᠡᠮ ᠲᠣᠭᠤᠷᠢᠭ ᠢᠶᠠᠷ ᠲᠠᠪᠴᠠᠩ ᠪᠣᠯᠭᠠᠭᠰᠠᠨ᠂ ᠭᠡᠷ ᠲᠡᠭᠡᠨ | ᠰᠣᠪᠢᠯᠠᠬᠤ ᠪᠠᠷ ᠰᠠᠭᠤᠷᠢ ᠪᠣᠯᠭᠠᠭᠰᠠᠨ ᠪᠦᠬᠦ ᠠᠶᠢᠮᠠᠭ ᠤᠨ ᠵᠠᠯᠭᠠᠮᠵᠢ ᠴᠢᠨᠠᠷᠲᠠᠶ ᠦᠢᠯᠡᠴᠢᠯᠡᠭᠡᠨ ᠤ ᠰᠢᠰᠲ᠋ᠧᠮᠵᠢ ᠶᠢ | ᠪᠠᠶᠢᠭᠤᠯᠬᠤ ᠪᠠ ᠬᠦᠭᠵᠢᠬᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠳᠣᠭᠳᠠᠭᠠᠨ᠎ᠠ᠃ | ᠡᠮᠴᠢᠯᠡᠭᠡ — ᠡᠷᠡᠭᠦᠯᠵᠢᠯ — ᠤᠷᠲᠤ ᠬᠤᠭᠤᠴᠠᠭᠠᠨ ᠤ ᠰᠤᠪᠢᠯᠠᠯᠲᠠ ᠶᠢᠨ ᠦᠢᠯᠡᠴᠢᠯᠡᠭᠡᠨ ᠤ ᠬᠡᠯᠬᠢᠶ᠎ᠡ ᠶᠢ | ᠪᠦᠷᠢᠨᠰᠢᠭᠦᠯᠵᠦ᠂ ᠡᠮᠴᠢᠯᠡᠭᠡᠨ ᠤ ᠡᠬᠢ ᠪᠠᠶᠠᠯᠢᠭ ᠬᠠᠷᠢᠴᠠᠩᠭᠤᠶ ᠡᠯᠪᠡᠭ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠬᠡᠰᠡᠭ ᠣᠷᠣ ᠪᠠᠨ ᠬᠤᠪᠢᠷᠠᠭᠤᠯᠤᠨ ᠰᠤᠪᠢᠯᠠᠬᠤ ᠪᠠ ᠡᠷᠡᠭᠦᠯᠵᠢᠭᠦᠯᠬᠦ ᠣᠷᠣ ᠪᠣᠯᠭᠠᠬᠤ᠂ | ᠨᠡᠶᠢᠭᠡᠮ ᠤᠨ ᠳᠠᠯ᠎ᠠ ᠠᠴᠠ ᠡᠷᠬᠢᠯᠡᠬᠦ ᠶᠢ ᠳᠡᠮᠵᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠷᠡᠭᠦᠯᠵᠢᠯ ᠪᠠ | ᠰᠤᠪᠢᠯᠠᠯᠲᠠ ᠵᠡᠷᠭᠡ ᠦᠢᠯᠡᠴᠢᠯᠡᠭᠡᠨ ᠤ ᠬᠠᠩᠭᠠᠯᠭ᠎ᠠ ᠶᠢ ᠦᠷᠭᠡᠳᠭᠡᠨ᠎ᠡ᠃ ︽ᠨᠠᠰᠤᠲᠠᠶᠢᠴᠤᠳ ᠪᠠ ᠨᠢᠯᠬᠠᠰ︾ ᠤᠨ | ᠡᠷᠡᠭᠦᠯ ᠮᠡᠨᠳᠦ ᠶᠢᠨ ᠦᠢᠯᠡᠴᠢᠯᠡᠭᠡ ᠪᠠ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠬᠡᠷᠡᠭᠴᠡᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠡᠷᠡᠭᠦᠯᠵᠢᠯ ᠤᠨ ᠡᠮᠴᠢᠯᠡᠭᠡ᠂ ᠨᠠᠰᠤᠲᠠᠶᠢᠴᠤᠳ ᠤᠨ ᠰᠤᠪᠢᠯᠠᠯᠲᠠ᠂ ᠵᠡᠮᠳᠡᠭᠴᠦᠳ ᠤᠨ | ᠰᠤᠪᠢᠯᠠᠯᠲᠠ᠂ ᠡᠬᠡ ᠨᠢᠯᠬᠠᠰ ᠤᠨ ᠰᠤᠪᠢᠯᠠᠯᠲᠠ᠂ ᠨᠡᠶᠢᠭᠡᠮ ᠲᠣᠭᠤᠷᠢᠭ ᠤᠨ ᠰᠤᠪᠢᠯᠠᠯᠲᠠ᠂ ᠠᠮᠤᠷ ᠳᠠᠶᠢᠪᠣᠩ ᠡᠮᠨᠡᠨ | ᠰᠤᠪᠢᠯᠠᠬᠤ ᠵᠢᠴᠢ ᠰᠢᠮ᠎ᠡ ᠲᠡᠵᠢᠭᠡᠯ ᠤᠨ ᠳᠡᠮᠵᠢᠯᠭᠡ ᠵᠡᠷᠭᠡ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ᠃ | ᠵᠡᠮᠳᠡᠭᠴᠦᠳ ᠢ ᠡᠷᠡᠭᠦᠯᠵᠢᠭᠦᠯᠬᠦ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠵᠡᠮᠳᠡᠭᠴᠦᠳ ᠢ | ᠡᠷᠡᠭᠦᠯᠵᠢᠭᠦᠯᠬᠦ ᠪᠠ ᠨᠠᠶᠢᠳᠠᠵᠤ ᠠᠰᠠᠷᠠᠭᠤᠯᠬᠤ ᠪᠠᠶᠢᠭᠤᠯᠤᠮᠵᠢ ᠶᠢᠨ ᠳᠦᠭᠦᠭᠡᠷᠦᠮᠵᠢ ᠶᠢ ᠪᠦᠲᠦᠭᠡᠨ ᠪᠠᠶᠢᠭᠤᠯᠬᠤ ᠶᠢ | ᠴᠢᠩᠭᠠᠳᠬᠠᠬᠤ ᠬᠡᠷᠡᠭᠲᠡᠶ᠃ ᠨᠡᠶᠢᠭᠡᠮ ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠬᠢᠭᠡᠳ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢ ᠠᠳᠠᠯᠢ ᠪᠠᠷ ᠬᠠᠮᠢᠶᠠᠷᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ | ᠨᠡᠶᠢᠭᠡᠮ ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠴᠢᠨᠠᠷ ᠴᠢᠨᠰᠠᠭ᠎ᠠ ᠶᠢ ᠡᠵᠡᠮᠳᠡᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠨᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠪᠣᠯᠤᠨ ᠥᠪᠡᠷᠲᠡᠭᠡᠨ | ᠵᠠᠰᠠᠬᠤ ᠣᠷᠣᠨ ᠤ ᠬᠢᠲᠠᠳ ᠮᠣᠩᠭᠤᠯ ᠡᠮᠨᠡᠯᠭᠡ ᠶᠢᠨ ᠰᠤᠳᠤᠯᠭᠠᠨ ᠤ ᠬᠦᠷᠢᠶᠡᠯᠡᠩ ᠯᠤᠭ᠎ᠠ ᠨᠡᠪᠲᠡᠷᠡᠯᠴᠡᠨ | ᠬᠠᠮᠵᠢᠯᠴᠠᠬᠤ ᠶᠢ ᠴᠢᠩᠭᠠᠳᠬᠠᠵᠤ᠂ ᠣᠷᠣᠨ ᠪᠦᠰᠡ ᠶᠢᠨ ᠮᠣᠩᠭᠤᠯ ᠡᠮᠨᠡᠯᠭᠡ ᠶᠢᠨ ᠡᠷᠡᠭᠦᠯᠵᠢᠯ ᠤᠨ ᠲᠥᠪ ᠢ | ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ ᠠᠯᠠᠱᠠ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠳᠤ ᠲᠦᠰᠢᠭᠯᠡᠨ᠂ | ᠡᠮᠴᠢᠯᠡᠭᠡᠨ ᠤ ᠬᠤᠯᠪᠣᠭᠠᠲᠤ ᠴᠣᠭᠴᠠ ᠶᠢᠨ ᠬᠡᠯᠪᠡᠷᠢ ᠪᠠᠷ ᠳᠠᠮᠵᠢᠭᠤᠯᠤᠨ᠂ ᠠᠳᠠᠯᠢ ᠪᠤᠰᠤ ᠡᠮᠴᠢᠯᠡᠭᠡᠨ ᠤ | ᠪᠠᠶᠢᠭᠤᠯᠤᠮᠵᠢ ᠶᠢᠨ ᠬᠤᠭᠤᠷᠣᠨᠳᠣᠬᠢ ᠪᠠᠶᠢᠷᠢ ᠲᠣᠭᠲᠠᠭᠠᠯᠲᠠ ᠨᠢ ᠲᠣᠳᠣᠷᠬᠠᠶ᠂ ᠠᠵᠢᠯ ᠢᠶᠠᠨ ᠬᠤᠪᠢᠶᠠᠷᠢᠯᠠᠨ | ᠬᠠᠮᠵᠢᠯᠴᠠᠬᠤ ᠰᠤᠪᠢᠯᠠᠯᠲᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ | ᠬᠠᠷᠢᠭᠤᠴᠠᠨ᠎ᠠ︶ | ᠶᠢᠰᠦ᠂ ᠡᠮᠴᠢᠯᠡᠭᠡ ᠰᠣᠪᠢᠯᠠᠯᠳᠠ ᠶᠢ ᠤᠶᠠᠯᠳᠤᠭᠤᠯᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ︽ᠡᠮᠴᠢᠯᠡᠭᠡ | ᠰᠤᠪᠢᠯᠠᠯᠲᠠ ᠶᠢ ᠤᠶᠠᠯᠳᠤᠭᠤᠯᠤᠨ ᠬᠥᠭᠵᠢᠭᠦᠯᠬᠦ ᠶᠢ ᠭᠦᠨᠵᠡᠭᠡᠶ ᠠᠬᠢᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠭ᠎ᠠ ᠬᠡᠮᠵᠢᠶ᠎ᠡ ᠨᠦᠭᠦᠳ︾ ᠢ ᠰᠠᠶᠢᠲᠤᠷ ᠨᠠᠶᠢᠳᠠᠪᠤᠷᠢᠵᠢᠭᠤᠯᠵᠤ᠂ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠬᠢᠭᠡᠳ ᠡᠮᠴᠢᠯᠡᠭᠡᠨ ᠤ ᠪᠠᠶᠢᠭᠤᠯᠤᠮᠵᠢ ᠶᠢᠨ ᠨᠠᠰᠤᠲᠠᠶᠢᠴᠤᠳ ᠤᠨ ᠠᠨᠠᠭᠠᠬᠤ | ᠤᠬᠠᠭᠠᠨ ᠤ ᠰᠠᠯᠠᠭ᠎ᠠ᠂ ᠡᠷᠡᠭᠦᠯᠵᠢᠯ ᠰᠤᠪᠢᠯᠠᠯᠲᠠ ᠶᠢᠨ ᠪᠠᠶᠢᠭᠤᠯᠤᠮᠵᠢ᠂ ᠠᠮᠤᠷ ᠲᠠᠶᠢᠪᠤᠩ ᠰᠣᠪᠢᠯᠠᠬᠤ ᠪᠠᠶᠢᠭᠤᠯᠤᠮᠵᠢ | ᠵᠡᠷᠭᠡ ᠶᠢ ᠵᠦᠶ ᠵᠣᠬᠢᠰᠲᠠᠶ ᠪᠠᠶᠢᠷᠢᠯᠠᠭᠤᠯᠤᠨ᠎ᠠ᠃ ᠡᠷᠡᠬᠦᠯ ᠡᠩᠬᠡ ᠶᠢᠨ ᠬᠠᠮᠢᠶᠡᠷᠦᠯᠳᠡ᠂ ᠡᠮᠴᠢᠯᠡᠭᠡ᠂ ᠡᠷᠡᠬᠦᠯᠵᠢᠯ᠂ | ᠰᠣᠪᠢᠯᠠᠯᠳᠡ ᠶᠢᠨ ᠦᠢᠯᠡᠴᠢᠯᠡᠭᠡ ᠵᠢᠴᠢ ᠨᠠᠰᠣᠳᠠᠨ ᠢ ᠬᠠᠷᠡᠭᠠᠯᠵᠠᠨ ᠰᠣᠪᠢᠯᠠᠬᠤ ᠦᠢᠯᠡᠴᠢᠯᠡᠭᠡ ᠶᠢ ᠦᠶ᠎ᠡ ᠵᠠᠢ ᠦᠭᠡᠢ | ᠵᠤᠯᠭᠠᠭᠤᠯᠬᠤ ᠲᠣᠠᠠᠳᠡᠴᠠ ᠶᠢ ᠪᠠᠶᠢᠭᠤᠯᠥᠨ᠎ᠠ᠃ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠠᠴᠠ ᠰᠤᠮᠤ | ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ᠂ ᠥᠷᠲᠡᠭᠡ ᠳᠤ ᠨᠠᠰᠤᠲᠠᠶᠢᠴᠤᠳ ᠲᠤ ᠡᠮᠴᠢᠯᠡᠭᠡᠨ ᠤ ᠳᠠᠯ᠎ᠠ ᠪᠠᠷ | ᠲᠣᠰᠠᠯᠠᠬᠤ ᠵᠡᠷᠭᠡ ᠳᠥᠭᠦᠮ ᠳᠥᠲᠡ ᠭᠡᠷ ᠪᠦᠯᠢ ᠶᠢᠨ ᠡᠮᠴᠢᠯᠡᠭᠡ ᠪᠠ ᠰᠤᠪᠢᠯᠠᠯᠲᠠ ᠶᠢᠨ ᠦᠢᠯᠡᠴᠢᠯᠡᠭᠡ ᠬᠠᠩᠭᠠᠬᠤ ᠶᠢ | ᠢᠳᠡᠪᠬᠢᠲᠡᠢ ᠠᠬᠢᠭᠤᠯᠤᠨ᠎ᠠ᠃ ᠦᠨᠳᠣᠰᠣᠡ ᠱᠠᠳᠣᠨ ᠤ ᠡᠮᠴᠢᠯᠡᠭᠡ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠠᠴᠠ | ᠨᠠᠰᠣᠳᠡᠶᠢᠴᠣᠳ ᠢ ᠡᠮᠴᠢᠯᠡᠭᠡᠨ ᠤ ᠳᠠᠯ᠎ᠠ ᠪᠠᠷ ᠬᠠᠷᠡᠭᠠᠯᠵᠠᠨ ᠰᠣᠪᠢᠯᠠᠬᠤ᠂ ᠭᠡᠷ ᠪᠦᠯᠢ ᠶᠢᠨ ᠡᠪᠡᠳᠴᠢᠳᠡᠨ ᠤ ᠣᠷᠦ | ᠳᠣᠬᠢᠷᠠᠭᠤᠯᠬᠤ᠂ ᠭᠡᠷ ᠲᠡᠭᠡᠨ ᠰᠠᠭᠤᠵᠤ ᠰᠣᠪᠢᠯᠠᠬᠤ ᠵᠡᠷᠭᠡ ᠦᠢᠯᠡᠴᠢᠯᠡᠭᠡ ᠶᠢ ᠳᠡᠮᠵᠢᠨ᠎ᠠ᠃ ᠴᠢᠳᠠᠪᠤᠷᠢ ᠪᠠᠨ | ᠠᠯᠳᠠᠭᠰᠠᠨ ᠨᠠᠰᠤᠲᠠᠶᠢᠴᠤᠳ ᠤᠨ ︽ᠭᠡᠷ ᠲᠤᠨᠢ ᠬᠦᠷᠴᠦ ᠡᠷᠡᠭᠦᠯ ᠮᠡᠨᠳᠦ ᠶᠢᠨ ᠳᠠᠯ᠎ᠠ ᠪᠠᠷ ᠬᠠᠯᠠᠮᠵᠢᠯᠠᠬᠤ | ᠠᠵᠢᠯᠯᠠᠭ᠎ᠠ︾ ᠶᠢ ᠥᠷᠨᠢᠭᠦᠯᠵᠦ᠂ ᠬᠡᠷ ᠲᠤᠨᠢ ᠬᠦᠷᠴᠦ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠨ᠎ᠠ᠃ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠥᠮᠵᠢ ᠬᠢᠭᠡᠳ ᠨᠠᠰᠣᠵᠢᠯ ᠤᠨ ᠠᠰᠠᠷᠠᠮᠵᠢ ᠶᠢᠨ ᠪᠠᠶᠢᠭᠤᠯᠥᠮᠵᠢ ᠶᠢᠨ ᠲᠣᠬᠠᠶᠢᠯᠬᠠᠰᠠᠨ | ᠠᠵᠢᠯ ᠤᠨ ᠬᠠᠮᠵᠢᠯᠴᠠᠬᠤ ᠲᠣᠠᠠᠳᠡᠴᠠ ᠶᠢ ᠪᠠᠶᠢᠭᠤᠯᠥᠨ ᠪᠦᠷᠢᠨᠰᠢᠬᠦᠯᠵᠦ᠂ ᠪᠤᠯᠵᠤᠵᠦ ᠡᠮᠨᠡᠬᠦᠯᠬᠦ᠂ ᠳᠥᠷᠬᠡᠨ ᠡᠮᠨᠡᠵᠦ | ᠪᠠᠴᠢᠮ ᠠᠪᠤᠷᠡᠯᠳᠡ ᠬᠢᠬᠦ ᠰᠠᠭᠠᠳ ᠦᠭᠡᠢ ᠨᠡᠪᠳᠡᠷᠡᠬᠦ ᠵᠠᠮ ᠢ ᠢᠳᠡᠪᠬᠢᠳᠡᠢ ᠪᠠᠷ ᠨᠡᠭᠡᠭᠡᠨ᠂ ᠨᠠᠰᠣᠵᠢᠯ ᠤᠨ ᠠᠰᠠᠷᠠᠮᠵᠢ | ᠶᠢᠨ ᠪᠠᠶᠢᠭᠤᠯᠥᠮᠵᠢ ᠶᠢᠨ ᠡᠷᠬᠢᠯᠡᠭᠰᠡᠨ ᠡᠮᠴᠢᠯᠡᠭᠡᠨ ᠤ ᠪᠠᠶᠢᠭᠤᠯᠥᠮᠵᠢ ᠶᠢᠨ ᠡᠮᠴᠢᠯᠡᠭᠡᠨ ᠤ ᠦᠢᠯᠡᠴᠢᠯᠡᠭᠡ ᠪᠠ ᠡᠮ ᠤᠨ | ᠶᠠᠪᠤᠳᠡᠯ ᠤᠨ ᠬᠠᠮᠢᠶᠡᠷᠦᠯᠳᠡ ᠶᠢᠨ ᠴᠢᠳᠡᠪᠦᠷᠢ ᠶᠢ ᠳᠡᠭᠡᠭᠰᠢᠯᠡᠬᠦᠯᠵᠦ᠂ ᠨᠠᠰᠣᠳᠡᠶᠢᠴᠣᠳ ᠤᠨ ᠤᠵᠢᠭ ᠡᠪᠡᠳᠴᠢᠨ ᠢ | ᠬᠠᠮᠢᠶᠡᠷᠬᠤ᠂ ᠡᠷᠡᠬᠦᠯᠵᠢᠬᠦᠯᠬᠦ ᠪᠠ ᠰᠣᠪᠢᠯᠠᠬᠤ ᠦᠢᠯᠡᠴᠢᠯᠡᠭᠡ ᠶᠢ ᠬᠠᠮᠵᠢᠯᠴᠠᠨ ᠰᠠᠶᠢᠳᠣᠷ ᠬᠢᠨ᠎ᠠ᠃ | ᠨᠠᠰᠤᠲᠠᠶᠢᠴᠤᠳ ᠤᠨ ᠨᠥᠬᠦᠷᠰᠡᠭ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ | ᠠᠬᠢᠭᠤᠯᠵᠤ᠂ ᠨᠠᠩ ᠣᠯᠠᠨ ᠨᠠᠰᠤᠲᠠᠶᠢᠴᠤᠳ ᠢ ᠬᠠᠪᠰᠤᠷᠤᠨ ᠡᠪᠡᠳᠴᠢᠨ ᠦᠵᠡᠭᠦᠯᠬᠦ ︽ᠬᠠᠷᠰᠢ ᠰᠠᠭᠠᠳ︾ ᠢ | ᠠᠷᠢᠯᠭᠠᠨ᠎ᠠ᠃ ᠨᠠᠰᠤᠲᠠᠶᠢᠴᠤᠳ ᠤᠨ ᠡᠪᠡᠳᠴᠢᠨ ᠡᠮᠭᠡᠭ ᠢ ᠣᠨᠣᠰᠢᠯᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ | 2025 ᠣᠨ ᠪᠣᠯᠬᠤ ᠳᠤ᠂ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ | ᠶᠡᠷᠦᠩᠬᠡᠶᠢᠯᠡᠭᠰᠡᠨ ᠴᠢᠨᠠᠷᠲᠠᠶ ᠡᠮᠨᠡᠯᠭᠡ ᠶᠢᠨ ᠬᠤᠷᠢᠶ᠎ᠠ ᠳᠤ ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ | ᠪᠠᠶᠢᠭᠤᠯᠬᠤ ᠬᠠᠷᠢᠴᠠᠯ ᠢ 100% ᠳᠤ ᠬᠦᠷᠦᠭᠦᠯᠬᠦ ᠪᠠᠷ ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ︶ | ᠠᠷᠪᠠ᠂ ᠭᠡᠷ ᠪᠦᠯᠢ ᠶᠢᠨ ᠡᠮᠴᠢ ᠶᠢᠨ ᠳᠦᠷᠢᠮ ᠢ ᠪᠦᠷᠢᠨᠰᠢᠬᠦᠯᠦᠨ᠎ᠡ᠃ ᠦᠨᠳᠦᠰᠦᠨ ᠱᠠᠲᠤᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷ ᠭᠤᠤᠯ ᠲᠠᠪᠴᠠᠩ ᠪᠣᠯᠭᠠᠵᠤ᠂ ᠶᠡᠷᠦᠩᠬᠡᠶ ᠰᠠᠯᠠᠭᠠᠨ ᠤ ᠡᠮᠴᠢ ᠪᠠᠷ ᠭᠤᠤᠯ | ᠴᠣᠭᠴᠠ ᠪᠣᠯᠭᠠᠭᠰᠠᠨ᠂ ᠶᠡᠷᠦᠩᠬᠡᠶ ᠰᠠᠯᠠᠭᠠᠨ ᠤ ᠲᠤᠰᠬᠠᠶ ᠮᠡᠷᠭᠡᠵᠢᠯ ᠨᠢ ᠪᠦᠲᠦᠮᠵᠢᠲᠡᠶ ᠪᠠᠷ ᠬᠠᠮᠲᠤᠷᠠᠨ | ᠬᠦᠳᠡᠯᠦᠯᠴᠡᠭᠰᠡᠨ᠂ ᠡᠮᠨᠡᠬᠦ ᠪᠠ ᠰᠡᠷᠭᠡᠶᠢᠯᠡᠬᠦ ᠶᠢ ᠣᠷᠭᠠᠨᠢᠭ ᠢᠶᠠᠷ ᠣᠶᠠᠯᠳᠣᠭᠤᠯᠣᠭᠰᠠᠨ ᠭᠡᠷ ᠪᠦᠯᠢ ᠶᠢᠨ ᠡᠮᠴᠢ ᠶᠢᠨ | ᠭᠡᠷ᠎ᠡ ᠲᠣᠭᠲᠠᠬᠤ ᠦᠢᠯᠡᠴᠢᠯᠡᠭᠡᠨ ᠤ ᠵᠠᠭᠪᠤᠷ ᠢ ᠪᠠᠶᠢᠭᠤᠯᠵᠤ᠂ ᠶᠡᠷᠦᠩᠬᠡᠶᠢᠯᠡᠭᠰᠡᠨ ᠦᠷᠭᠦᠯᠵᠢᠯᠡᠭᠰᠡᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ᠂ ᠦᠨᠳᠦᠰᠦᠨ ᠡᠮᠴᠢᠯᠡᠭᠡ ᠪᠠ ᠡᠷᠡᠭᠦᠯ ᠮᠡᠨᠳᠦ ᠶᠢᠨ | ᠬᠠᠮᠢᠶᠠᠷᠤᠯᠲᠠ ᠦᠢᠯᠡᠴᠢᠯᠡᠭᠡ ᠶᠢ ᠬᠠᠩᠭᠠᠨ᠎ᠠ᠃ ︽ᠵᠢᠷᠭᠤᠭ᠎ᠠ ᠶᠢ ᠥᠷᠭᠡᠳᠬᠡᠬᠦ︾ ᠶᠢ ᠢᠳᠡᠪᠬᠢᠲᠡᠶ | ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠂ ᠦᠢᠯᠡᠴᠢᠯᠡᠭᠡᠨ ᠤ ᠠᠭᠤᠯᠭ᠎ᠠ ᠶᠢ | ᠨᠠᠷᠢᠯᠢᠭᠵᠢᠭᠤᠯᠵᠤ᠂ ᠦᠢᠯᠡᠴᠢᠯᠡᠭᠡᠨ ᠤ ᠴᠤᠪᠤᠷᠠᠯ ᠢ ᠵᠢᠷᠤᠮᠵᠢᠭᠤᠯᠤᠨ᠂ ᠣᠯᠠᠨ ᠲᠦᠮᠡᠨ ᠤ ᠬᠠᠨᠤᠮᠵᠢᠲᠠᠶ ᠪᠠᠶᠢᠬᠤ | ᠬᠡᠮᠵᠢᠶ᠎ᠡ ᠪᠣᠯᠤᠨ ᠦᠢᠯᠡᠴᠢᠯᠡᠭᠡᠨ ᠤ ᠦᠷ᠎ᠡ ᠳ᠋ᠦᠩ ᠢᠶᠠᠷ ᠦᠨᠡᠯᠡᠬᠦ ᠭᠤᠤᠯ ᠪᠠᠷᠢᠮᠵᠢᠶ᠎ᠠ ᠪᠣᠯᠭᠠᠭᠰᠠᠨ ᠠᠮᠵᠢᠯᠲᠠ | ᠪᠦᠲᠦᠮᠵᠢ ᠶᠢ ᠦᠨᠡᠯᠡᠬᠦ ᠳᠦᠷᠢᠮ ᠢ ᠪᠦᠷᠢᠨᠰᠢᠭᠦᠯᠵᠦ᠂ ᠭᠡᠷ ᠪᠦᠯᠢ ᠶᠢᠨ ᠡᠮᠴᠢ ᠶᠢᠨ ᠲᠥᠯᠥᠪᠦᠷᠢ ᠲᠠᠢ ᠪᠠᠷ ᠭᠡᠷ᠎ᠡ | ᠲᠣᠭᠲᠠᠬᠤ ᠶᠢ ᠨᠠᠶᠢᠳᠠᠪᠤᠷᠢᠵᠢᠭᠤᠯᠤᠨ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠠᠵᠢᠯ ᠤᠨ | ᠢᠳᠡᠪᠬᠢᠵᠢᠯ ᠢ ᠤᠯᠠᠮ ᠨᠢᠭᠡ ᠠᠯᠬᠤᠮ ᠳᠠᠶᠢᠴᠢᠯᠠᠨ᠎ᠠ᠃ ᠭᠡᠷ᠎ᠡ ᠲᠣᠭᠲᠠᠵᠤ ᠦᠢᠯᠡᠴᠢᠯᠡᠬᠦ ᠪᠡᠯᠡ ᠬᠤᠷᠠᠮᠳᠤᠭᠤᠯᠬᠤ | ᠲᠣᠭᠲᠠᠴᠠ ᠶᠢ ᠲᠡᠭᠦᠯᠳᠡᠷᠵᠢᠭᠦᠯᠵᠦ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ | ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢ ᠬᠥᠮᠦᠨ ᠤ ᠲᠤᠭ᠎ᠠ ᠪᠠᠷ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠤᠶᠤ ᠭᠡᠷ ᠪᠦᠯᠢ ᠶᠢᠨ ᠡᠮᠴᠢ ᠶᠢᠨ ᠪᠦᠯᠬᠦᠮ | ᠨᠡᠶᠢᠲᠡ ᠳᠤ ᠣᠯᠭᠤᠬᠤ ᠶᠢ ᠰᠦᠪᠡᠭᠴᠢᠯᠡᠨ᠎ᠡ᠃ ᠭᠡᠷ᠎ᠡ ᠲᠣᠭᠲᠠᠵᠤ ᠦᠢᠯᠡᠴᠢᠯᠡᠬᠦ ᠳᠤ ᠰᠦᠢᠳᠬᠡᠯ ᠬᠤᠷᠢᠶᠠᠬᠤ | ᠲᠣᠭᠲᠠᠴᠠ ᠶᠢ ᠪᠦᠷᠢᠨᠰᠢᠭᠦᠯᠵᠦ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠡᠮᠨᠡᠭᠦᠯᠬᠦ᠂ ᠰᠢᠯᠵᠢᠭᠦᠯᠦᠨ ᠡᠮᠨᠡᠭᠦᠯᠬᠦ | ᠂ ᠡᠮ ᠬᠡᠷᠡᠭᠯᠡᠬᠦ᠂ ᠡᠮᠨᠡᠯᠭᠡ ᠶᠢᠨ ᠳᠠᠭᠠᠳᠬᠠᠯ ᠵᠡᠷᠭᠡ ᠲᠠᠯ᠎ᠠ ᠪᠠᠷ ᠬᠢ ᠵᠦᠷᠢᠶᠡᠴᠢᠯᠡᠭᠰᠡᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠭᠡᠷ ᠪᠦᠯᠢ ᠶᠢᠨ ᠡᠮᠴᠢ ᠠᠩᠬ᠎ᠠ ᠡᠮᠨᠡᠬᠦ᠂ ᠰᠢᠯᠵᠢᠭᠦᠯᠦᠨ ᠡᠮᠨᠡᠬᠦ ᠪᠠ ᠰᠢᠯᠵᠢᠭᠦᠯᠦᠨ ᠬᠦᠯᠢᠶᠡᠨ | ᠠᠪᠬᠤ ᠦᠢᠯᠡᠴᠢᠯᠡᠭᠡᠨ ᠤ ᠵᠠᠭᠪᠤᠷ ᠢ ᠠᠯᠬᠤᠮ ᠠᠯᠬᠤᠮ ᠢᠶᠠᠷ ᠪᠣᠶ ᠪᠣᠯᠭᠠᠨ᠎ᠠ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠡᠮᠨᠡᠯᠭᠡ ᠶᠢᠨ ᠪᠠᠳᠣᠯᠠᠭ᠎ᠠ ᠶᠢᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ᠠᠷᠪᠠᠨ ᠨᠢᠭᠡ᠂ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ | ᠪᠦᠷᠢᠨᠰᠢᠭᠦᠯᠦᠨ᠎ᠡ᠃ ᠡᠮᠨᠡᠯᠭᠡ ᠶᠢᠨ ᠬᠤᠷᠢᠶᠠᠨ ᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠡᠮᠨᠡᠯᠭᠡ ᠶᠢᠨ ᠬᠤᠷᠢᠶᠠᠨ ᠤ ᠵᠠᠰᠠᠯᠲᠠ ᠶᠢᠨ ᠪᠦᠬᠦ | ᠶᠠᠪᠤᠴᠠ ᠡᠯ᠎ᠡ ᠲᠠᠯ᠎ᠠ ᠡᠯ᠎ᠡ ᠭᠤᠭᠴᠤᠭ᠎ᠠ ᠳᠤ ᠠᠭᠤᠰᠣᠯᠴᠠᠭᠤᠯᠣᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢ ᠵᠠᠰᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠣᠯᠠᠨ ᠵᠦᠢᠯ ᠤᠨ ᠪᠦᠲᠦᠮᠵᠢᠲᠡᠶ ᠪᠡᠶᠡᠯᠡᠭᠦᠯᠬᠦ | ᠬᠡᠯᠪᠡᠷᠢ ᠶᠢ ᠪᠦᠷᠢᠨᠰᠢᠭᠦᠯᠵᠦ᠂ ᠵᠠᠰᠠᠭ ᠤᠨ ᠣᠷᠳᠣᠨ ᠤ ᠡᠮᠨᠡᠯᠭᠡ ᠡᠷᠬᠢᠯᠡᠬᠦ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ | ᠲᠥᠯᠥᠪᠯᠡᠨ ᠬᠦᠢᠴᠡᠳᠭᠡᠨ᠎ᠡ᠃ ᠡᠯ᠎ᠡ ᠡᠮᠨᠡᠯᠭᠡ ᠶᠢᠨ ᠬᠤᠷᠢᠶᠠᠨ ᠤ ᠳᠦᠷᠢᠮ ᠢᠶᠠᠷ ᠶᠡᠷᠦᠩᠬᠡᠶᠢᠯᠡᠨ ᠵᠢᠯᠣᠭᠤᠳᠣᠭᠤᠯᠵᠤ᠂ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠳᠣᠲᠣᠭᠠᠳᠤ ᠵᠠᠰᠠᠯᠲᠠ ᠶᠢᠨ ᠪᠦᠲᠦᠴᠡ ᠪᠣᠯᠤᠨ | ᠡᠷᠬᠡ ᠶᠢᠨ ᠠᠵᠢᠯᠯᠠᠭᠠᠨ ᠤ ᠳᠦᠷᠢᠮ ᠢ ᠵᠢᠷᠤᠮᠵᠢᠭᠤᠯᠵᠤ᠂ ᠡᠮᠨᠡᠯᠭᠡ ᠶᠢᠨ ᠬᠤᠷᠢᠶᠠᠨ ᠤ ᠠᠵᠢᠯᠯᠠᠭᠠᠨ ᠤ ᠦᠷ᠎ᠡ | ᠪᠦᠲᠦᠮᠵᠢ ᠶᠢ ᠳᠡᠭᠡᠭᠰᠢᠯᠡᠬᠦᠯᠦᠨ᠎ᠡ᠃ ᠪᠦᠬᠦ ᠲᠠᠯ᠎ᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ | ᠬᠡᠷᠡᠭᠵᠢᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯ ᠤᠨ ᠠᠮᠵᠢᠯᠲᠠ ᠪᠦᠲᠦᠮᠵᠢ ᠶᠢ | ᠰᠢᠯᠭᠠᠨ ᠬᠢᠨᠠᠬᠤ ᠶᠢ ᠪᠦᠬᠦ ᠲᠠᠯ᠎ᠠ ᠪᠠᠷ ᠥᠷᠨᠢᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷ ᠢᠶᠠᠷ ᠤᠳᠤᠷᠢᠳᠤᠮᠵᠢ | ᠪᠣᠯᠭᠠᠭᠰᠠᠨ᠂ ᠡᠷᠡᠭᠦᠯ ᠮᠡᠨᠳᠦ ᠶᠢ ᠪᠠᠳᠣᠯᠠᠭᠰᠠᠨ ᠦᠷ᠎ᠡ ᠪᠦᠳᠦᠮᠵᠢ ᠪᠠ ᠦᠢᠯᠡᠴᠢᠯᠡᠭᠡᠨ ᠤ ᠴᠢᠨᠠᠷ ᠴᠢᠨᠰᠠᠭ᠎ᠠ | ᠪᠠᠷ ᠭᠤᠤᠯ ᠪᠣᠯᠭᠠᠭᠰᠠᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠱᠠᠲᠤ | ᠬᠤᠪᠢᠶᠠᠨ ᠣᠨᠣᠰᠢᠯᠠᠨ ᠡᠮᠨᠡᠬᠦ ᠬᠠᠮᠢᠶ᠎ᠠ ᠪᠦᠬᠦᠢ ᠭᠦᠢᠴᠡᠳᠬᠡᠯ ᠲᠤᠭ᠎ᠠ ᠶᠢᠨ ᠡᠵᠡᠯᠡᠬᠦ ᠬᠤᠪᠢ ᠶᠢ ᠨᠡᠮᠡᠭᠳᠡᠭᠦᠯᠵᠦ᠂ | ᠬᠠᠮᠢᠶᠠᠷᠤᠯᠲᠠ ᠶᠢᠨ ᠱᠠᠲᠤ ᠳᠠᠪᠬᠤᠷᠭ᠎ᠠ ᠪᠠ ᠪᠠᠶᠢᠭᠤᠯᠤᠮᠵᠢ ᠶᠢᠨ ᠲᠥᠷᠥᠯ ᠬᠡᠯᠪᠡᠷᠢ ᠶᠣᠰᠣᠭᠠᠷ ᠰᠢᠯᠭᠠᠨ ᠬᠢᠨᠠᠵᠤ | ᠦᠨᠡᠯᠡᠬᠦ ᠶᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ︶ | ᠠᠷᠪᠠᠨ ᠬᠤᠶᠠᠷ᠂ ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠬᠤ ᠳᠦᠷᠢᠮ ᠢ ᠪᠦᠷᠢᠨᠰᠢᠬᠦᠯᠦᠨ᠎ᠡ᠃ ᠰᠡᠷᠭᠡᠶᠢᠯᠡᠬᠦ | ᠪᠠ ᠵᠠᠰᠠᠬᠤ ᠶᠢ ᠤᠶᠠᠯᠳᠤᠭᠤᠯᠬᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ | ᠂ ᠡᠮᠨᠡᠬᠦ ᠪᠠ ᠰᠡᠷᠭᠡᠶᠢᠯᠡᠬᠦ ᠶᠢ ᠬᠠᠮᠵᠢᠯᠴᠠᠭᠤᠯᠬᠤ᠂ ᠡᠮᠨᠡᠬᠦ ᠪᠠ ᠰᠡᠷᠭᠡᠶᠢᠯᠡᠬᠦ ᠶᠢ ᠠᠭᠤᠰᠤᠯᠴᠠᠭᠤᠯᠬᠤ ᠲᠣᠭᠲᠠᠴᠠ ᠶᠢᠨ | ᠰᠢᠨ᠎ᠡ ᠶᠢ ᠡᠭᠦᠳᠦᠨ᠎ᠡ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠰᠠᠯᠠᠭ᠎ᠠ ︵ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ︶ ᠵᠡᠷᠭᠡ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠢ ᠰᠢᠭᠤᠳ ᠬᠢᠵᠦ ᠪᠠᠶᠢᠭ᠎ᠠ ᠰᠠᠯᠠᠭ᠎ᠠ ᠲᠠᠰᠤᠭ ᠢ ᠪᠠᠶᠢᠭᠤᠯᠵᠤ᠂ ᠭᠤᠴᠢᠨ | ᠭᠤᠷᠪᠠᠨ ᠵᠦᠢᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠳᠠᠪᠤᠷᠢᠵᠢᠭᠤᠯᠤᠨ᠂ ᠡᠮᠴᠢᠯᠡᠭᠡᠨ ᠤ | ᠪᠠᠶᠢᠭᠤᠯᠤᠮᠵᠢ ᠪᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠭᠦᠨᠵᠡᠭᠡᠢ ᠬᠠᠮᠵᠢᠯᠴᠠᠬᠤ ᠶᠢ | ᠪᠦᠬᠦ ᠲᠠᠯ᠎ᠠ ᠪᠠᠷ ᠠᠬᠢᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ᠂ ᠶᠡᠷᠦᠩᠬᠡᠶᠢᠯᠡᠭᠰᠡᠨ ᠪᠠ | ᠲᠤᠰᠬᠠᠢ ᠡᠮᠴᠢᠯᠡᠭᠡᠨ ᠤ ᠪᠠᠶᠢᠭᠤᠯᠤᠮᠵᠢ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ︽ᠭᠤᠷᠪᠠ ᠶᠢ ᠨᠢᠭᠡ ᠴᠤᠭᠴᠠᠵᠢᠭᠤᠯᠬᠤ︾ ᠠᠵᠢᠯ ᠤᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠴᠢᠳᠠᠪᠤᠷᠢᠲᠠᠨ ᠢ ᠰᠢᠯᠵᠢᠬᠦᠯᠬᠦ᠂ ᠰᠣᠯᠪᠢᠴᠠᠭᠤᠯᠣᠨ ᠪᠣᠯᠪᠠᠰᠣᠷᠠᠭᠤᠯᠬᠤ᠂ ᠦᠢᠯᠡᠴᠢᠯᠡᠭᠡ ᠶᠢ | ᠠᠭᠤᠰᠤᠯᠴᠠᠭᠤᠯᠬᠤ᠂ ᠮᠡᠳᠡᠭᠡ ᠵᠠᠩᠭᠢ ᠶᠢ ᠬᠠᠮᠲᠤ ᠳᠠᠭᠠᠨ ᠬᠤᠪᠢᠶᠠᠯᠴᠠᠬᠤ᠂ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠵᠡᠷᠭᠡ ᠲᠣᠭᠲᠠᠴᠠ ᠶᠢ ᠪᠠᠶᠢᠭᠤᠯᠤᠨ᠂ ᠠᠷᠬᠠᠭ ᠡᠪᠡᠳᠴᠢᠨ ᠢ ᠰᠡᠷᠭᠡᠶᠢᠯᠡᠬᠦ᠂ ᠵᠠᠰᠠᠬᠤ᠂ ᠬᠠᠮᠢᠶᠠᠷᠬᠤ ᠶᠢ | ᠪᠦᠬᠦᠯᠢ ᠴᠣᠭᠴᠠ ᠪᠠᠷ ᠨᠢ ᠬᠥᠭᠵᠢᠭᠦᠯᠬᠦ ᠶᠢ ᠠᠬᠢᠭᠤᠯᠤᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠤᠰᠬᠠᠶ | ᠮᠡᠷᠭᠡᠵᠢᠯ ᠤᠨ ᠠᠵᠢᠯᠲᠠᠨ ᠡᠮᠴᠢᠯᠡᠭᠡᠨ ᠤ ᠬᠤᠯᠪᠣᠭᠠᠲᠤ ᠴᠣᠭᠴᠠ ᠳᠤ ᠣᠷᠣᠯᠴᠠᠬᠤ ᠠᠵᠢᠯ ᠢ ᠬᠠᠶᠢᠨ ᠰᠦᠪᠡᠭᠴᠢᠯᠡᠵᠦ | ᠂ ᠨᠡᠶᠢᠭᠡᠮ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠬᠤᠪᠢᠳᠠᠭᠰᠠᠨ ᠣᠷᠣᠨ ᠤ | ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ᠂ ᠦᠨᠳᠦᠰᠦᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠬᠤᠪᠢᠶᠠᠷᠢᠯᠠᠭᠰᠠᠨ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠨᠡᠶᠢᠭᠡᠮ | ᠲᠣᠭᠤᠷᠢᠭ ᠤᠨ ᠣᠵᠢᠭ ᠡᠪᠡᠳᠴᠢᠨ ᠢ ᠡᠮᠨᠡᠬᠦ ᠰᠡᠷᠭᠡᠶᠢᠯᠡᠬᠦ ᠶᠢ ᠠᠭᠤᠰᠤᠯᠴᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠵᠦ᠂ ︽ᠡᠪᠡᠳᠴᠢᠯᠡᠬᠦ ᠠᠴᠠ ᠡᠮᠦᠨ᠎ᠡ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠬᠦ᠂ | ᠡᠪᠡᠳᠴᠢᠯᠡᠭᠰᠡᠨ ᠤ ᠳᠠᠷᠠᠭ᠎ᠠ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠮᠥᠷᠳᠡᠨ ᠦᠢᠯᠡᠴᠢᠯᠡᠬᠦ ᠶᠢ ᠲᠠᠰᠤᠯᠳᠠᠭᠤᠯᠬᠤ | ᠥᠬᠡᠶ︾ ᠨᠢᠭᠡ ᠴᠣᠭᠴᠠᠵᠢᠭᠤᠯᠤᠭᠰᠠᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠪᠣᠶ ᠪᠣᠯᠭᠠᠨ᠎ᠠ᠃ | ᠡᠷᠡᠭᠦᠯ ᠡᠩᠬᠡ ᠠᠯᠠᠱᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ | ᠨᠡᠶᠢᠭᠡᠮ ᠲᠣᠭᠤᠷᠢᠭ᠂ ᠬᠡᠷ ᠪᠦᠯᠢ ᠪᠠ ᠬᠤᠪᠢ ᠬᠥᠮᠦᠨ ᠢ ᠬᠥᠲᠥᠯᠦᠨ ᠵᠢᠯᠣᠭᠤᠳᠴᠤ ᠪᠠᠶᠢᠭᠠᠳ ᠲᠣᠰ ᠲᠣᠰ ᠤᠨ | ᠡᠷᠡᠭᠦᠯ ᠮᠡᠨᠳᠦ ᠶᠢᠨ ᠬᠠᠷᠢᠭᠤᠴᠠᠯᠭ᠎ᠠ ᠶᠢ ᠨᠢ ᠬᠦᠢᠴᠡᠳᠭᠡᠬᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ︶ | ᠠᠷᠪᠠᠨ ᠭᠤᠷᠪᠠ᠂ ᠣᠷᠣᠨ ᠲᠤᠭ᠎ᠠ ᠪᠠ ᠠᠵᠢᠯᠲᠠᠨ ᠤ ᠶᠠᠪᠤᠳᠠᠯ ᠤᠨ ᠳᠦᠷᠢᠮ ᠢ ᠳᠡᠬᠦᠯᠳᠡᠷᠵᠢᠬᠦᠯᠦᠨ᠎ᠡ᠃ | ᠠᠯᠪᠠᠨ ᠠᠴᠠ ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯᠲᠠᠨ ᠤ ᠣᠷᠣᠨ | ᠲᠤᠭ᠎ᠠ ᠶᠢᠨ ᠪᠠᠷᠢᠮᠵᠢᠶ᠎ᠠ ᠶᠢ ᠵᠦᠢ ᠵᠣᠬᠢᠰᠲᠠᠶ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠵᠤ᠂ ᠬᠥᠳᠡᠯᠦᠩᠭᠦᠶ ᠪᠠᠷ | ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠬᠤᠯᠪᠣᠭᠠᠳᠣ ᠴᠣᠠᠠᠴᠠ ᠶᠢᠨ | ᠲᠣᠳᠣᠭᠠᠳᠣ ᠳᠠᠬᠢ ᠠᠯᠪᠠᠨ ᠠᠴᠠ ᠪᠠᠶᠢᠭᠤᠯᠥᠠᠠᠰᠠᠨ ᠡᠮᠴᠢᠯᠡᠭᠡ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠶᠢᠨ ᠣᠷᠣᠨ | ᠲᠤᠭ᠎ᠠ ᠶᠢ ᠲᠣᠰ ᠲᠣᠰ ᠬᠢᠨᠡᠨ ᠲᠣᠠᠠᠳᠠᠭᠠᠬᠤ᠂ ᠨᠢᠭᠡᠳᠦᠯᠳᠡᠢ ᠳᠥᠯᠥᠪᠯᠡᠨ ᠭᠡᠷᠡᠭᠯᠡᠬᠦ᠂ ᠠᠵᠢᠯᠳᠡᠨ ᠢ ᠨᠢᠭᠡᠳᠦᠯᠳᠡᠢ | ᠣᠷᠢᠬᠤ ᠪᠠ ᠨᠢᠭᠡᠳᠦᠯᠳᠡᠢ ᠬᠠᠮᠢᠶᠡᠷᠬᠤ ᠵᠬᠠᠪᠤᠷ ᠢ ᠰᠦᠪᠡᠭᠴᠢᠯᠡᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠳᠦᠷᠢᠮ ᠢ ᠦᠭᠡᠷᠡᠴᠢᠯᠡᠵᠦ᠂ ᠣᠷᠣᠨ ᠲᠤᠭ᠎ᠠ ᠶᠢᠨ | ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠪᠢᠴᠢᠭ ᠢ ᠰᠢᠨᠵᠢᠯᠡᠬᠦ ᠤᠬᠠᠭᠠᠨᠴᠢ ᠪᠦᠭᠡᠳ ᠬᠦᠳᠡᠯᠦᠩᠭᠦᠢ ᠪᠠᠷ | ᠳᠣᠬᠢᠷᠠᠭᠤᠯᠣᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯᠳᠠᠨ ᠬᠡᠷᠡᠭᠯᠡᠬᠦ ᠡᠵᠡᠨ ᠮᠡᠳᠡᠬᠦ | ᠡᠷᠬᠡ ᠶᠢ ᠨᠠᠶᠢᠳᠠᠪᠤᠷᠢᠵᠢᠭᠤᠯᠵᠤ᠂ ᠲᠣᠭᠲᠠᠭᠠᠯ ᠶᠤᠰᠤᠭᠠᠷ ᠠᠵᠢᠯ ᠤᠨ ᠪᠠᠶᠢᠷᠢ ᠶᠢᠨ ᠶᠡᠷᠦᠩᠬᠡᠢ ᠬᠡᠮᠵᠢᠶ᠎ᠡ ᠪᠣᠯᠣᠨ | ᠠᠵᠢᠯ ᠤᠨ ᠪᠠᠶᠢᠷᠢ ᠶᠢᠨ ᠪᠠᠷᠢᠮᠵᠢᠶ᠎ᠠ ᠶᠢ ᠡᠵᠡᠨ ᠮᠡᠳᠡᠵᠦ ᠳᠣᠭᠳᠠᠭᠠᠨ᠎ᠠ᠃ ᠦᠨᠳᠦᠰᠦᠨ ᠱᠠᠲᠤᠨ ᠤ ᠡᠮᠨᠡᠯᠭᠡ ᠶᠢᠨ | ᠠᠵᠢᠯᠲᠠᠨ ᠡᠯᠰᠡᠬᠦ ᠪᠠᠷᠢᠮᠵᠢᠶ᠎ᠠ ᠪᠠ ᠲᠠᠰ ᠳᠠᠷᠠᠭᠠᠯᠠᠯ ᠢ ᠰᠢᠯᠢᠳᠡᠭᠵᠢᠭᠦᠯᠵᠦ᠂ ᠬᠤᠰᠢᠭᠤᠨ ᠤ ᠱᠠᠲᠤ ᠵᠢᠴᠢ | ᠲᠡᠭᠦᠨ ᠠᠴᠠ ᠳᠣᠷᠣᠭᠰᠢᠬᠢ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠤᠨ ᠪᠠᠶᠢᠷᠢ ᠶᠢᠨ | ᠬᠠᠮᠢᠶᠠᠷᠤᠯᠲᠠ ᠪᠠ ᠠᠵᠢᠯᠲᠠᠨ ᠢ ᠤᠷᠢᠵᠤ ᠬᠡᠷᠡᠭᠯᠡᠬᠦ ᠲᠦᠷᠢᠮ ᠢ ᠪᠦᠷᠢᠨᠰᠢᠬᠦᠯᠵᠦ᠂ ᠰᠢᠶᠠᠨ ᠤ ᠬᠡᠪᠴᠢᠶᠡᠨ ᠤ ᠨᠢᠭᠲᠠ | ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠪᠠᠷ ᠤᠷᠢᠬᠤ ᠨᠢᠭᠡᠴᠡ ᠪᠣᠯᠭᠠᠵᠤ᠂ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠤᠨ ᠪᠠᠶᠢᠷᠢ ᠶᠢ ᠨᠢᠭᠡ ᠴᠣᠭᠴᠠᠵᠢᠭᠤᠯᠤᠨ | ᠳᠣᠭᠢᠷᠠᠭᠤᠯᠬᠤ ᠪᠠ ᠬᠠᠮᠢᠶᠠᠷᠤᠨ᠎ᠠ᠃ ᠬᠤᠰᠢᠭᠤᠨ ᠤ ᠬᠡᠪᠴᠢᠶᠡᠨ ᠳᠣᠲᠣᠷᠠᠬᠢ ᠡᠷᠡᠭᠦᠯ ᠬᠠᠮᠠᠭᠠᠯᠠᠯ ᠤᠨ | ᠴᠢᠳᠠᠪᠤᠷᠢᠲᠠᠨ ᠤ ᠨᠢᠭᠡ ᠴᠣᠭᠴᠠᠵᠢᠭᠤᠯᠤᠯᠲᠠ ᠶᠢ ᠴᠢᠩᠭᠠᠳᠬᠠᠵᠤ᠂ ᠬᠤᠰᠢᠭᠤ ︵ᠣᠷᠣᠨ︶ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠭᠠᠵᠠᠷ ᠣᠷᠣᠨ ᠤ ᠪᠣᠳᠠᠲᠠᠶ ᠪᠠᠶᠢᠳᠠᠯ ᠢ | ᠦᠨᠳᠦᠰᠦᠯᠡᠨ᠂ ᠰᠢᠶᠠᠨ ᠠᠴᠠ ᠬᠠᠮᠢᠶᠠᠷᠴᠤ ᠰᠢᠶᠠᠩ ᠬᠡᠷᠡᠭᠯᠡᠬᠦ᠂ ᠰᠢᠶᠠᠩ ᠤᠷᠢᠵᠤ ᠭᠠᠴᠠᠭ᠎ᠠ ᠬᠡᠷᠡᠭᠯᠡᠬᠦ ᠶᠢ | ᠬᠡᠷᠡᠭᠵᠢᠭᠦᠯᠵᠦ᠂ ᠬᠤᠰᠢᠭᠤᠨ ᠳᠣᠲᠣᠷᠠᠬᠢ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ | ᠠᠵᠢᠯᠲᠠᠨ ᠢ ᠨᠢᠭᠡᠳᠦᠯᠲᠡᠶ ᠲᠥᠯᠥᠪᠯᠡᠨ ᠲᠣᠬᠢᠷᠠᠭᠤᠯᠤᠨ᠎ᠠ᠃ ᠵᠠᠩ ᠮᠣᠷᠠᠯ᠂ ᠴᠢᠳᠡᠪᠦᠷᠢ᠂ ᠠᠵᠢᠯ ᠤᠨ ᠠᠮᠵᠢᠯᠳᠡ ᠪᠠᠷ | ᠣᠳᠣᠷᠢᠳᠣᠮᠵᠢ ᠪᠤᠯᠭᠠᠠᠠᠰᠠᠨ ᠡᠷᠡᠬᠦᠯ ᠬᠠᠮᠠᠭᠠᠯᠠᠯ ᠤᠨ ᠲᠣᠰᠬᠠᠢ ᠮᠡᠷᠭᠡᠵᠢᠯ ᠤᠨ ᠠᠵᠢᠯᠳᠡᠨ ᠤ ᠮᠡᠷᠭᠡᠵᠢᠯ ᠤᠨ | ᠴᠣᠯᠡ ᠶᠢᠨ ᠳᠥᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠦᠨᠳᠣᠰᠣᠡ ᠱᠠᠳᠣᠨ ᠤ ᠡᠷᠡᠬᠦᠯ | ᠬᠠᠮᠠᠭᠠᠯᠠᠯ ᠤᠨ ᠴᠢᠳᠡᠪᠦᠷᠢᠳᠡᠨ ᠤ ᠣᠨᠴᠠᠯᠢᠭ ᠲᠤ ᠨᠡᠶᠢᠴᠡᠭᠰᠡᠨ ᠮᠡᠷᠭᠡᠵᠢᠯ ᠤᠨ ᠴᠣᠯᠡ ᠳᠡᠪᠰᠢᠬᠦ ᠳᠦᠷᠦᠯ ᠠᠩᠬᠢ ᠪᠠ | ᠰᠢᠯᠭᠠᠷᠡᠭᠤᠯᠬᠤ ᠪᠡᠷᠢᠮᠵᠢᠶ᠎ᠠ ᠶᠢ ᠪᠦᠷᠢᠨᠰᠢᠬᠦᠯᠥᠨ᠎ᠠ᠃ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ | ᠪᠦᠬᠦᠯᠢ 20 ᠵᠢᠯ ᠠᠵᠢᠯᠯᠠᠭᠰᠠᠨ ᠮᠥᠷᠲᠡᠭᠡᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ | ᠬᠤᠭᠤᠴᠠᠭ᠎ᠠ ᠨᠢ 5 ᠵᠢᠯ ᠬᠦᠷᠬᠦ ᠦᠭᠡᠶ ᠪᠠᠶᠢᠭ᠎ᠠ ᠣᠷᠢᠭᠳᠠᠭᠰᠠᠨ ᠲᠤᠰᠬᠠᠶ ᠮᠡᠷᠭᠡᠵᠢᠯ ᠤᠨ ᠠᠵᠢᠯᠲᠠᠨ ᠢ ᠠᠵᠢᠯ ᠤᠨ | ᠪᠠᠶᠢᠷᠢ ᠳᠤ ᠤᠷᠢᠨ ᠬᠡᠷᠡᠭᠯᠡᠬᠦ᠂ ᠵᠡᠷᠭᠡ ᠳᠡᠰ ᠢ ᠨᠢ ᠳᠡᠪᠰᠢᠭᠦᠯᠬᠦ ᠳᠡᠭᠡᠨ ᠲᠣᠰ ᠨᠢᠭᠡᠴᠡ ᠶᠢᠨ ᠢᠶᠠᠨ ᠵᠣᠬᠢᠬᠤ ᠲᠤᠰᠬᠠᠶ | ᠮᠡᠷᠭᠡᠵᠢᠯ ᠤᠨ ᠠᠵᠢᠯ ᠤᠨ ᠪᠠᠶᠢᠷᠢ ᠶᠢᠨ ᠲᠤᠰᠢᠶᠠᠯ ᠤᠨ ᠲᠤᠭ᠎ᠠ ᠶᠢ ᠡᠵᠡᠯᠡᠬᠦ ᠥᠬᠡᠶ ᠪᠠᠶᠢᠵᠤ᠂ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠤᠨ ᠪᠠᠶᠢᠷᠢ ᠶᠢᠨ ᠲᠠᠲᠠᠬᠤ ᠬᠦᠴᠦᠨ ᠢ | ᠲᠠᠰᠤᠷᠠᠯᠲᠠ ᠥᠬᠡᠶ ᠳᠡᠭᠡᠭᠰᠢᠯᠡᠭᠦᠯᠵᠦ ᠪᠣᠯᠤᠨ᠎ᠠ᠃ ᠬᠢᠨᠠᠨ ᠲᠣᠭᠲᠠᠭᠠᠬᠤ ᠴᠤᠪᠤᠷᠠᠯ ᠢ ᠦᠷᠭᠦᠯᠵᠢᠯᠡᠨ | ᠰᠢᠯᠢᠳᠡᠭᠵᠢᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ ᠢ ᠭᠦᠢᠴᠡᠳ | ᠠᠰᠢᠭᠯᠠᠨ᠂ ᠰᠦᠯᠵᠢᠶ᠎ᠡ ᠪᠠᠷ ᠮᠡᠳᠡᠭᠦᠯᠬᠦ᠂ ᠰᠦᠯᠵᠢᠶ᠎ᠡ ᠪᠠᠷ ᠬᠢᠨᠠᠨ ᠪᠠᠶᠢᠴᠠᠭᠠᠬᠤ᠂ ᠰᠦᠯᠵᠢᠶ᠎ᠡ ᠪᠠᠷ ᠦᠨᠡᠯᠡᠬᠦ ᠪᠥᠬᠦ | ᠶᠠᠪᠤᠴᠠ ᠶᠢᠨ ᠲᠣᠭᠠᠴᠢᠯᠠᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ︵ᠬᠠᠷᠢᠭᠤᠴᠠᠯᠭᠠᠲᠤ | ᠨᠢᠭᠡᠴᠡ᠄ ᠠᠶᠢᠮᠠᠭ ᠤᠨ ᠨᠠᠮ ᠤᠨ ᠬᠤᠷᠢᠶᠠᠨ ᠤ ᠪᠠᠶᠢᠭᠤᠯᠣᠮᠵᠢ ᠣᠷᠣᠨ ᠲᠤᠭ᠎ᠠ ᠶᠢᠨ ᠬᠤᠷᠢᠶᠠᠨ ᠤ ᠠᠯᠪᠠᠨ ᠬᠡᠷ᠂ | ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠠᠷᠪᠠᠨ ᠳᠥᠷᠪᠡ᠂ ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠦᠨ᠎ᠡ᠃ ︽ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠳᠣ ᠶᠢᠨ ᠬᠡᠷᠡᠭᠵᠢᠭᠦᠯᠵᠦ | ᠪᠠᠶᠢᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠲᠣᠬᠢᠷᠠᠭᠤᠯᠭ᠎ᠠ ᠡᠵᠡᠮᠰᠢᠯ ᠤᠨ ᠬᠢᠷᠢ ᠲᠦᠪᠰᠢᠨ ᠠᠴᠠ | ᠳᠠᠪᠠᠭᠤᠯᠬᠤ ᠶᠢ ᠵᠥᠪᠰᠢᠶᠡᠷᠡᠵᠦ᠂ ᠡᠮᠴᠢᠯᠡᠭᠡ ᠶᠢᠨ ᠦᠢᠯᠡᠴᠢᠯᠡᠭᠡᠨ ᠤ ᠣᠷᠣᠯᠭ᠎ᠠ ᠠᠴᠠ ᠥᠪᠡᠷ ᠤᠨ ᠥᠷᠲᠡᠭ ᠢ | ᠰᠠᠭᠤᠯᠭᠠᠨ ᠠᠪᠬᠤ ᠶᠢᠨ ᠬᠠᠮᠲᠤ ᠲᠣᠭᠲᠠᠭᠠᠯ ᠶᠣᠰᠣᠭᠠᠷ ᠡᠯ᠎ᠡ ᠵᠦᠢᠯ ᠤᠨ ᠰᠠᠭᠤᠷᠢ ᠮᠥᠩᠭᠦ ᠶᠢ ᠭᠠᠷᠭᠠᠨ | ᠠᠪᠤᠭᠰᠠᠨ ᠤ ᠳᠠᠷᠠᠭ᠎ᠠ ᠭᠤᠣᠯᠳᠠᠭᠤ ᠠᠵᠢᠯᠲᠠᠨ ᠢ ᠱᠠᠩᠨᠠᠬᠤ ᠳᠤ ᠬᠡᠷᠡᠭᠯᠡᠬᠦ︾ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠮᠵᠢᠯᠲᠠ | ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠪᠠ ᠬᠢᠷᠢ ᠬᠡᠮᠵᠢᠶ᠎ᠡ ᠶᠢ ᠵᠦᠢ ᠵᠣᠬᠢᠰᠲᠠᠢ ᠬᠢᠨᠠᠨ ᠲᠣᠭᠲᠠᠭᠠᠨ᠎ᠠ᠃ | ︽ᠠᠯᠠᠱᠠ ᠠᠶᠢᠮᠠᠭ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠠᠯᠢᠩ ᠬᠥᠯᠥᠰᠥ ᠶᠢᠨ | ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠣᠬᠠᠢ ᠬᠡᠷᠡᠭᠵᠢᠭᠦᠯᠬᠦ ᠲᠥᠰᠦᠯ︾ ︵ᠠᠯᠠᠱᠠ ᠵᠠᠬᠢᠷᠭ᠎ᠠ | ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠲᠠᠷᠬᠠᠭᠠᠭᠰᠠᠨ ﹇2023﹈ 10 ᠳ᠋ᠤᠭᠠᠷ ᠲᠣᠭᠠᠲᠤ︶ ᠶᠣᠰᠣᠭᠠᠷ᠂ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠠᠯᠢᠩ ᠬᠥᠯᠥᠰᠥ ᠶᠢᠨ ᠲᠦᠷᠢᠮ ᠤᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷ ᠲᠠᠢ ᠬᠠᠷᠢᠯᠴᠠᠨ ᠵᠣᠬᠢᠴᠠᠯᠳᠤᠭᠰᠠᠨ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠤᠨ ᠬᠥᠳᠡᠯᠦᠩᠭᠦᠶ ᠨᠡᠮᠡᠭᠳᠡᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠴᠠᠯᠢᠩ ᠬᠥᠯᠥᠰᠥ ᠶᠢ ᠬᠤᠪᠢᠶᠠᠷᠢᠯᠠᠬᠤ ᠠᠷᠭ᠎ᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠢᠨᠠᠨ ᠲᠣᠭᠲᠠᠭᠠᠭᠰᠠᠨ | ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶᠡᠨ ᠳᠣᠲᠣᠷ᠎ᠠ᠂ ᠵᠢᠯ ᠤᠨ ᠴᠠᠯᠢᠩ ᠤᠨ | ᠲᠦᠷᠢᠮ᠂ ᠳᠣᠬᠢᠷᠠᠯᠴᠠᠭᠰᠠᠨ ᠴᠠᠯᠢᠩ ᠤᠨ ᠲᠦᠷᠢᠮ᠂ ᠲᠥᠷᠥᠯ ᠵᠦᠢᠯ ᠤᠨ ᠴᠠᠯᠢᠩ ᠵᠡᠷᠭᠡ ᠠᠮᠢᠳᠤᠯᠢᠭ ᠣᠯᠠᠨ | ᠶᠠᠩᠵᠤ ᠶᠢᠨ ᠬᠤᠪᠢᠶᠠᠷᠢᠯᠠᠬᠤ ᠬᠡᠯᠪᠡᠷᠢ ᠶᠢ ᠰᠦᠪᠡᠭᠴᠢᠯᠡᠨ ᠬᠡᠷᠡᠭᠵᠢᠭᠦᠯᠵᠦ᠂ ᠬᠥᠳᠡᠯᠮᠦᠷᠢ ᠶᠢᠨ ᠮᠡᠷᠭᠡᠵᠢᠯ ᠤᠨ ᠦᠨ᠎ᠡ | ᠥᠷᠲᠡᠭ ᠪᠠ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠢᠯᠡᠷᠡᠭᠦᠯᠦᠨ᠎ᠡ᠃ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠲᠤᠰᠬᠠᠶ ᠪᠠᠶᠢᠭᠤᠯᠤᠮᠵᠢ ᠶᠢᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠪᠣᠯᠤᠨ | ᠬᠢᠷᠢ ᠬᠡᠮᠵᠢᠶ᠎ᠡ ᠶᠢ ᠵᠦᠢ ᠵᠣᠬᠢᠰᠲᠠᠶ ᠬᠢᠨᠠᠨ ᠲᠣᠭᠲᠠᠭᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠡᠮᠴᠢ ᠶᠢᠨ | ᠣᠯᠭᠤᠮᠵᠢ ᠶᠢ ᠦᠨᠡᠨᠬᠦ ᠪᠠᠲᠤᠯᠠᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠰᠠᠯᠠᠭ᠎ᠠ ᠲᠠᠰᠤᠭ ᠤᠨ ᠠᠵᠢᠯᠲᠠᠨ ᠤ ᠣᠷᠣᠯᠭ᠎ᠠ ᠨᠢ ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠶᠢᠨ | ᠠᠵᠢᠯᠲᠠᠨ ᠤ ᠳᠤᠮᠳᠠᠴᠢ ᠴᠠᠯᠢᠩ ᠤᠨ ᠬᠢᠷᠢ ᠬᠡᠮᠵᠢᠶ᠎ᠡ ᠠᠴᠠ ᠳᠣᠤᠷ᠎ᠠ ᠦᠭᠡᠶ ᠪᠠᠶᠢᠵᠤ᠂ ᠤᠯᠤᠰ ᠤᠨ ᠬᠠᠷᠠᠭᠠᠯᠵᠠᠭᠰᠠᠨ | ᠨᠡᠮᠡᠭᠦᠷᠢ ᠨᠥᠬᠦᠪᠥᠷᠢ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠨᠣᠳᠤᠭ ᠤᠨ ᠡᠮᠴᠢ ᠶᠢᠨ ᠣᠯᠭᠤᠮᠵᠢ ᠶᠢ | ᠪᠠᠲᠤᠯᠠᠵᠤ᠂ ᠨᠣᠳᠤᠭ ᠤᠨ ᠡᠮᠴᠢ ᠶᠢᠨ ᠨᠠᠰᠤᠵᠢᠯ ᠪᠠ ᠡᠮᠴᠢᠯᠡᠭᠡᠨ ᠤ ᠪᠠᠲᠤᠯᠠᠭ᠎ᠠ ᠶᠢᠨ ᠠᠰᠠᠭᠤᠳᠠᠯ ᠢ ᠲᠥᠷᠥᠯ | ᠬᠤᠪᠢᠶᠠᠨ ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ | ᠵᠠᠰᠠᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ᠠᠷᠪᠠᠨ ᠲᠠᠪᠤ᠂ ᠵᠠᠰᠠᠭ ᠤᠨ ᠣᠷᠳᠣᠨ ᠤ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ | ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠣᠷᠣᠭᠤᠯᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠳᠠᠬᠢ ᠣᠷᠣᠭᠤᠯᠤᠯᠲᠠ ᠶᠢᠨ ᠡᠷᠴᠢᠮ ᠢᠶᠠᠨ | ᠨᠡᠮᠡᠭᠳᠡᠭᠦᠯᠵᠦ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠴᠢᠳᠠᠪᠤᠷᠢ ᠶᠢ ᠴᠢᠩᠭᠠᠷᠠᠭᠤᠯᠤᠨ᠎ᠠ᠃ ᠪᠦᠲᠦᠴᠡ ᠨᠢ ᠵᠦᠢ ᠵᠣᠬᠢᠰᠲᠠᠶ ᠵᠠᠰᠠᠭ ᠤᠨ ᠣᠷᠳᠣᠨ ᠤ ᠣᠷᠣᠭᠤᠯᠤᠯᠲᠠ ᠶᠢᠨ | ᠲᠣᠭᠲᠠᠴᠠ ᠶᠢ ᠰᠤᠳᠤᠯᠤᠨ ᠪᠠᠶᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠢᠨᠠᠷ | ᠰᠠᠶᠢᠲᠠᠶ ᠬᠥᠭᠵᠢᠯᠲᠡ ᠪᠣᠯᠤᠨ ᠠᠵᠤ ᠠᠬᠤᠶ ᠶᠢᠨ ᠬᠥᠭᠵᠢᠯᠲᠡ ᠯᠦᠭᠡ ᠲᠣᠬᠢᠷᠠᠯᠴᠠᠭᠰᠠᠨ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ᠎ᠡ᠃ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠯᠳᠠᠭᠳᠠᠯ ᠢ | ᠨᠥᠬᠦᠪᠥᠷᠢᠯᠡᠬᠦ ᠠᠷᠭ᠎ᠠ ᠪᠣᠯᠤᠨ ᠥᠷᠢ ᠰᠢᠷᠢ ᠶᠢ ᠠᠷᠢᠯᠭᠠᠬᠤ ᠪᠠ ᠬᠠᠮᠢᠶᠠᠷᠬᠤ ᠠᠷᠭ᠎ᠠ ᠶᠢ ᠰᠤᠳᠤᠯᠤᠨ ᠳᠣᠭᠳᠠᠭᠠᠨ᠎ᠠ᠃ | ᠨᠡᠶᠢᠲᠡᠯᠡᠭᠰᠡᠨ ︽ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠶ ᠬᠥᠭᠵᠢᠯᠲᠡ ᠶᠢᠨ | ᠣᠷᠣᠭᠤᠯᠤᠯᠲᠠ ᠶᠢ ᠪᠠᠳᠣᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠰᠠᠨᠠᠯ︾᠂ ︽ᠵᠠᠰᠠᠭ ᠤᠨ | ᠣᠷᠳᠣᠨ ᠤ ᠡᠷᠡᠭᠦᠯ ᠬᠠᠮᠠᠭᠠᠯᠠᠯ ᠤᠨ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠬᠦ ᠲᠤᠬᠠᠶ ᠰᠠᠨᠠᠯ︾ ᠵᠡᠷᠭᠡ ᠪᠥᠬᠦ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠳ᠋ ᠤᠨ | ᠵᠠᠰᠠᠭ ᠤᠨ ᠵᠠᠷᠤᠳᠠᠯ ᠢ ᠪᠠᠳᠣᠯᠠᠬᠤ ᠲᠣᠭᠲᠠᠴᠠ ᠪᠠ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ | ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠰ ᠤᠨ ᠣᠷᠣᠭᠤᠯᠤᠯᠲᠠ ᠶᠢ ᠦᠨᠳᠦᠰᠦᠨ ᠱᠠᠲᠤᠨ ᠤ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠪᠠ ᠬᠢᠯᠢ ᠬᠢᠵᠠᠭᠠᠷ | ᠰᠤᠮᠤ ᠲᠡᠰᠢ ᠵᠣᠬᠢᠰᠲᠠᠶ ᠨᠡᠮᠡᠭᠳᠡᠭᠦᠯᠦᠨ᠎ᠡ᠃ ᠬᠢᠳᠡᠳ ︵ᠮᠣᠩᠭᠤᠯ︶ ᠡᠮ ᠡᠮᠨᠡᠯᠬᠡ ᠶᠢ ᠬᠦᠭᠵᠢᠬᠦᠯᠬᠦ | ᠦᠷᠬᠦᠯᠵᠢᠯᠡᠭᠰᠡᠨ ᠳᠣᠭᠳᠠᠪᠣᠷᠢᠳᠠᠢ ᠣᠷᠣᠭᠤᠯᠥᠯᠳᠡ ᠶᠢᠨ ᠲᠣᠠᠠᠳᠡᠴᠠ ᠶᠢ ᠪᠠᠶᠢᠭᠤᠯᠵᠦ᠂ ᠣᠷᠣᠭᠤᠯᠥᠯᠳᠡ ᠬᠢᠬᠦ | ᠡᠷᠴᠢᠮ ᠢ ᠴᠢᠩᠭᠠᠷᠡᠭᠤᠯᠥᠨ᠎ᠠ᠃ ᠵᠠᠰᠠᠭ ᠤᠨ ᠣᠷᠳᠣᠨ ᠠᠴᠠ ᠡᠮᠴᠢᠯᠡᠭᠡᠨ ᠤ ᠲᠣᠮᠣ ᠬᠡᠯᠪᠡᠷᠢ ᠶᠢᠨ ᠲᠥᠬᠦᠭᠡᠷᠦᠮᠵᠢ ᠶᠢ | ᠲᠣᠬᠢᠷᠠᠭᠤᠯᠬᠤ ᠲᠥᠯᠥᠪᠵᠢᠭᠦᠯᠭᠡ ᠶᠢ ᠨᠠᠶᠢᠷᠠᠭᠤᠯᠬᠤ ᠪᠠ ᠵᠠᠰᠠᠭ ᠤᠨ ᠣᠷᠳᠣᠨ ᠤ ᠣᠷᠣᠭᠤᠯᠤᠯᠲᠠ᠂ | ᠲᠥᠬᠦᠭᠡᠷᠦᠮᠵᠢ ᠶᠢ ᠲᠥᠪᠯᠡᠷᠡᠭᠦᠯᠦᠨ ᠬᠤᠳᠠᠯᠳᠤᠨ ᠠᠪᠬᠤ ᠵᠢᠴᠢ ᠬᠢᠨᠠᠨ ᠬᠠᠮᠢᠶᠠᠷᠴᠤ ᠵᠣᠯᠭᠠᠭᠤᠯᠬᠤ ᠲᠣᠭᠲᠠᠴᠠ ᠶᠢ | ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠠᠷᠪᠠᠨ ᠵᠢᠷᠭᠤᠭ᠎ᠠ᠂ ᠦᠢᠯᠡᠴᠢᠯᠡᠭᠡ ᠬᠤᠳᠠᠯᠳᠤᠨ ᠠᠪᠬᠤ ᠲᠣᠭᠲᠠᠴᠠ ᠶᠢ ᠪᠦᠷᠢᠨᠰᠢᠭᠦᠯᠦᠨ᠎ᠡ᠃ ᠡᠮᠴᠢᠯᠡᠭᠡᠨ ᠤ | ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠷᠥᠯ ᠬᠤᠪᠢᠶᠠᠨ ᠬᠠᠮᠢᠶᠠᠷᠬᠤ᠂ | ᠡᠮᠨᠡᠯᠭᠡ ᠶᠢᠨ ᠬᠤᠷᠢᠶ᠎ᠠ ᠣᠷᠣᠯᠴᠠᠬᠤ᠂ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ᠂ ᠬᠥᠳᠡᠯᠦᠩᠭᠦᠶ ᠪᠠᠷ | ᠳᠣᠭᠢᠷᠠᠭᠤᠯᠬᠤ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠲᠣᠭᠲᠠᠴᠠ ᠶᠢ ᠪᠠᠶᠢᠭᠤᠯᠵᠤ᠂ ︽ᠢᠨᠲ᠋ᠧᠷ | ᠰᠦᠯᠵᠢᠶ᠎ᠡ+︾ ᠡᠮᠴᠢᠯᠡᠭᠡᠨ ᠤ ᠦᠢᠯᠡᠴᠢᠯᠡᠭᠡ᠂ ᠬᠡᠷ ᠲᠤᠨᠢ ᠬᠦᠷᠴᠦ ᠡᠮᠴᠢᠯᠡᠭᠡᠨ ᠤ ᠦᠢᠯᠡᠴᠢᠯᠡᠭᠡ ᠬᠠᠩᠭᠠᠬᠤ | ᠵᠡᠷᠭᠡ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ | ᠦᠨ᠎ᠡ ᠬᠠᠩᠰᠢ ᠶᠢᠨ ᠬᠥᠳᠡᠯᠦᠩᠭᠦᠶ ᠲᠣᠬᠢᠷᠠᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠬᠡᠪ ᠤᠨ ᠦᠨ᠎ᠡ | ᠬᠠᠩᠰᠢ ᠳᠤ ᠲᠣᠬᠢᠷᠠᠭᠤᠯᠤᠯᠲᠠ ᠬᠢᠬᠦ ᠵᠢᠱᠢᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ | ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯᠯᠠᠭᠠᠨ᠂ ᠤᠳᠠᠭ᠎ᠠ ᠪᠦᠷᠢ ᠶᠢᠨ ᠳᠤᠮᠳᠠᠴᠢ | ᠡᠮᠴᠢᠯᠡᠭᠡᠨ ᠤ ᠵᠠᠷᠤᠳᠠᠯ ᠤᠨ ᠨᠡᠮᠡᠭᠳᠡᠯ ᠤᠨ ᠬᠡᠮᠵᠢᠶ᠎ᠡ᠂ ᠡᠮᠴᠢᠯᠡᠭᠡᠨ ᠤ ᠣᠷᠣᠯᠭ᠎ᠠ ᠶᠢᠨ ᠪᠦᠲᠦᠴᠡ ᠶᠢᠨ ᠬᠤᠪᠢᠷᠠᠯᠲᠠ | ᠪᠠ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯᠯᠠᠭᠠᠨ ᠵᠡᠷᠭᠡ ᠭᠦᠢᠴᠡᠳᠬᠡᠯ ᠲᠤᠭ᠎ᠠ ᠶᠢ ᠬᠢᠨᠠᠨ | ᠬᠡᠮᠵᠢᠬᠦ ᠪᠠ ᠵᠠᠳᠠᠯᠬᠤ ᠶᠢ ᠴᠢᠩᠭᠠᠳᠬᠠᠨ᠎ᠠ᠃ ᠣᠯᠡᠨ ᠳᠠᠯᠠᠳᠣ ᠨᠡᠶᠢᠯᠡᠮᠡᠯ ᠮᠠᠶ᠋ᠢᠭ ᠤᠨ ᠡᠮ ᠡᠮᠨᠡᠯᠬᠡ ᠶᠢᠨ | ᠲᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠦᠭᠡᠷᠡᠴᠢᠯᠡᠯᠳᠡ ᠶᠢ ᠠᠬᠢᠭᠤᠯᠵᠦ᠂ ᠡᠪᠡᠳᠴᠢᠨ ᠤ | ᠳᠥᠷᠦᠯ ᠢᠶᠠᠷ ᠵᠠᠷᠣᠳᠡᠯ ᠲᠣᠰᠢᠶᠡᠬᠤ ᠶᠣᠰᠣᠭᠠᠷ ᠪᠤᠢ ᠪᠦᠬᠦᠢ ᠨᠦᠬᠦᠴᠡᠯ ᠳᠤ ᠨᠡᠶᠢᠴᠡᠬᠦ ᠪᠦᠭᠡᠳ ᠡᠮᠨᠡᠯᠭᠡ ᠳᠤ | ᠰᠠᠭᠤᠵᠦ ᠦᠢᠯᠡᠴᠢᠯᠡᠬᠦ ᠡᠮᠴᠢᠯᠡᠭᠡᠨ ᠤ ᠪᠠᠶᠢᠭᠤᠯᠥᠮᠵᠢ ᠶᠢ ᠬᠠᠮᠣᠷᠣᠭᠤᠯᠣᠨᠠ᠃ ᠬᠢᠲᠠᠳ ︵ᠮᠣᠩᠭᠤᠯ︶ ᠡᠮ | ᠡᠮᠨᠡᠯᠭᠡ ᠶᠢᠨ ᠣᠨᠴᠠᠯᠢᠭ ᠲᠤ ᠨᠡᠶᠢᠴᠡᠭᠰᠡᠨ ᠡᠮ ᠡᠮᠨᠡᠯᠬᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠢ | ᠪᠦᠷᠢᠨᠰᠢᠭᠦᠯᠦᠨ᠎ᠡ᠃ ᠨᠢᠭᠲᠠᠷᠬᠠᠰᠠᠨ ᠭᠡᠯᠪᠡᠷᠢ ᠶᠢᠨ ᠡᠮᠴᠢᠯᠡᠭᠡᠨ ᠤ ᠬᠠᠮᠳᠣ ᠶᠢᠨ ᠴᠣᠭᠴᠠ ᠶᠢᠨ ᠵᠠᠷᠣᠳᠡᠯ | ᠲᠣᠰᠢᠶ᠋ᠬᠠᠰᠠᠨ ᠣᠯᠡᠨ ᠳᠠᠯᠠᠳᠣ ᠨᠡᠶᠢᠯᠡᠮᠡᠯ ᠮᠠᠶ᠋ᠢᠭ ᠤᠨ ᠡᠮ ᠡᠮᠨᠡᠯᠬᠡ ᠶᠢᠨ ᠲᠠᠭᠠᠳᠬᠠᠯ ᠤᠨ ᠲᠣᠭᠠᠴᠠᠭ᠎ᠠ ᠬᠢᠬᠦ ᠠᠷᠭ᠎ᠠ | ᠮᠠᠶ᠋ᠢᠭ ᠢ ᠰᠦᠪᠡᠭᠴᠢᠯᠡᠨ ᠦᠷᠨᠢᠬᠦᠯᠥᠨ᠎ᠠ᠃ ᠦᠨᠳᠣᠰᠣᠨ ᠱᠠᠳᠣᠨ ᠤ ᠡᠮᠴᠢᠯᠡᠭᠡᠨ ᠤ ᠪᠠᠶᠢᠭᠤᠯᠥᠮᠵᠢ ᠶᠢᠨ ᠡᠮ | ᠡᠮᠨᠡᠯᠬᠡ ᠶᠢᠨ ᠲᠠᠭᠠᠳᠬᠠᠯ ᠤᠨ ᠲᠣᠭᠠᠴᠠᠭ᠎ᠠ ᠬᠢᠬᠦ ᠳᠦᠷᠦ ᠶᠢᠨ ᠪᠤᠳᠣᠯᠭ᠎ᠠ ᠶᠢ ᠰᠢᠯᠢᠳᠡᠭᠵᠢᠬᠦᠯᠵᠦ᠂ ᠦᠨᠳᠣᠰᠣᠨ | ᠱᠠᠳᠣᠨ ᠤ ᠡᠮᠴᠢᠯᠡᠭᠡ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠶᠢᠨ ᠬᠠᠩᠭᠠᠬᠤ ᠡᠮᠴᠢᠯᠡᠭᠡᠨ ᠤ ᠦᠢᠯᠡᠴᠢᠯᠡᠭᠡᠨ ᠤ | ᠶᠡᠷᠦᠩᠭᠡᠢ ᠭᠡᠮᠵᠢᠶ᠎ᠠ ᠪᠠ ᠡᠮ ᠡᠮᠨᠡᠯᠬᠡ ᠶᠢᠨ ᠲᠠᠭᠠᠳᠬᠠᠯ ᠤᠨ ᠰᠠᠭᠤᠷᠢ ᠮᠦᠡᠭᠬᠦ ᠶᠢᠨ ᠲᠣᠭᠠᠴᠠᠭ᠎ᠠ ᠬᠢᠬᠦ ᠲᠣᠮᠳᠡᠬᠢ | ᠦᠢᠯᠡᠴᠢᠯᠡᠭᠡᠨ ᠤ ᠡᠵᠡᠯᠡᠬᠦ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠬᠦᠯᠥᠨ᠎ᠠ᠃ ᠣᠷᠳᠣ ᠬᠤᠭᠤᠴᠠᠭᠠᠨ ᠤ | ᠰᠣᠪᠢᠯᠠᠯᠳᠡ ᠶᠢᠨ ᠲᠠᠭᠠᠳᠬᠠᠯ ᠤᠨ ᠳᠥᠷᠢᠮ ᠢ ᠰᠦᠪᠡᠭᠴᠢᠯᠡᠨ ᠪᠠᠶᠢᠭᠤᠯᠵᠦ᠂ ᠭᠡᠷ ᠲᠡᠭᠡᠨ ᠰᠠᠭᠤᠵᠦ ᠠᠯᠥᠰ | ᠡᠵᠡᠮᠰᠢᠯᠳᠦ ᠡᠮᠴᠢᠯᠡᠭᠡ ᠬᠢᠯᠬᠡᠬᠦ ᠪᠠ ᠬᠠᠷᠠᠭᠠᠯᠵᠠᠬᠤ᠂ ᠭᠡᠷ ᠪᠦᠯᠢ ᠶᠢᠨ ᠡᠪᠡᠳᠴᠢᠳᠡᠨ ᠤ ᠣᠷᠦ᠂ ᠭᠡᠷ ᠲᠡᠭᠡᠨ | ᠠᠰᠠᠷᠡᠨ ᠰᠣᠪᠢᠯᠠᠬᠤ᠂ ᠭᠡᠷ ᠲᠤᠨᠢ ᠬᠦᠷᠴᠦ ᠦᠢᠯᠡᠴᠢᠯᠡᠬᠦ ᠵᠡᠷᠭᠡ ᠭᠡᠷ ᠲᠡᠭᠡᠨ ᠰᠠᠭᠤᠵᠤ ᠡᠮᠴᠢᠯᠡᠬᠦᠯᠬᠦ | ᠦᠢᠯᠡᠴᠢᠯᠡᠭᠡ ᠪᠠᠷ ᠲᠣᠭᠠᠴᠠᠭ᠎ᠠ ᠬᠢᠬᠦ ᠳᠥᠷᠥ ᠶᠢᠨ ᠪᠤᠳᠣᠯᠭ᠎ᠠ ᠶᠢ ᠳᠡᠬᠦᠯᠳᠡᠷᠵᠢᠬᠦᠯᠥᠨ᠎ᠠ᠃ ︵ᠬᠠᠷᠢᠭᠤᠴᠠᠯᠭᠠᠲᠤ | ᠨᠢᠭᠡᠴᠡ᠄ ᠠᠶᠢᠮᠠᠭ ᠤᠨ ᠡᠮ ᠡᠮᠨᠡᠯᠬᠡ ᠶᠢᠨ ᠪᠠᠳᠣᠯᠠᠭ᠎ᠠ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ᠠᠷᠪᠠᠨ ᠲᠤᠯᠤᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠡᠮᠴᠢᠯᠡᠭᠡ ᠡᠷᠡᠭᠦᠯ ᠬᠠᠮᠠᠭᠠᠯᠠᠯ ᠤᠨ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠵᠤ᠂ | ᠠᠵᠢᠯ ᠤᠨ ᠭᠤᠤᠯᠳᠠᠯᠭ᠎ᠠ ᠪᠠᠨ ᠮᠠᠯᠵᠢᠬᠤ ᠲᠠᠷᠢᠶᠠᠯᠠᠬᠤ ᠣᠷᠣᠨ ᠪᠣᠯᠤᠨ ᠨᠡᠶᠢᠭᠡᠮ ᠲᠣᠭᠤᠷᠢᠭ ᠵᠡᠷᠭᠡ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠳᠠᠯᠪᠢᠨ᠎ᠠ᠃ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠴᠢᠳᠠᠪᠤᠷᠢᠲᠠᠨ ᠢ ᠬᠥᠮᠦᠵᠢᠭᠦᠯᠬᠦ ᠲᠤᠰᠬᠠᠶ ᠠᠵᠢᠯᠯᠠᠭ᠎ᠠ ᠶᠢ ᠬᠡᠷᠡᠭᠵᠢᠭᠦᠯᠵᠦ᠂ ᠦᠨᠳᠦᠰᠦᠨ ᠱᠠᠲᠤ᠂ ᠬᠢᠯᠢ | ᠬᠢᠵᠠᠭᠠᠷ ᠣᠷᠣᠨ ᠪᠠ ᠳᠤᠲᠠᠭᠳᠠᠵᠤ ᠪᠠᠶᠢᠭ᠎ᠠ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠨ ᠲᠡᠳᠬᠦᠬᠦ | ᠡᠷᠴᠢᠮ ᠢ ᠴᠢᠩᠭᠠᠷᠠᠭᠤᠯᠤᠨ᠎ᠠ᠃ ᠣᠶᠣᠳᠡᠳ ᠠᠴᠠ ᠨᠣᠳᠤᠭ ᠤᠨ ᠡᠮᠴᠢ ᠶᠢ ᠬᠠᠨᠳᠣᠯᠭ᠎ᠠ ᠲᠠᠢ ᠬᠦᠮᠦᠵᠢᠬᠦᠯᠬᠦ | ᠲᠣᠰᠬᠠᠢ ᠳᠦᠯᠥᠪᠯᠡᠭᠡ ᠶᠢ ᠭᠡᠷᠡᠭᠵᠢᠬᠦᠯᠥᠨ᠂ ᠠᠨᠠᠭᠠᠬᠤ ᠣᠬᠠᠭᠠᠨ ᠤ ᠲᠣᠰᠬᠠᠢ ᠮᠡᠷᠭᠡᠵᠢᠯ ᠤᠨ ᠶᠡᠭᠡ ᠳᠡᠭᠡᠳᠦ | ᠰᠣᠷᠭᠠᠭᠤᠯᠢ ᠳᠡᠬᠦᠰᠦᠭᠰᠡᠳ ᠢ ᠡᠯᠰᠡᠬᠦ ᠦᠭᠡᠢ ᠪᠠᠷ ᠨᠣᠳᠤᠭ ᠤᠨ ᠡᠮᠴᠢ ᠪᠠᠷ ᠭᠠᠴᠠᠭ᠎ᠠ ᠲᠣᠰᠬᠤᠨ ᠤ ᠡᠷᠡᠬᠦᠯ | ᠬᠠᠮᠠᠭᠠᠯᠠᠯ ᠤᠨ ᠳᠠᠰᠤᠭ ᠲᠤ ᠣᠴᠢᠭᠤᠯᠤᠨ ᠦᠢᠯᠡᠴᠢᠯᠡᠬᠦᠯᠥᠨᠠ᠃ ᠠᠵᠢᠯ ᠡᠷᠬᠢᠯᠡᠬᠦ ᠶᠡᠭᠡ ᠡᠮᠴᠢ ᠶᠢᠨ ᠦᠨᠳᠦᠰᠦᠨ | ᠱᠠᠲᠤᠨ ᠳᠤ ᠦᠢᠯᠡᠴᠢᠯᠡᠬᠦ ᠳᠦᠷᠢᠮ ᠢ ᠨᠠᠶᠢᠳᠠᠪᠤᠷᠢᠵᠢᠭᠤᠯᠤᠨ᠂ ︽ᠲᠦᠮᠡᠨ ᠡᠮᠴᠢ ᠰᠤᠪᠢᠯᠠᠭᠴᠢ ᠶᠢ ᠦᠨᠳᠦᠰᠦᠨ | ᠱᠠᠲᠤᠨ ᠳᠤ ᠪᠠᠭᠤᠯᠭᠠᠬᠤ︾ ᠲᠥᠷᠥᠯ ᠵᠦᠢᠯ ᠢ ᠬᠡᠷᠡᠭᠵᠢᠭᠦᠯᠵᠦ᠂ ᠬᠤᠶᠠᠳᠤᠭᠠᠷ ᠳᠡᠰ ᠵᠢᠴᠢ ᠲᠡᠭᠦᠨ ᠠᠴᠠ | ᠳᠡᠭᠡᠭᠰᠢᠬᠢ ᠡᠮᠨᠡᠯᠭᠡ ᠶᠢᠨ ᠬᠤᠷᠢᠶ᠎ᠠ ᠵᠢᠴᠢ ᠦᠨᠡᠨᠬᠦ ᠲᠤᠰᠬᠠᠶ ᠮᠡᠷᠭᠡᠵᠢᠯ ᠲᠠᠢ ᠶᠡᠭᠡ ᠡᠮᠴᠢ ︵ᠠᠵᠢᠯ ᠤᠨ ᠪᠠᠶᠢᠷᠢ ᠳᠤ | ᠪᠠᠶᠢᠭ᠎ᠠ ᠶᠡᠭᠡ ᠡᠮᠴᠢ᠂ ᠠᠵᠢᠯ ᠠᠴᠠ ᠪᠠᠨ ᠠᠮᠠᠷᠠᠭᠰᠠᠨ ᠶᠡᠭᠡ ᠡᠮᠴᠢ ᠪᠠᠭᠲᠠᠨ᠎ᠠ︶ ᠦᠨᠳᠦᠰᠦᠨ ᠱᠠᠲᠤᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠦᠷᠴᠦ ᠣᠨᠴᠠᠯᠢᠭᠲᠤ ᠰᠠᠯᠠᠭ᠎ᠠ ᠲᠠᠰᠤᠭ ︵ᠡᠭᠦᠳᠡᠨ ᠡᠮᠨᠡᠯᠭᠡ︶ | ᠭᠠᠷᠭᠠᠬᠤ ᠶᠢ ᠵᠣᠷᠢᠭᠵᠢᠭᠤᠯᠤᠨ᠎ᠠ᠃ ᠨᠣᠳᠤᠭ ᠤᠨ ᠡᠮᠴᠢ ᠶᠢᠨ ᠰᠤᠷᠤᠯᠴᠠᠭᠰᠠᠨ ᠨᠠᠮᠲᠠᠷ ᠲᠠᠢ ᠰᠤᠷᠭᠠᠨ ᠬᠥᠮᠦᠵᠢᠯ | ᠬᠦᠷᠳᠡᠬᠦ᠂ ᠠᠵᠢᠯ ᠡᠷᠬᠢᠯᠡᠬᠦ ︵ᠲᠤᠰᠠᠯᠠᠬᠤ︶ ᠶᠡᠭᠡ ᠡᠮᠴᠢ ᠶᠢᠨ ᠬᠢᠷᠢ ᠭᠡᠮ ᠢ ᠰᠢᠯᠭᠠᠨ ᠠᠪᠬᠤ ᠶᠢ ᠵᠣᠷᠢᠭᠵᠢᠭᠤᠯᠤᠨ | ᠂ ᠨᠣᠳᠤᠭ ᠤᠨ ᠡᠮᠴᠢ ᠶᠢᠨ ᠠᠵᠢᠯ ᠡᠷᠬᠢᠯᠡᠬᠦ ︵ᠲᠤᠰᠠᠯᠠᠬᠤ︶ ᠶᠡᠭᠡ ᠡᠮᠴᠢ ᠪᠣᠯᠬᠤ ᠶᠢ ᠠᠬᠢᠭᠤᠯᠤᠨ᠎ᠠ᠃ ᠣᠯᠡᠨ | ᠨᠡᠶᠢᠲᠡ ᠶᠢᠨ ᠡᠷᠡᠬᠦᠯ ᠬᠠᠮᠠᠭᠠᠯᠠᠯ᠂ ᠶᠡᠷᠦᠩᠭᠡᠢ ᠰᠠᠯᠠᠭ᠎ᠠ᠂ ᠭᠡᠥᠭᠡᠳ ᠤᠨ ᠰᠠᠯᠠᠭ᠎ᠠ᠂ ᠬᠦᠨᠳᠦ ᠡᠪᠡᠳᠴᠢᠨ ᠤ ᠠᠨᠠᠭᠠᠬᠤ | ᠣᠬᠠᠭᠠᠨ᠂ ᠠᠮᠢᠰᠬᠤᠯ᠂ ᠮᠡᠳᠡᠷᠡᠯ ᠤᠨ ᠰᠠᠯᠠᠭ᠎ᠠ᠂ ᠬᠠᠯᠳᠠᠪᠦᠷᠢᠳᠦ ᠡᠪᠡᠳᠴᠢᠨ᠂ ᠨᠠᠰᠣᠳᠡᠶᠢᠴᠣᠳ ᠤᠨ ᠠᠨᠠᠭᠠᠬᠤ | ᠣᠬᠠᠭᠠᠨ ᠵᠡᠷᠭᠡ ᠬᠦᠷᠢᠶ᠎ᠡ ᠴᠡᠷᠠᠭ᠎ᠠ ᠳᠤ ᠪᠠᠴᠢᠮ ᠬᠡᠷᠡᠭᠰᠡᠬᠦ ᠲᠣᠳ᠋ᠬᠠᠳᠠᠵᠦ ᠪᠦᠬᠦᠢ ᠲᠣᠰᠬᠠᠢ ᠮᠡᠷᠭᠡᠵᠢᠯ ᠤᠨ | ᠴᠢᠳᠡᠪᠦᠷᠢᠳᠡᠡ ᠢ ᠬᠦᠮᠦᠵᠢᠬᠦᠯᠥᠨ ᠪᠤᠯᠪᠠᠰᠣᠷᠡᠭᠤᠯᠬᠤ ᠶᠢ ᠴᠢᠩᠭᠠᠳᠬᠠᠵᠦ᠂ ᠣᠯᠡᠨ ᠨᠡᠢᠲᠡ ᠶᠢᠨ ᠡᠷᠡᠬᠦᠯ ᠬᠠᠮᠠᠭᠠᠯᠠᠯ | ᠬᠢᠭᠡᠳ ᠡᠮᠴᠢᠯᠡᠭᠡᠨ ᠤ ᠠᠨᠠᠭᠠᠬᠤ ᠣᠬᠠᠭᠠᠨ ᠤ ᠶᠡᠷᠦᠩᠬᠡᠶᠢᠯᠡᠭᠰᠡᠨ ᠴᠢᠳᠡᠪᠦᠷᠢᠳᠡᠡ ᠢ ᠬᠦᠮᠦᠵᠢᠬᠦᠯᠬᠦ ᠲᠣᠠᠠᠳᠡᠴᠠ ᠶᠢ | ᠳᠡᠬᠦᠯᠳᠡᠷᠵᠢᠬᠦᠯᠥᠨ᠎ᠠ᠃ ᠵᠣᠷᠯᠠᠭᠴᠢ ᠶᠢᠨ ᠡᠩᠨᠡᠭᠡ ᠶᠢ ᠪᠠᠶᠢᠭᠤᠯᠬᠤ ᠡᠷᠴᠢᠮ ᠢ ᠴᠢᠩᠭᠠᠷᠡᠭᠤᠯᠵᠦ᠂ ᠲᠣᠠᠠᠳᠠᠭᠠᠯ | ᠶᠣᠰᠣᠭᠠᠷ ᠵᠣᠷᠯᠠᠭᠴᠢ ᠶᠢ ᠲᠣᠬᠢᠷᠡᠭᠤᠯᠥᠨ᠎ᠠ᠃ ᠬᠢᠲᠠᠳ ︵ᠮᠣᠩᠭᠤᠯ︶ ᠡᠮ ᠡᠮᠨᠡᠯᠭᠡ ᠪᠣᠯᠤᠨ ᠬᠢᠲᠠᠳ ︵ᠮᠣᠩᠭᠤᠯ | ︶ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠣᠨᠴᠠᠯᠢᠭᠲᠤ ᠴᠢᠳᠠᠪᠤᠷᠢᠲᠠᠨ ᠢ ᠬᠥᠮᠦᠵᠢᠭᠦᠯᠬᠦ ᠢᠨᠵᠧᠨᠧᠷᠢᠩ ᠢ | ᠬᠡᠷᠡᠭᠵᠢᠭᠦᠯᠵᠦ᠂ ᠬᠢᠲᠠᠳ ᠡᠮᠨᠡᠯᠭᠡ ᠶᠢᠨ ᠶᠡᠭᠡ ᠪᠠᠭᠰᠢ᠂ ᠴᠢ ᠬᠤᠸᠠᠩ ᠡᠷᠳᠡᠮᠲᠡᠨ᠂ ᠨᠡᠷᠡᠲᠦ ᠠᠬᠠᠮᠠᠳ ᠬᠢᠲᠠᠳ ︵ | ᠮᠣᠩᠭᠤᠯ︶ ᠡᠮᠴᠢ᠂ ᠠᠬᠠᠮᠠᠳ ᠡᠮᠴᠢ ᠶᠢᠨ ᠤᠯᠠᠮᠵᠢᠯᠠᠬᠤ ᠠᠵᠢᠯ ᠤᠨ ᠲᠠᠰᠤᠭ ᠢ ᠪᠠᠶᠢᠭᠤᠯᠬᠤ ᠶᠢ ᠴᠢᠩᠭᠠᠳᠬᠠᠨ᠎ᠠ᠃ | ᠡᠯ᠎ᠡ ᠲᠥᠷᠥᠯ ᠤᠨ ᠲᠤᠰᠬᠠᠶ ᠮᠡᠷᠭᠡᠵᠢᠯ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠠᠵᠢᠯᠲᠠᠨ ᠢ ᠲᠣᠬᠢᠷᠠᠭᠤᠯᠬᠤ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠠᠵᠢᠯ ᠤᠨ ᠪᠠᠶᠢᠷᠢ ᠶᠢ ᠱᠠᠲᠤ ᠲᠥᠷᠥᠯ | ᠬᠤᠪᠢᠶᠠᠨ ᠬᠠᠮᠢᠶᠠᠷᠴᠦ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠬᠠᠷᠢᠴᠠᠯ ᠢ ᠳᠡᠭᠡᠭᠰᠢᠯᠡᠭᠦᠯᠦᠨ᠎ᠡ᠃ ᠪᠠᠴᠢᠮ | ᠬᠡᠷᠡᠭᠰᠡᠬᠦ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠭ᠎ᠠ ᠵᠠᠮ ᠢ ᠰᠠᠭᠠᠳ ᠦᠭᠡᠢ | ᠨᠡᠪᠲᠡᠷᠡᠭᠦᠯᠦᠨ᠎ᠡ᠃ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠨᠤᠭᠤᠳ ᠣᠷᠣᠨ ᠲᠤᠭ᠎ᠠ ᠶᠢᠨ ᠳᠣᠲᠣᠷ᠎ᠠ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠡᠮᠴᠢᠯᠡᠭᠡ | ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ | ᠲᠡᠭᠦᠨ ᠠᠴᠠ ᠳᠡᠭᠡᠭᠰᠢᠬᠢ ᠠᠩᠬᠢ ᠠᠴᠠ ᠲᠡᠭᠦᠰᠦᠭᠰᠡᠳ᠂ ᠡᠮᠨᠡᠯᠭᠡ ᠳᠤ ᠰᠠᠭᠤᠬᠤ ᠶᠡᠭᠡ ᠡᠮᠴᠢ ᠶᠢᠨ | ᠵᠢᠷᠤᠮᠵᠢᠭᠤᠯᠤᠭᠰᠠᠨ ᠪᠣᠯᠪᠠᠰᠤᠷᠠᠯ ᠳᠤ ᠬᠢᠷᠢ ᠲᠡᠩᠴᠡᠭᠰᠡᠨ ᠡᠩ ᠤᠨ ᠳᠡᠭᠡᠳᠦ ᠰᠤᠷᠭᠠᠭᠤᠯᠢ ᠶᠢᠨ ᠠᠨᠠᠭᠠᠬᠤ | ᠤᠬᠠᠭᠠᠨ ᠤ ᠲᠡᠭᠦᠰᠦᠭᠰᠡᠳ ᠢ ᠣᠷᠣᠭᠤᠯᠤᠨ ᠠᠪᠴᠢᠷᠠᠵᠤ᠂ ᠴᠢᠳᠠᠪᠤᠷᠢᠲᠠᠨ ᠢ ᠪᠣᠯᠵᠣᠨ ᠣᠷᠣᠭᠤᠯᠵᠤ ᠢᠷᠡᠬᠦ᠂ | ᠲᠤᠰᠬᠠᠶ ᠵᠦᠢᠯ ᠢᠶᠠᠷ ᠴᠢᠳᠠᠪᠤᠷᠢᠲᠠᠨ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠠᠴᠠ ᠴᠢᠳᠠᠪᠤᠷᠢᠲᠠᠨ | ᠣᠷᠣᠭᠤᠯᠬᠤ ᠵᠡᠷᠭᠡ ︽ᠰᠠᠭᠠᠳ ᠦᠭᠡᠶ ᠨᠡᠪᠲᠡᠷᠡᠬᠦ ᠵᠠᠮ︾ ᠤᠨ ᠬᠡᠯᠪᠡᠷᠢ ᠮᠠᠶ᠋ᠢᠭ ᠢᠶᠠᠷ ᠳᠠᠮᠵᠢᠭᠤᠯᠤᠨ᠂ ᠰᠢᠭᠤᠳ | ᠨᠢᠭᠤᠷᠳᠠᠨ ᠰᠢᠯᠭᠠᠬᠤ᠂ ᠰᠢᠨᠵᠢᠯᠡᠨ ᠪᠠᠶᠢᠴᠠᠭᠠᠬᠤ ᠠᠷᠭ᠎ᠠ ᠮᠠᠶ᠋ᠢᠭ ᠢ ᠠᠪᠴᠤ ᠪᠠᠶᠢᠭᠠᠳ ᠤᠷᠢᠨ ᠬᠡᠷᠡᠭᠯᠡᠵᠦ ᠪᠣᠯᠤᠨ᠎ᠠ᠃ | ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠠᠷᠪᠠᠨ ᠨᠠᠢᠮᠠ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠨᠳᠣᠰᠣᠡ ᠱᠠᠳᠣᠨ ᠤ ᠡᠮᠴᠢᠯᠡᠭᠡᠨ ᠤ ᠣᠨᠴᠠᠯᠢᠠᠠᠳᠦ | ᠰᠠᠯᠠᠭ᠎ᠠ ᠳᠠᠰᠤᠭ ᠢ ᠪᠠᠶᠢᠭᠤᠯᠬᠤ ᠢᠨᠵᠧᠨᠧᠷᠢᠩ ᠢ ᠭᠡᠷᠡᠭᠵᠢᠬᠦᠯᠵᠦ᠂ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠡᠨ | ᠡᠬᠦᠰᠬᠦ ᠡᠪᠡᠳᠴᠢᠨ ᠵᠡᠷᠭᠡ ᠦᠨᠳᠣᠰᠣᠡ ᠡᠮᠴᠢᠯᠡᠭᠡᠨ ᠤ ᠦᠢᠯᠡᠴᠢᠯᠡᠭᠡᠨ ᠤ ᠴᠢᠳᠡᠪᠦᠷᠢ ᠶᠢ ᠳᠡᠭᠡᠭᠰᠢᠯᠡᠬᠦᠯᠥᠨ᠎ᠠ᠃ | 2025 ᠣᠨ ᠪᠣᠯᠬᠤ ᠳᠤ᠂ 50% ᠠᠴᠠ ᠳᠡᠭᠡᠭᠰᠢᠬᠢ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ | ᠬᠤᠷᠢᠶ᠎ᠠ ︵ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ︶ ᠶᠢ ᠦᠨᠳᠦᠰᠦᠨ | ᠪᠠᠷᠢᠮᠵᠢᠶ᠎ᠠ ᠳᠤ ᠬᠦᠷᠦᠭᠦᠯᠦᠨ᠎ᠡ᠃ ᠬᠦᠨᠳᠦ ᠶᠡᠭᠡ ᠠᠷᠬᠠᠭ ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ | ᠴᠢᠩᠭᠠᠳᠬᠠᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠢᠭᠡᠳ ᠳᠡᠭᠡᠳᠦ | ᠱᠠᠲᠤᠨ ᠤ ᠡᠮᠴᠢᠯᠡᠭᠡᠨ ᠤ ᠪᠠᠶᠢᠭᠤᠯᠤᠮᠵᠢ ᠯᠤᠭ᠎ᠠ ᠣᠵᠢᠭ ᠡᠪᠡᠳᠴᠢᠨ ᠢ ᠡᠮᠨᠡᠬᠦ ᠬᠠᠮᠲᠤᠷᠠᠭᠰᠠᠨ ᠡᠭᠦᠳᠡᠨ ᠡᠮᠨᠡᠯᠭᠡ | ᠪᠠᠶᠢᠭᠤᠯᠬᠤ ᠶᠢ ᠰᠦᠪᠡᠭᠴᠢᠯᠡᠵᠦ᠂ ᠪᠠᠶᠢᠩᠭᠤ ᠲᠣᠬᠢᠶᠠᠯᠳᠤᠬᠤ ᠣᠵᠢᠭ ᠡᠪᠡᠳᠴᠢᠨ ᠢ ᠰᠡᠷᠭᠡᠶᠢᠯᠡᠬᠦ᠂ ᠡᠮᠨᠡᠬᠦ ᠪᠠ | ᠡᠷᠡᠭᠦᠯᠵᠢᠭᠦᠯᠬᠦ ᠶᠢ ᠥᠷᠨᠢᠭᠦᠯᠦᠨ᠎ᠡ᠃ ᠬᠥᠳᠡᠭᠡ ᠲᠣᠰᠬᠤᠨ ᠤ ᠬᠠᠯᠳᠠᠪᠤᠷᠢᠲᠤ ᠡᠪᠡᠳᠴᠢᠨ ᠤ ᠬᠠᠮᠢᠶᠠᠷᠤᠯᠲᠠ ᠪᠠ | ᠨᠡᠶᠢᠭᠡᠮ ᠲᠣᠭᠤᠷᠢᠭ ᠤᠨ ᠰᠡᠳᠬᠢᠴᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢᠨ | ᠳᠡᠭᠡᠭᠰᠢᠯᠡᠯᠲᠡ ᠶᠢ ᠴᠢᠩᠭᠠᠳᠬᠠᠨ᠎ᠠ᠃ ᠦᠨᠳᠣᠰᠣᠨ ᠱᠠᠳᠣᠨ ᠤ ᠡᠮᠴᠢᠯᠡᠭᠡ ᠡᠷᠡᠬᠦᠯ ᠬᠠᠮᠠᠭᠠᠯᠠᠯ ᠤᠨ | ᠪᠠᠶᠢᠭᠤᠯᠥᠮᠵᠢ ᠶᠢᠨ ᠴᠢᠳᠠᠮᠵᠢ ᠶᠢᠨ ᠪᠠᠶᠢᠷᠢ ᠲᠣᠠᠠᠳᠠᠭᠠᠯᠳᠡ ᠪᠠ ᠦᠢᠯᠡᠴᠢᠯᠡᠭᠡᠨ ᠤ ᠣᠨᠴᠠᠯᠢᠭ ᠲᠤ ᠨᠡᠶᠢᠴᠡᠭᠰᠡᠨ | ᠦᠨᠡᠯᠡᠬᠦ ᠪᠠ ᠬᠢᠨᠡᠨ ᠲᠣᠠᠠᠳᠠᠭᠠᠬᠤ ᠰᠢᠰᠲ᠋ᠧᠮᠵᠢ ᠶᠢ ᠪᠠᠶᠢᠭᠤᠯᠥᠨ ᠪᠦᠷᠢᠨᠰᠢᠬᠦᠯᠥᠨ᠎ᠠ᠃ ᠦᠨᠳᠦᠰᠦᠨ ᠱᠠᠲᠤᠨ ᠤ | ᠡᠮᠴᠢᠯᠡᠭᠡᠨ ᠤ ᠴᠢᠨᠠᠷ ᠴᠢᠨᠰᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠲᠡᠭᠦᠨ ᠢ ᠤᠯᠤᠰ ᠤᠨ ᠡᠮᠴᠢᠯᠡᠭᠡᠨ ᠤ | ᠴᠢᠨᠠᠷ ᠴᠢᠨᠰᠠᠭ᠎ᠠ ᠶᠢ ᠬᠠᠮᠢᠶᠠᠷᠬᠤ ᠪᠠ ᠡᠵᠡᠮᠳᠡᠬᠦ ᠰᠢᠰᠲ᠋ᠧᠮᠵᠢ ᠳᠤ ᠣᠷᠣᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ︶ | ᠠᠷᠪᠠᠨ ᠶᠢᠰᠦ᠂ ᠡᠮᠴᠢᠯᠡᠭᠡ ᠡᠷᠡᠭᠦᠯ ᠬᠠᠮᠠᠭᠠᠯᠠᠯ ᠤᠨ ᠰᠢᠨᠵᠢᠯᠡᠬᠦ ᠤᠬᠠᠭᠠᠨ ᠤ ᠰᠣᠳᠣᠯᠭᠠᠨ ᠤ ᠮᠡᠷᠭᠡᠵᠢᠯ ᠤᠨ | ᠬᠢᠷᠢ ᠬᠡᠮᠵᠢᠶ᠎ᠡ ᠶᠢ ᠳᠡᠭᠡᠭᠰᠢᠯᠡᠬᠦᠯᠦᠨ᠎ᠡ᠃ ᠡᠮᠴᠢᠯᠡᠭᠡᠨ ᠤ ᠠᠨᠠᠭᠠᠬᠤ ᠣᠬᠠᠭᠠᠨ᠂ ᠣᠯᠡᠨ ᠨᠡᠶᠢᠲᠡ ᠶᠢᠨ ᠡᠷᠡᠬᠦᠯ | ᠬᠠᠮᠠᠭᠠᠯᠠᠯ ᠤᠨ ᠴᠢᠳᠡᠪᠦᠷᠢ ᠶᠢᠨ ᠪᠠᠶᠢᠭᠤᠯᠥᠯᠳᠡ ᠶᠢ ᠴᠢᠩᠭᠠᠳᠬᠠᠨ᠎ᠠ᠃ ᠰᠤᠳᠤᠯᠭᠠᠨ ᠤ ᠬᠡᠯᠪᠡᠷᠢ ᠶᠢᠨ ᠡᠮᠨᠡᠯᠭᠡ ᠶᠢᠨ | ᠬᠤᠷᠢᠶ᠎ᠠ ᠪᠣᠯᠤᠨ ᠰᠤᠳᠤᠯᠭᠠᠨ ᠤ ᠬᠡᠯᠪᠡᠷᠢ ᠶᠢᠨ ᠡᠪᠡᠳᠴᠢᠲᠡᠨ ᠤ ᠥᠷᠥᠭᠡ ᠶᠢᠨ ᠪᠠᠶᠢᠭᠤᠯᠤᠯᠲᠠ ᠶᠢ ᠡᠷᠴᠢᠮᠵᠢᠭᠦᠯᠦᠨ᠎ᠡ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠷᠭᠡᠳᠬᠡᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠢᠨ᠎ᠡ ᠶᠢ ᠡᠭᠦᠳᠬᠦ | ᠡᠬᠢ ᠪᠠᠶᠠᠯᠢᠭ ᠢ ᠳᠦᠪᠯᠡᠷᠡᠬᠦᠯᠬᠦ ᠲᠠᠪᠴᠠᠩ ᠤᠨ ᠦᠢᠯᠡᠳᠦᠯ ᠢ ᠳᠣᠪᠤᠶᠢᠯᠭᠠᠨ᠂ ᠠᠶᠢᠮᠠᠭ ᠤᠨ ᠳᠣᠲᠣᠷ᠎ᠠ ᠭᠠᠳᠠᠨ᠎ᠠ | ᠶᠢᠨ ᠬᠢᠨ ᠬᠠᠮᠲᠤᠷᠠᠯᠴᠠᠨ ᠬᠠᠮᠲᠤ ᠪᠠᠷ ᠬᠤᠪᠢᠶᠠᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠴᠢᠨᠠᠷ ᠰᠠᠶᠢᠲᠠᠶ | ᠡᠮᠴᠢᠯᠡᠭᠡᠨ ᠤ ᠡᠬᠢ ᠪᠠᠶᠠᠯᠢᠭ ᠢ ᠵᠦᠶ ᠵᠣᠬᠢᠰᠲᠠᠶ ᠪᠠᠶᠢᠷᠢᠯᠠᠭᠤᠯᠤᠨ᠂ ᠡᠮᠴᠢᠯᠡᠭᠡᠨ ᠤ ᠭᠤᠤᠯᠳᠠᠯᠭ᠎ᠠ ᠲᠠᠢ ᠲᠤᠰᠬᠠᠶ | ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠨᠢᠭᠡ ᠡᠭᠡᠯᠵᠢ ᠶᠢᠨ ᠲᠡᠷᠢᠭᠦᠨ ᠤ ᠰᠢᠨᠵᠢᠯᠡᠭᠡᠨ ᠤ ᠰᠠᠯᠠᠭ᠎ᠠ᠂ | ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠪᠠᠶᠢᠭᠤᠯᠤᠨ᠂ | ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠴᠢᠳᠠᠪᠤᠷᠢ ᠪᠠ ᠰᠢᠨᠵᠢᠯᠡᠭᠡᠨ ᠤ ᠦᠢᠯᠡᠴᠢᠯᠡᠬᠦ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ︶ | ᠬᠤᠷᠢ᠂ ᠡᠮᠴᠢᠯᠡᠬᠡᠨ ᠤ ᠦᠢᠯᠡᠴᠢᠯᠡᠬᠦ ᠴᠢᠨᠠᠷ ᠴᠢᠨᠰᠠᠭ᠎ᠠ ᠠᠶᠤᠯ ᠦᠭᠡᠶ ᠶᠢ ᠪᠠᠳᠣᠯᠠᠨ᠎ᠠ᠃ ᠡᠮᠴᠢᠯᠡᠭᠡᠨ ᠤ ᠴᠢᠨᠠᠷ | ᠴᠢᠨᠰᠠᠭ᠎ᠠ ᠶᠢ ᠬᠠᠮᠢᠶᠠᠷᠬᠤ ᠪᠠ ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠤᠤᠯ ᠤᠨ ᠡᠮᠴᠢᠯᠡᠭᠡᠨ ᠤ ᠳᠣᠲᠣᠷ | ᠰᠠᠯᠠᠭ᠎ᠠ᠂ ᠭᠠᠳᠠᠷ ᠰᠠᠯᠠᠭ᠎ᠠ᠂ ᠬᠦᠩᠭᠡᠵᠢᠬᠦᠯᠬᠦ᠂ ᠨᠢᠷᠠᠢ ᠬᠡᠣᠬᠡᠳ ᠢ ᠬᠠᠷᠠᠭᠠᠯᠵᠠᠬᠤ᠂ ᠡᠮᠴᠢᠯᠡᠬᠡᠨ ᠤ ᠰᠢᠯᠭᠠᠨ | ᠪᠠᠶᠢᠴᠠᠭᠠᠯᠳᠠ᠂ ᠡᠮᠴᠢᠯᠡᠬᠡᠨ ᠤ ᠴᠠᠬᠢᠯᠭᠠᠨ ᠹᠢᠽᠢᠣᠯᠣᠬᠢ᠂ ᠲᠦᠷᠭᠡᠨ ᠠᠪᠤᠷᠠᠯᠳᠠ ᠶᠢᠨ ᠠᠨᠠᠭᠠᠬᠤ ᠤᠬᠠᠭᠠᠨ᠂ | ᠡᠮᠴᠢᠯᠡᠭᠡᠨ ᠤ ᠡᠮ ᠤᠨ ᠶᠠᠪᠤᠳᠠᠯ᠂ ᠰᠤᠪᠢᠯᠠᠯᠲᠠ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠤᠨ ᠬᠠᠮᠢᠶᠠᠷᠤᠯᠲᠠ᠂ | ᠴᠢᠰᠤ ᠠᠪᠬᠤ ᠬᠠᠩᠭᠠᠬᠤ ᠬᠠᠮᠢᠶᠠᠷᠤᠯᠲᠠ᠂ ᠡᠪᠡᠳᠴᠢᠳᠡᠨ ᠤ ᠳᠠᠩᠰᠠ ᠶᠢᠨ ᠬᠠᠮᠢᠶᠠᠷᠤᠯᠲᠠ᠂ ᠠᠮᠢᠰᠬᠤᠯ ᠤᠨ | ᠠᠨᠠᠭᠠᠬᠤ ᠤᠬᠠᠭᠠᠨ᠂ ᠮᠢᠨᠴᠦᠭᠦᠷᠡᠭᠦᠯᠬᠦ ᠤᠬᠠᠭᠠᠨ ᠵᠡᠷᠭᠡ 26 ᠡᠮᠴᠢᠯᠡᠭᠡᠨ ᠤ ᠴᠢᠨᠠᠷ ᠴᠢᠨᠰᠠᠭ᠎ᠠ ᠶᠢ ᠡᠵᠡᠮᠳᠡᠬᠦ | ᠲᠥᠪ ᠤᠨ ᠰᠠᠭᠤᠷᠢᠨ ᠳᠡᠭᠡᠷ᠎ᠡ᠂ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠴᠢᠨᠠᠷ ᠴᠢᠨᠰᠠᠭ᠎ᠠ ᠶᠢ ᠡᠵᠡᠮᠳᠡᠬᠦ ᠲᠥᠪ ᠢ | ᠨᠥᠬᠦᠪᠥᠷᠢᠯᠡᠨ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠳᠣᠰᠬᠠᠢ ᠮᠡᠷᠭᠡᠵᠢᠯ ᠤᠨ ᠴᠢᠨᠠᠷ ᠴᠢᠨᠰᠠᠭ᠎ᠠ ᠶᠢ ᠡᠵᠡᠮᠳᠡᠭᠰᠡᠨ | ᠪᠠᠶᠢᠳᠠᠯ ᠢ ᠰᠢᠮᠳᠠᠭᠤᠯᠣᠨ ᠪᠠᠶᠢᠴᠠᠭᠠᠬᠤ ᠪᠠ ᠬᠢᠨᠠᠨ ᠰᠢᠯᠭᠠᠬᠤ ᠳᠦᠰᠦᠯ ᠢ ᠳᠣᠭᠳᠠᠭᠠᠵᠦ᠂ ᠪᠥᠬᠦ ᠠᠶᠢᠮᠠᠭ ᠤᠨ | ᠡᠮᠴᠢᠯᠡᠭᠡᠨ ᠤ ᠪᠠᠶᠢᠭᠤᠯᠤᠮᠵᠢ ᠶᠢᠨ ᠴᠢᠨᠠᠷ ᠴᠢᠨᠰᠠᠭ᠎ᠠ ᠶᠢ ᠡᠵᠡᠮᠳᠡᠬᠦ ᠠᠵᠢᠯ ᠢ ᠬᠠᠷᠢᠭᠤᠴᠠᠨ᠎ᠠ᠃ ᠡᠮᠴᠢᠯᠡᠭᠡᠨ ᠤ | ᠪᠠᠶᠢᠭᠤᠯᠤᠮᠵᠢ ᠨᠤᠭᠤᠳ ᠪᠦᠬᠦ ᠠᠵᠢᠯᠲᠠᠨ ᠣᠷᠣᠯᠴᠠᠭᠰᠠᠨ᠂ ᠡᠮᠴᠢᠯᠡᠭᠡᠨ ᠤ ᠦᠢᠯᠡᠴᠢᠯᠡᠭᠡ ᠶᠢᠨ ᠪᠦᠬᠦ ᠶᠠᠪᠤᠴᠠ ᠶᠢ | ᠬᠠᠮᠤᠷᠤᠭᠰᠠᠨ ᠴᠢᠨᠠᠷ ᠴᠢᠨᠰᠠᠭ᠎ᠠ ᠶᠢ ᠬᠠᠮᠢᠶᠠᠷᠬᠤ ᠪᠠ ᠡᠵᠡᠮᠳᠡᠬᠦ ᠠᠵᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ | ᠂ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠡᠮᠴᠢᠯᠡᠭᠡᠨ ᠤ ᠴᠢᠨᠠᠷ | ᠴᠢᠨᠰᠠᠭ᠎ᠠ ᠠᠮᠤᠷ ᠲᠦᠪᠰᠢᠨ ᠢ ᠬᠠᠮᠢᠶᠠᠷᠬᠤ ᠳᠦᠷᠢᠮ ᠪᠣᠯᠤᠨ ᠵᠢᠷᠤᠮᠵᠢᠯ ᠢ ᠲᠡᠭᠦᠯᠳᠡᠷᠵᠢᠭᠦᠯᠵᠦ᠂ ᠡᠮᠴᠢᠯᠡᠭᠡᠨ ᠤ | ᠴᠢᠨᠠᠷ ᠴᠢᠨᠰᠠᠭ᠎ᠠ ᠠᠮᠤᠷ ᠲᠦᠪᠰᠢᠨ ᠤ ᠭᠤᠤᠯ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠮᠴᠢᠯᠡᠭᠡ ᠶᠢᠨ | ᠦᠢᠯᠡᠴᠢᠯᠡᠭᠡᠨ ᠤ ᠵᠢᠷᠤᠮᠵᠢᠯ ᠢ ᠲᠡᠭᠦᠯᠳᠡᠷᠵᠢᠭᠦᠯᠵᠦ᠂ ᠡᠮᠴᠢᠯᠡᠭᠡ ᠶᠢᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ | ᠵᠢᠷᠤᠮᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠭᠰᠠᠨ | ᠦᠢᠯᠡᠴᠢᠯᠡᠭᠡᠨ ᠤ ᠴᠢᠨᠠᠷ ᠴᠢᠨᠰᠠᠭ᠎ᠠ ᠶᠢᠨ ᠲᠤᠭ᠎ᠠ ᠪᠠᠷᠢᠮᠲᠠ ᠶᠢᠨ ᠰᠢᠰᠲ᠋ᠧᠮ ᠢ ᠦᠨᠡᠯᠡᠨ ᠵᠢᠱᠢᠬᠦ᠂ ᠬᠠᠷᠢᠭᠤ | ᠲᠤᠰᠬᠠᠬᠤ ᠪᠠ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠮᠴᠢᠯᠡᠭᠡ ᠶᠢᠨ ᠦᠢᠯᠡᠴᠢᠯᠡᠭᠡ ᠶᠢ ᠦᠨᠡᠯᠡᠬᠦ | ᠳᠦᠷᠢᠮ ᠢ ᠰᠦᠪᠡᠭᠴᠢᠯᠡᠨ ᠪᠠᠶᠢᠭᠤᠯᠵᠤ᠂ ᠡᠮ ᠤᠨ ᠬᠠᠩᠭᠠᠯᠭ᠎ᠠ ᠶᠢ ᠪᠠᠲᠤᠯᠠᠬᠤ ᠪᠠ ᠡᠮ ᠤᠨ ᠤᠬᠠᠭᠠᠨ ᠤ | ᠦᠢᠯᠡᠴᠢᠯᠡᠬᠦ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ︶ | ᠬᠤᠷᠢᠨ ᠨᠢᠭᠡ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠡᠪᠡᠳᠴᠢᠨ ᠦᠵᠡᠭᠦᠯᠬᠦ ᠣᠷᠴᠢᠨ ᠲᠣᠭᠤᠷᠢᠨ ᠢ ᠰᠠᠶᠢᠵᠢᠷᠠᠭᠤᠯᠵᠤ᠂ ᠳᠦᠭᠦᠭᠡᠷᠦᠮᠵᠢ ᠶᠢᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠦᠨ᠂ ᠦᠢᠯᠡᠴᠢᠯᠡᠭᠡᠨ ᠤ ᠦᠷᠭᠦᠯᠵᠢᠯᠡᠬᠦ ᠴᠢᠨᠠᠷ ᠢ ᠠᠬᠢᠭᠤᠯᠵᠤ᠂ ︽ᠠᠮᠠᠷᠠᠯᠲᠠ ᠶᠢᠨ ᠡᠳᠦᠷ ᠤᠨ | ᠡᠭᠦᠳᠡᠨ ᠡᠮᠨᠡᠯᠭᠡ︾᠂ ︽ᠴᠢᠯᠦᠭᠡᠳᠡᠢ ᠡᠭᠦᠳᠡᠨ ᠡᠮᠨᠡᠯᠭᠡ︾ ᠪᠠ ︽ᠤᠷᠢᠳᠴᠢᠯᠠᠨ ᠡᠮᠨᠡᠯᠭᠡ ᠳᠤ ᠰᠠᠭᠤᠬᠤ︾ | ᠦᠢᠯᠡᠴᠢᠯᠡᠭᠡ ᠶᠢ ᠦᠷᠭᠦᠯᠵᠢᠯᠡᠨ ᠠᠬᠢᠭᠤᠯᠵᠤ᠂ ︽ᠰᠥᠨᠢ ᠶᠢᠨ ᠡᠭᠦᠳᠡᠨ ᠡᠮᠨᠡᠯᠭᠡ︾ ᠶᠢ ᠰᠦᠪᠡᠭᠴᠢᠯᠡᠨ ᠪᠠᠶᠢᠭᠤᠯᠵᠤ | ᠂ ᠡᠪᠡᠳᠴᠢᠲᠡᠨ ᠢ ᠰᠢᠯᠵᠢᠭᠦᠯᠦᠨ ᠡᠮᠨᠡᠭᠦᠯᠬᠦ ᠶᠢ ᠵᠢᠯᠣᠭᠤᠳᠤᠨ ᠬᠠᠪᠰᠤᠷᠤᠨ᠎ᠠ᠃ ᠡᠳᠦᠷ ᠲᠤᠲᠤᠮ ᠤᠨ ᠡᠮᠴᠢᠯᠡᠭᠡᠨ ᠤ | ᠦᠢᠯᠡᠴᠢᠯᠡᠭᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠠᠯᠤᠰ ᠡᠵᠡᠮᠰᠢᠯᠲᠦ ᠡᠮᠴᠢᠯᠡᠭᠡᠨ ᠤ ᠬᠠᠮᠤᠷᠬᠤ | ᠬᠡᠪᠴᠢᠶ᠎ᠡ ᠶᠢ ᠥᠷᠭᠡᠳᠬᠡᠨ᠎ᠡ᠃ ᠣᠯᠠᠨ ᠰᠠᠯᠠᠭ᠎ᠠ ᠬᠠᠮᠲᠤᠷᠠᠨ ᠣᠨᠣᠰᠢᠯᠠᠨ ᠡᠮᠨᠡᠬᠦ ᠪᠠ ᠡᠪᠡᠳᠴᠢᠳᠡᠨ ᠤ ᠦᠷᠦᠭᠡ ᠶᠢ | ᠪᠠᠶᠢᠴᠠᠭᠠᠬᠤ ᠳᠦᠷᠢᠮ ᠢ ᠪᠦᠷᠢᠨᠰᠢᠬᠦᠯᠵᠦ᠂ ᠠᠪᠤᠷᠠᠨ ᠵᠠᠰᠠᠬᠤ ᠳᠤ ᠰᠠᠭᠠᠳ ᠦᠭᠡᠶ ᠨᠡᠪᠲᠡᠷᠡᠬᠦ ᠵᠠᠮ ᠪᠠ ᠨᠢᠭᠡ | ᠴᠤᠭᠴᠠᠵᠢᠭᠤᠯᠤᠭᠰᠠᠨ ᠦᠢᠯᠡᠴᠢᠯᠡᠭᠡ ᠬᠠᠩᠭᠠᠨ᠎ᠠ᠃ ᠰᠠᠶ᠋ᠢ ᠲᠦᠷᠦᠭᠰᠡᠨ ᠬᠡᠦᠬᠡᠳ ᠤᠨ ᠬᠠᠮᠢᠶ᠎ᠠ ᠪᠦᠬᠦᠢ ᠣᠯᠠᠨ | ᠦᠨᠡᠮᠯᠡᠯ ᠢ ᠬᠠᠮᠲᠤᠷᠠᠨ ᠭᠦᠢᠴᠡᠳᠭᠡᠬᠦ ᠶᠢ ᠢᠳᠡᠪᠬᠢᠲᠡᠢ ᠠᠬᠢᠭᠤᠯᠤᠨ᠎ᠠ᠃ ᠳᠠᠷᠬᠠᠯᠠᠭ᠎ᠠ ᠶᠢᠨ ᠲᠥᠯᠥᠪᠯᠡᠭᠡ ᠵᠡᠷᠭᠡ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠳᠥᠬᠦᠮ ᠪᠣᠯᠭᠠᠬᠤ ᠶᠢ ᠬᠦᠴᠦᠲᠡᠢ ᠠᠬᠢᠭᠤᠯᠣᠨ᠎ᠠ᠃ | ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠶᠢ | ᠰᠢᠯᠢᠳᠡᠭᠵᠢᠭᠦᠯᠦᠨ᠎ᠡ᠃ ᠡᠮᠨᠡᠯᠭᠡ ᠶᠢᠨ ᠠᠵᠢᠯᠲᠠᠳ ᠤᠨ ᠦᠢᠯᠡᠴᠢᠯᠡᠬᠦ ᠤᠬᠠᠮᠰᠠᠷ ᠢ ᠴᠢᠩᠭᠠᠷᠠᠭᠤᠯᠤᠨ᠂ ᠡᠮᠴᠢ ᠪᠣᠯᠣᠨ | ᠡᠪᠡᠳᠴᠢᠲᠡᠨ ᠤ ᠣᠶᠢᠯᠠᠭᠠᠯᠴᠠᠭ᠎ᠠ ᠶᠢ ᠴᠢᠩᠭᠠᠳᠬᠠᠵᠤ᠂ ᠳᠣᠳᠣᠨᠣ ᠬᠠᠯᠠᠮᠵᠢᠯᠠᠯ ᠢ ᠠᠬᠢᠭᠤᠯᠤᠨ᠂ ᠡᠪᠡᠳᠴᠢᠲᠡᠨ ᠤ | ᠨᠢᠭᠤᠴᠠ ᠶᠢ ᠬᠠᠮᠠᠭᠠᠯᠠᠨ᠎ᠠ᠃ ᠴᠢᠨᠠᠷ ᠰᠠᠶᠢᠲᠠᠶ ᠰᠤᠪᠢᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠮᠴᠢᠯᠡᠭᠡᠨ ᠤ | ᠰᠡᠳᠬᠢᠴᠡ᠂ ᠮᠢᠨᠴᠦᠭᠦᠷᠡᠭᠦᠯᠬᠦ ᠡᠪᠡᠳᠬᠦ ᠶᠢ ᠵᠣᠭᠰᠣᠭᠠᠬᠤ᠂ ᠡᠮ ᠬᠡᠷᠡᠭᠯᠡᠬᠦ ᠶᠢ ᠵᠢᠯᠤᠭᠤᠳᠬᠤ᠂ ᠰᠢᠮ᠎ᠡ ᠲᠡᠵᠢᠭᠡᠯ ᠤᠨ | ᠳᠣᠬᠠᠢ ᠵᠢᠯᠣᠭᠤᠳᠬᠤ ᠵᠡᠷᠭᠡ ᠦᠢᠯᠡᠴᠢᠯᠡᠭᠡ ᠶᠢ ᠦᠷᠭᠦᠯᠵᠢᠯᠡᠨ ᠴᠢᠩᠭᠠᠳᠬᠠᠨ᠎ᠠ᠃ ᠨᠡᠶᠢᠭᠡᠮ ᠠᠴᠠ ᠣᠷᠢᠭᠰᠠᠨ | ᠡᠮᠨᠡᠯᠭᠡ ᠶᠢᠨ ᠠᠵᠢᠯᠲᠠᠨ ᠪᠣᠯᠤᠨ ᠰᠠᠶᠢᠨ ᠳᠣᠷᠠᠴᠢᠳ ᠤᠨ ᠦᠢᠯᠡᠴᠢᠯᠡᠬᠦ ᠳᠦᠷᠢᠮ ᠢ ᠪᠦᠷᠢᠨᠰᠢᠬᠦᠯᠦᠨ᠎ᠡ᠃ | ᠠᠷᠠᠳ ᠤᠨ ᠡᠶᠡᠳᠡᠭᠦᠯᠭᠡ ᠶᠢᠨ ᠭᠤᠤᠯ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠴᠢᠯᠡᠭᠡᠨ ᠤ | ᠵᠢᠭᠤᠷᠠᠯᠳᠤᠭᠠᠨ ᠢ ᠰᠢᠢᠳᠪᠦᠷᠢᠯᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠂ ᠡᠮᠴᠢ | ᠪᠠ ᠡᠪᠡᠳᠴᠢᠲᠡᠨ ᠤ ᠡᠶ᠎ᠡ ᠵᠣᠬᠢᠴᠠᠯ ᠲᠠᠢ ᠬᠠᠷᠢᠴᠠᠭ᠎ᠠ ᠶᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠡᠮᠨᠡᠯᠬᠡ ᠶᠢᠨ ᠪᠠᠳᠣᠯᠠᠭ᠎ᠠ ᠶᠢᠨ ᠲᠣᠪᠴᠢᠶ᠎ᠠ | ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠬᠤᠷᠢᠨ ᠬᠤᠶᠠᠷ᠂ ᠮᠡᠳᠡᠭᠡ ᠵᠠᠩᠭᠢ ᠶᠢᠨ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠭᠦᠢᠴᠡᠳ | ᠪᠠᠳᠠᠷᠠᠭᠤᠯᠣᠨ᠎ᠠ᠃ ︽ᠢᠨᠲ᠋ᠧᠷ ᠰᠦᠯᠵᠢᠶ᠎ᠡ+ ᠡᠮᠴᠢᠯᠡᠭᠡ +ᠡᠷᠡᠭᠦᠯ ᠮᠡᠨᠳᠦ︾ ᠶᠢ ᠭᠦᠭᠵᠢᠬᠦᠯᠵᠦ᠂ ᠢᠨᠲ᠋ᠧᠷ | ᠰᠦᠯᠵᠢᠶ᠎ᠡ᠂ ᠬᠢᠨᠵᠢᠨ ᠬᠡᠯᠬᠢᠶ᠎ᠡ᠂ ᠪᠣᠳᠠᠰ ᠢ ᠬᠤᠯᠪᠣᠯᠳᠣᠭᠤᠯᠣᠭᠰᠠᠨ ᠰᠦᠯᠵᠢᠶ᠎ᠡ᠂ ᠵᠣᠬᠢᠶᠠᠮᠠᠯ ᠤᠶᠤᠨ ᠴᠢᠳᠠᠪᠣᠷᠢ᠂ | ᠡᠭᠦᠯᠡᠨ ᠪᠤᠳᠤᠯᠲᠠ᠂ ᠲᠤᠮᠤ ᠳ᠋ᠠᠶᠢᠲ᠋ᠠ ᠵᠡᠷᠭᠡ ᠶᠢ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠤ ᠬᠡᠷᠡᠭᠯᠡᠬᠦ ᠶᠢ | ᠲᠦᠷᠬᠡᠳᠬᠡᠨ ᠠᠬᠢᠭᠤᠯᠤᠨ᠎ᠠ᠃ ᠢᠨᠲ᠋ᠧᠷ ᠰᠦᠯᠵᠢᠶ᠎ᠡ᠂ ᠵᠣᠬᠢᠶᠠᠮᠠᠯ ᠣᠶᠤᠨ ᠴᠢᠳᠠᠪᠤᠷᠢ ᠵᠡᠷᠭᠡ ᠮᠡᠷᠭᠡᠵᠢᠯ ᠢ | ᠢᠳᠡᠪᠬᠢᠲᠡᠶ ᠪᠠᠷ ᠬᠡᠷᠡᠭᠯᠡᠨ᠂ ᠦᠢᠯᠡᠴᠢᠯᠡᠭᠡᠨ ᠤ ᠴᠤᠪᠤᠷᠠᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠤᠶᠤᠨᠴᠢ | ᠡᠮᠨᠡᠯᠭᠡ ᠶᠢᠨ ᠬᠤᠷᠢᠶ᠎ᠠ ᠶᠢ ᠲᠦᠷᠬᠡᠨ ᠪᠠᠶᠢᠭᠤᠯᠵᠤ᠂ ᠴᠠᠭ ᠬᠤᠪᠢᠶᠠᠨ ᠪᠣᠯᠵᠣᠵᠤ ᠣᠨᠣᠰᠢᠯᠠᠨ ᠡᠮᠨᠡᠬᠦ ᠪᠠ ᠰᠢᠯᠭᠠᠨ | ᠪᠠᠶᠢᠴᠠᠭᠠᠬᠤ ᠶᠢ ᠲᠥᠪᠯᠡᠷᠡᠭᠦᠯᠦᠨ ᠪᠣᠯᠵᠣᠬᠤ ᠦᠢᠯᠡᠴᠢᠯᠡᠭᠡ ᠶᠢ ᠬᠡᠷᠡᠭᠵᠢᠭᠦᠯᠦᠨ᠂ ᠡᠮᠴᠢᠯᠡᠭᠡᠨ ᠤ ᠬᠤᠭᠤᠴᠠᠭᠠᠨ ᠳᠤ | ᠳ᠋ᠦᠩᠨᠡᠨ ᠪᠤᠳᠤᠬᠤ᠂ ᠰᠢᠯᠵᠢᠮᠡᠯ ᠦᠵᠦᠬᠦᠷ ᠢᠶᠠᠷ ᠲᠣᠭᠠᠴᠠᠭ᠎ᠠ ᠬᠢᠬᠦ᠂ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ᠂ | ᠡᠮ ᠢ ᠳᠣᠭᠢᠷᠠᠭᠤᠯᠤᠨ ᠬᠦᠷᠭᠡᠬᠦ ᠵᠡᠷᠭᠡ ᠦᠢᠯᠡᠴᠢᠯᠡᠭᠡ ᠶᠢ ᠳᠡᠯᠭᠡᠷᠡᠭᠦᠯᠦᠨ᠎ᠡ᠃ ᠰᠠᠯᠠᠭ᠎ᠠ ᠮᠥᠴᠢᠷ᠂ ᠪᠠᠶᠢᠭᠤᠯᠤᠮᠵᠢ | ᠠᠯᠤᠰᠯᠠᠭᠰᠠᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠵᠦ | ᠳᠣᠭᠢᠷᠠᠭᠤᠯᠬᠤ ᠲᠣᠭᠲᠠᠴᠠ ᠪᠠ ᠤᠶᠤᠨᠴᠢᠯᠠᠭᠰᠠᠨ ᠤᠷᠢᠳᠴᠢᠯᠠᠨ ᠰᠡᠷᠡᠮᠵᠢᠯᠡᠭᠦᠯᠬᠦ ᠣᠯᠠᠨ ᠳᠠᠯ᠎ᠠ ᠠᠴᠠ | ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠠᠶᠢᠮᠠᠭ ᠤᠨ ᠱᠠᠲᠤᠨ ᠤ ᠲᠠᠪᠴᠠᠩ ᠪᠠ ᠡᠯᠧᠺᠲᠷᠣᠨ ᠵᠠᠰᠠᠭ ᠤᠨ | ᠶᠠᠪᠤᠳᠠᠯ ᠤᠨ ᠭᠠᠳᠠᠷ ᠰᠦᠯᠵᠢᠶ᠎ᠡ ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠲᠠᠪᠴᠠᠩ ᠤᠨ ᠲᠤᠭ᠎ᠠ | ᠪᠠᠷᠢᠮᠲᠠ ᠶᠢᠨ ᠡᠬᠢ ᠪᠠᠶᠠᠯᠢᠭ ᠢ ᠰᠣᠯᠢᠯᠴᠠᠨ ᠬᠠᠮᠲᠤ ᠪᠠᠷ ᠬᠤᠪᠢᠶᠠᠯᠴᠠᠬᠤ ᠶᠢ ᠪᠡᠶᠡᠯᠡᠭᠦᠯᠵᠦ᠂ ᠠᠶᠢᠮᠠᠭ ᠤᠨ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠬᠤᠪᠢᠶᠠᠯᠴᠠᠬᠤ ᠲᠠᠪᠴᠠᠩ ᠤᠨ ᠰᠠᠯᠠᠭ᠎ᠠ | ᠮᠥᠴᠢᠷ ᠠᠯᠤᠰᠯᠠᠨ ᠲᠤᠭ᠎ᠠ ᠪᠠᠷᠢᠮᠲᠠ ᠶᠢ ᠬᠠᠮᠲᠤ ᠪᠠᠷ ᠬᠤᠪᠢᠶᠠᠯᠴᠠᠬᠤ ᠶᠢ ᠪᠡᠶᠡᠯᠡᠭᠦᠯᠵᠦ᠂ ᠡᠮᠴᠢᠯᠡᠭᠡ᠂ ᠡᠮ ᠡᠮᠨᠡᠯᠭᠡ | ᠂ ᠡᠮ ᠡᠮᠨᠡᠯᠬᠡ ᠶᠢᠨ ᠳᠠᠭᠠᠳᠬᠠᠯ ᠪᠠ ᠡᠷᠡᠭᠦᠯ ᠮᠡᠨᠳᠦ ᠶᠢᠨ ᠡᠯ᠎ᠡ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠲᠤᠭ᠎ᠠ | ᠪᠠᠷᠢᠮᠲᠠ ᠶᠢ ᠠᠭᠤᠰᠤᠯᠴᠠᠭᠤᠯᠤᠨ ᠬᠡᠷᠡᠭᠯᠡᠬᠦ ᠶᠢ ᠪᠡᠶᠡᠯᠡᠭᠦᠯᠦᠨ᠎ᠡ᠃ ᠡᠮᠴᠢᠯᠡᠭᠡᠨ ᠤ ᠬᠤᠯᠪᠣᠭᠠᠲᠤ ᠴᠣᠭᠴᠠ ᠶᠢᠨ | ᠳᠣᠲᠣᠭᠠᠳᠤ ᠳᠠᠬᠢ ᠮᠡᠳᠡᠭᠡ ᠵᠠᠩᠭᠢ ᠶᠢᠨ ᠰᠢᠰᠲ᠋ᠧᠮ ᠤᠨ ᠨᠢᠭᠡᠳᠦᠯᠲᠡᠶ ᠡᠵᠡᠩᠨᠡᠯᠲᠡ ᠪᠠ ᠬᠤᠯᠪᠣᠯᠳᠤᠨ | ᠨᠡᠪᠲᠡᠷᠡᠯᠴᠡᠬᠦ ᠶᠢ ᠠᠬᠢᠭᠤᠯᠵᠤ᠂ ᠲᠣᠭᠠᠴᠢᠯᠠᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠡᠷᠡᠭᠦᠯ ᠮᠡᠨᠳᠦ | ᠡᠮᠴᠢᠯᠡᠬᠡᠨ ᠤ ᠳᠤᠭ᠎ᠠ ᠪᠠᠷᠢᠮᠳᠠ ᠶᠢᠨ ᠠᠮᠤᠷ ᠲᠦᠪᠰᠢᠨ ᠤ ᠰᠢᠰᠲ᠋ᠧᠮᠵᠢ ᠶᠢ ᠪᠠᠶᠢᠭᠤᠯᠬᠤ ᠶᠢ ᠲᠦᠷᠭᠡᠳᠬᠡᠵᠦ᠂ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠳᠤᠭ᠎ᠠ ᠪᠠᠷᠢᠮᠳᠠ ᠶᠢᠨ ᠠᠮᠤᠷ ᠲᠦᠪᠰᠢᠨ ᠢ ᠰᠡᠷᠬᠡᠶᠢᠯᠡᠨ | ᠬᠠᠮᠠᠭᠠᠯᠠᠬᠤ ᠴᠢᠳᠠᠪᠤᠷᠢ ᠶᠢ ᠲᠡᠬᠡᠭᠰᠢᠯᠡᠬᠦᠯᠦᠨ᠎ᠠ᠃ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ | ᠲᠠᠩᠰᠠ ᠡᠪᠬᠡᠮᠡᠯ ᠤᠨ ᠬᠡᠷᠡᠭᠯᠡᠯᠲᠡ ᠶᠢ ᠠᠬᠢᠭᠤᠯᠵᠤ᠂ ᠡᠷᠬᠡ ᠣᠯᠭᠤᠵᠤ ᠰᠢᠯᠵᠢᠭᠦᠯᠦᠨ ᠦᠵᠡᠬᠦ ᠪᠠ ᠨᠡᠭᠡᠭᠡᠯᠲᠡ ᠲᠠᠢ | ᠦᠢᠯᠡᠴᠢᠯᠡᠬᠦ ᠠᠷᠭ᠎ᠠ ᠵᠠᠮ ᠵᠢᠴᠢ ᠰᠣᠯᠢᠯᠴᠠᠬᠤ ᠠᠷᠭ᠎ᠠ ᠮᠠᠶ᠋ᠢᠭ ᠢ ᠲᠡᠭᠦᠯᠳᠡᠷᠵᠢᠭᠦᠯᠦᠨ᠎ᠡ᠃ ︵ᠬᠠᠷᠢᠭᠤᠴᠠᠯᠭᠠᠲᠤ | ᠨᠢᠭᠡᠴᠡ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ︶ | ᠬᠤᠷᠢᠨ ᠭᠤᠷᠪᠠ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ | ᠥᠭᠡᠷᠡᠴᠢᠯᠡᠯᠲᠡ ᠪᠣᠯᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠠ | ᠬᠠᠮᠢᠶᠠᠷᠬᠤ ᠲᠣᠭᠲᠠᠴᠠ ᠶᠢ ᠪᠠᠶᠢᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠬᠢᠨᠠᠠ ᠬᠠᠮᠢᠶᠠᠷᠬᠤ ᠠᠷᠭ᠎ᠠ ᠮᠠᠶ᠋ᠢᠭ ᠢ | ᠰᠢᠨᠡᠴᠢᠯᠡᠵᠦ᠂ ᠦᠢᠯᠡᠴᠢᠯᠡᠭᠡᠨ ᠤ ᠬᠦᠴᠦᠨ ᠵᠦᠢᠯ ᠢ ᠵᠥᠪᠰᠢᠶᠡᠷᠡᠨ ᠣᠷᠣᠭᠤᠯᠬᠤ᠂ ᠴᠢᠨᠠᠷ ᠴᠢᠨᠰᠠᠭ᠎ᠠ ᠪᠠ ᠠᠮᠤᠷ | ᠲᠦᠪᠰᠢᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠪᠠᠶᠢᠭᠤᠯᠤᠮᠵᠢ ᠶᠢᠨ ᠠᠵᠢᠯᠯᠠᠭᠠᠨ᠂ ᠠᠵᠢᠯᠯᠠᠭᠰᠠᠳ᠂ | ᠦᠢᠯᠡᠴᠢᠯᠡᠭᠡᠨ ᠤ ᠦᠢᠯᠡ ᠠᠵᠢᠯᠯᠠᠭ᠎ᠠ᠂ ᠡᠮᠴᠢᠯᠡᠭᠡᠨ ᠤ ᠵᠠᠷᠤᠳᠠᠯ᠂ ᠠᠵᠢᠯ ᠲᠥᠷᠥᠯ ᠤᠨ ᠡᠮᠬᠢ ᠳᠢᠭᠯᠢᠮ ᠪᠠ ᠡᠷᠡᠭᠦᠯ | ᠮᠡᠨᠳᠦ ᠶᠢᠨ ᠠᠵᠤ ᠦᠢᠯᠡᠰ ᠢ ᠬᠢᠨᠠᠠ ᠬᠠᠮᠢᠶᠠᠷᠬᠤ ᠶᠢ ᠭᠤᠤᠯᠳᠠᠯᠭ᠎ᠠ ᠲᠠᠢ ᠴᠢᠩᠭᠠᠳᠬᠠᠨ᠎ᠠ᠃ ᠵᠠᠰᠠᠭ ᠤᠨ ᠣᠷᠳᠣᠨ ᠤ | ᠬᠢᠨᠠᠯᠲᠠ ᠬᠠᠮᠢᠶᠠᠷᠤᠯᠲᠠ ᠪᠠᠷ ᠭᠤᠤᠯᠯᠠᠭᠰᠠᠨ᠂ ᠭᠤᠷᠪᠠᠳᠠᠬᠢ ᠡᠲᠡᠭᠡᠳ ᠤᠨ ᠬᠢᠨ ᠥᠷᠭᠡᠨ ᠢᠶᠠᠷ ᠣᠷᠣᠯᠴᠠᠭᠰᠠᠨ᠂ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠪᠡᠷ ᠢ ᠪᠠᠨ ᠬᠠᠮᠢᠶᠠᠷᠬᠤ ᠪᠠ ᠨᠡᠶᠢᠭᠡᠮ ᠤᠨ ᠬᠢᠨᠠᠯᠲᠠ | ᠲᠠᠯᠪᠢᠬᠤ ᠪᠠᠷ ᠨᠥᠬᠦᠪᠥᠷᠢ ᠪᠣᠯᠭᠠᠭᠰᠠᠨ ᠣᠯᠠᠨ ᠳᠠᠯᠠᠳᠣ ᠶᠡᠷᠦᠩᠬᠡᠶᠢᠯᠡᠭᠰᠡᠨ ᠬᠢᠨᠠᠠ ᠬᠠᠮᠢᠶᠠᠷᠬᠤ ᠰᠢᠰᠲ᠋ᠧᠮᠵᠢ ᠶᠢ | ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠰᠤᠷᠲᠠᠯ ᠤᠨ | ᠪᠠᠶᠢᠭᠤᠯᠤᠯᠲᠠ ᠶᠢᠨ ᠠᠵᠢᠯ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠡᠮ ᠡᠮᠨᠡᠯᠭᠡ ᠶᠢᠨ ᠬᠦᠷᠢᠶᠡᠨ ᠤ | ᠢᠯᠵᠠᠷᠠᠯ ᠤᠨ ᠠᠰᠠᠭᠤᠳᠠᠯ ᠢ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢ | ᠠᠬᠢᠭᠤᠯᠤᠨ᠎ᠠ᠃ ᠠᠷᠢᠭᠤᠨ ᠴᠢᠬᠡᠴᠢ ᠪᠠᠷ ᠠᠵᠢᠯ ᠡᠷᠬᠢᠯᠡᠬᠦ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠬᠢᠨᠠᠯᠲᠠ | ᠲᠠᠯᠪᠢᠵᠤ ᠪᠠᠶᠢᠴᠠᠭᠠᠬᠤ᠂ ᠰᠠᠬᠢᠯᠭ᠎ᠠ ᠪᠠᠲᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠂ ᠠᠯᠪᠠᠨ ᠠᠴᠠ | ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷ ᠢ | ᠬᠠᠮᠠᠭᠠᠯᠠᠵᠤ᠂ ᠨᠡᠶᠢᠭᠡᠮ ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ︶ | |