ᠨᠢᠭᠡᠳᠦᠭᠡᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ | ᠵᠠᠰᠠᠭ ᠤᠨ ᠣᠷᠳᠣᠨ ᠤ ᠵᠥᠪᠰᠢᠶᠡᠷᠡᠭᠰᠡᠨ ︽ᠠᠯᠠᠱᠠ ᠠᠶᠢᠮᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠲᠥᠰᠦᠯ︾ ᠪᠣᠯᠤᠨ ᠠᠯᠠᠱᠠ ᠠᠶᠢᠮᠠᠭ ᠤᠨ ᠳᠠᠷᠤᠮᠠᠯᠯᠠᠨ ᠲᠠᠷᠬᠠᠭᠠᠭᠰᠠᠨ ︽ᠠᠯᠠᠱᠠ ᠠᠶᠢᠮᠠᠭ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠠᠯᠠᠱᠠ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ | ᠪᠣᠯ ᠠᠶᠢᠮᠠᠭ ᠤᠨ ᠵᠠᠬᠢᠷᠭ᠎ᠠ ᠶᠢᠨ ᠠᠵᠢᠯ ᠤᠨ ᠰᠠᠯᠠᠭ᠎ᠠ ᠮᠥᠴᠢᠷ ᠪᠠᠶᠢᠵᠦ᠂ ᠵᠢᠩᠬᠢᠨᠢ ᠭᠠᠵᠠᠷ ᠤᠨ ᠳᠡᠰ ᠤᠨ | ᠪᠠᠶᠢᠭᠤᠯᠭ᠎ᠠ ᠪᠣᠯᠣᠨ᠎ᠠ᠃ | ᠭᠤᠷᠪᠠᠳᠤᠭᠠᠷ ᠵᠦᠢᠯ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠠᠴᠢᠮ | ᠪᠠᠶᠢᠳᠠᠯ ᠢ ᠠᠷᠭᠠᠴᠠᠭᠠᠬᠤ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ | ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ | ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠡᠭᠦᠷᠭᠡ | ᠬᠠᠷᠢᠭᠤᠴᠠᠯᠭ᠎ᠠ ᠪᠠᠨ ᠬᠦᠢᠴᠡᠳᠭᠡᠬᠦ ᠶᠠᠪᠤᠴᠠ ᠳᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠳᠠᠬᠢ ᠨᠠᠮ ᠤᠨ | ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠤᠯ ᠡᠭᠦᠷᠭᠡ ᠬᠠᠷᠢᠭᠤᠴᠠᠯᠭ᠎ᠠ | ᠨᠢ᠄ | ︵ᠨᠢᠭᠡ︶ ᠪᠥᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ | ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠬᠠᠤ ᠠᠵᠢᠯ ᠢ ᠵᠢᠯᠣᠭᠤᠳᠤᠨ᠎ᠠ᠃ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭᠠᠨ ᠤ ᠠᠵᠢᠯ | ᠲᠥᠷᠥᠯ ᠤᠨ ᠠᠶᠤᠯᠭᠦᠢ ᠦᠢᠯᠡᠳᠪᠦᠷᠢᠯᠡᠯ ᠢ ᠬᠢᠨᠠᠠ ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠬᠤᠶᠠᠷ︶ ᠠᠯᠠᠱᠠ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ ᠪᠠᠶᠢᠭᠤᠯᠤᠯᠲᠠ᠂ | ᠠᠶᠤᠯᠭᠦᠢ ᠦᠢᠯᠡᠳᠪᠦᠷᠢᠯᠡᠯ ᠪᠣᠯᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠢ ᠲᠥᠯᠥᠪᠵᠢᠭᠦᠯᠭᠡ᠂ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠷᠠᠭᠤᠯᠬᠤ ᠶᠢᠨ ᠬᠠᠮᠲᠤ ᠭᠡᠷᠡᠭᠵᠢᠬᠦᠯᠬᠦ ᠳᠤ ᠬᠢᠨᠠᠯᠲᠠ ᠲᠠᠯᠪᠢᠨ᠎ᠡ᠃ | ︵ᠭᠤᠷᠪᠠ︶ ᠪᠥᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠢᠰᠲ᠋ᠧᠮ ᠤᠨ | ᠪᠠᠶᠢᠭᠤᠯᠤᠯᠲᠠ ᠶᠢ ᠵᠢᠯᠣᠭᠤᠳᠴᠤ᠂ ᠤᠯᠤᠰ ᠤᠨ ᠠᠳᠡᠯ ᠤᠨ ᠭᠠᠮᠰᠢᠭ ᠪᠠ ᠪᠠᠶᠢᠭᠠᠯᠢ ᠶᠢᠨ ᠭᠠᠮᠰᠢᠭ ᠢ ᠱᠠᠲᠤ | ᠬᠤᠪᠢᠶᠠᠨ ᠠᠷᠭᠠᠴᠠᠭᠠᠬᠤ ᠲᠦᠷᠢᠮ ᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠠᠯᠠᠱᠠ ᠠᠶᠢᠮᠠᠭ ᠤᠨ ᠪᠠᠴᠢᠮ | ᠪᠠᠶᠢᠳᠠᠯ ᠢ ᠠᠷᠭᠠᠴᠠᠭᠠᠬᠤ ᠶᠡᠷᠦᠩᠬᠡᠶ ᠪᠡᠯᠡᠳᠬᠡᠯ ᠲᠥᠰᠦᠯ ᠪᠠ ᠠᠶᠤᠯᠭᠦᠶ ᠦᠢᠯᠡᠳᠪᠦᠷᠢᠯᠡᠯ ᠤᠨ ᠲᠥᠷᠥᠯ᠂ | ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠪᠡᠯᠡᠳᠬᠡᠯ ᠲᠥᠰᠦᠯ ᠢ ᠨᠠᠶᠢᠷᠠᠭᠤᠯᠵᠤ᠂ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠥᠬᠦᠶ | ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠠᠶᠢᠮᠠᠭ ᠤᠨ ᠪᠠᠴᠢᠮ ᠪᠠᠶᠢᠳᠠᠯ | ᠢ ᠠᠷᠭᠠᠴᠠᠭᠠᠬᠤ ᠠᠶᠤᠯ ᠠᠴᠠ ᠵᠠᠶᠢᠯᠠᠬᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠲᠦᠷᠪᠡ︶ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠣᠰᠣᠭᠠᠷ ᠠᠯᠠᠱᠠ ᠠᠶᠢᠮᠠᠭ ᠤᠨ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠤᠨ᠂ ᠮᠡᠳᠡᠭᠡ ᠵᠠᠩᠭᠢ | ᠳᠠᠮᠵᠢᠭᠤᠯᠬᠤ ᠠᠷᠭ᠎ᠠ ᠵᠠᠮ ᠤᠨ ᠲᠥᠯᠥᠪᠵᠢᠭᠦᠯᠭᠡ ᠪᠠ ᠪᠠᠶᠢᠷᠢᠯᠠᠭᠤᠯᠤᠯᠲᠠ ᠶᠢᠨ ᠠᠵᠢᠯ ᠢ ᠠᠬᠢᠭᠤᠯᠵᠤ᠂ ᠬᠢᠨᠠᠨ | ᠬᠡᠮᠵᠢᠵᠦ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠤᠨ᠂ ᠪᠠᠶᠢᠭᠠᠯᠢ ᠶᠢᠨ | ᠭᠠᠮᠰᠢᠭ ᠤᠨ ᠮᠡᠳᠡᠭᠡ ᠵᠠᠩᠭᠢ ᠶᠢ ᠣᠯᠬᠤ ᠪᠠ ᠬᠠᠮᠳᠣ ᠪᠠᠷ ᠬᠤᠪᠢᠶᠠᠯᠴᠠᠬᠤ ᠲᠣᠭᠲᠠᠴᠠ ᠶᠢ ᠪᠦᠷᠢᠨᠰᠢᠭᠦᠯᠵᠦ᠂ | ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ | ᠶᠣᠰᠣᠭᠠᠷ ᠨᠡᠶᠢᠳᠡᠯᠡᠨ᠎ᠡ᠃ | ︵ᠲᠠᠪᠤ︶ ᠪᠥᠬᠦ ᠠᠶᠢᠮᠠᠭ ᠤᠨ ᠠᠶᠣᠯᠬᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ | ᠲᠥᠷᠥᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ | ᠵᠣᠬᠢᠶᠠᠨ ᠪᠠᠶᠢᠭᠤᠯᠤᠨ ᠵᠢᠯᠣᠭᠤᠳᠤᠨ ᠵᠣᠬᠢᠴᠠᠭᠤᠯᠵᠤ᠂ ᠠᠯᠠᠱᠠ ᠠᠶᠢᠮᠠᠭ ᠤᠨ ᠬᠦᠨᠳᠦ ᠶᠡᠭᠡ ᠭᠠᠮᠰᠢᠭ ᠢ | ᠠᠷᠭᠠᠴᠠᠭᠠᠬᠤ ᠵᠢᠯᠣᠭᠤᠳᠬᠤ ᠭᠠᠵᠠᠷ ᠤᠨ ᠠᠵᠢᠯ ᠢ ᠡᠭᠦᠷᠭᠡᠯᠡᠨ᠂ ᠭᠡᠨᠡᠳᠲᠡ ᠶᠢᠨ ᠬᠡᠷᠡᠭ ᠤᠨ ᠪᠠᠶᠢᠳᠠᠯ ᠢ | ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢᠨ ᠬᠠᠮᠲᠤ ᠠᠷᠭᠠᠴᠠᠭᠠᠬᠤ ᠰᠠᠨᠠᠭᠤᠯᠭ᠎ᠠ ᠳᠤᠷᠠᠳᠴᠤ᠂ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭ᠎ᠠ ᠶᠢᠨ ᠲᠣᠭᠲᠠᠭᠠᠭᠰᠠᠨ ᠬᠠᠷᠢᠭᠤᠴᠠᠯᠭᠠᠲᠠᠨ ᠢ ᠬᠠᠮᠵᠢᠨ ᠭᠠᠮᠰᠢᠭ ᠤᠨ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ | ︵ᠵᠢᠷᠭᠤᠭ᠎ᠠ︶ ᠡᠷᠬᠡ ᠮᠡᠳᠡᠯ ᠶᠣᠰᠣᠭᠠᠷ ᠪᠥᠬᠦ ᠠᠶᠢᠮᠠᠭ ᠤᠨ ᠡᠯ᠎ᠡ ᠲᠥᠷᠥᠯ ᠤᠨ ᠪᠠᠴᠢᠮ ᠪᠠᠶᠢᠳᠠᠯ ᠢ | ᠠᠷᠭᠠᠴᠠᠭᠠᠬᠤ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠴᠠᠭᠤᠯᠤᠨ ᠵᠢᠯᠣᠭᠤᠳᠴᠤ᠂ ᠪᠥᠬᠦ ᠠᠶᠢᠮᠠᠭ ᠤᠨ ᠪᠠᠴᠢᠮ | ᠪᠠᠶᠢᠳᠠᠯ ᠢ ᠠᠷᠭᠠᠴᠠᠭᠠᠬᠤ ᠶᠢ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ | ᠵᠢᠯᠣᠭᠤᠳᠬᠤ ᠲᠠᠪᠴᠠᠩ ᠢ ᠵᠣᠯᠭᠠᠭᠤᠯᠬᠤ ᠶᠢ ᠠᠬᠢᠭᠤᠯᠵᠤ᠂ ᠭᠠᠯ ᠤᠨᠲᠠᠷᠠᠭᠠᠬᠤ᠂ ᠣᠶ ᠰᠢᠭᠤᠶ ᠨᠤᠲᠤᠭ | ᠪᠡᠯᠴᠢᠭᠡᠷ ᠤᠨ ᠭᠠᠯ ᠢ ᠰᠡᠷᠭᠡᠶᠢᠯᠡᠬᠦ ᠡᠩᠨᠡᠭᠡ᠂ ᠴᠢᠯᠥᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢ ᠵᠣᠯᠭᠠᠯᠳᠤᠭᠤᠯᠤᠨ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ᠃ ᠪᠥᠬᠦ ᠠᠶᠢᠮᠠᠭ ᠤᠨ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ | ᠵᠢᠯᠣᠭᠤᠳᠴᠤ᠂ ᠭᠠᠯ ᠤᠨᠲᠠᠷᠠᠭᠠᠬᠤ᠂ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠤᠨ ᠠᠶᠤᠯ ᠠᠴᠠ ᠠᠪᠤᠷᠠᠬᠤ᠂ | ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ᠂ ᠭᠠᠵᠠᠷ ᠬᠥᠳᠡᠯᠦᠯᠲᠡ ᠪᠠ ᠭᠠᠵᠠᠷ ᠰᠢᠨᠵᠢᠯᠡᠭᠡᠨ ᠤ ᠭᠠᠮᠰᠢᠭ ᠠᠴᠠ | ᠠᠪᠤᠷᠠᠬᠤ᠂ ᠦᠢᠯᠡᠳᠪᠦᠷᠢᠯᠡᠯ ᠤᠨ ᠠᠳᠡᠯ ᠠᠴᠠ ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠨ ᠲᠤᠰᠠᠯᠠᠬᠤ ᠲᠤᠰᠬᠠᠶ ᠮᠡᠷᠭᠡᠵᠢᠯ ᠤᠨ ᠬᠦᠴᠦᠨ ᠤ ᠪᠠᠶᠢᠭᠤᠯᠤᠯᠲᠠ ᠶᠢ ᠵᠣᠬᠢᠴᠠᠭᠤᠯᠤᠨ ᠵᠢᠯᠣᠭᠤᠳᠴᠤ᠂ ᠡᠯ᠎ᠡ | ᠭᠠᠵᠠᠷ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ | ᠵᠣᠬᠢᠶᠠᠨ ᠪᠠᠶᠢᠭᠤᠯᠤᠨ ᠠᠬᠢᠭᠤᠯᠤᠨ᠎ᠠ᠃ | ︵ᠳᠤᠯᠤᠭ᠎ᠠ︶ ᠡᠷᠬᠡ ᠮᠡᠳᠡᠯ ᠶᠣᠰᠣᠭᠠᠷ ᠪᠦᠬᠦ ᠠᠶᠢᠮᠠᠭ ᠤᠨ ᠭᠠᠯ ᠤᠨᠲᠠᠷᠠᠭᠠᠬᠤ ᠳᠤ ᠬᠢᠨᠠᠯᠲᠠ ᠲᠠᠯᠪᠢᠬᠤ᠂ | ᠭᠠᠯ ᠤᠨ ᠠᠶᠤᠯ ᠢ ᠰᠡᠷᠭᠡᠶᠢᠯᠡᠬᠦ᠂ ᠭᠠᠯ ᠤᠨᠲᠠᠷᠠᠭᠠᠬᠤ ᠵᠡᠷᠭᠡ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ | ︵ᠨᠠᠢᠮᠠ︶ ᠪᠥᠬᠦ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠤᠨ ᠠᠶᠤᠯ᠂ ᠦᠶᠡᠷ ᠭᠠᠩ | ᠬᠠᠭᠰᠠᠷᠠᠭᠠᠨ᠂ ᠭᠠᠵᠠᠷ ᠬᠥᠳᠡᠯᠦᠯᠲᠡ ᠪᠠ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ | ᠵᠢᠯᠣᠭᠤᠳᠤᠨ ᠵᠣᠬᠢᠴᠠᠭᠤᠯᠵᠤ᠂ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠶᠢ ᠬᠠᠷᠢᠭᠤᠴᠠᠵᠤ᠂ ᠪᠥᠬᠦ ᠠᠶᠢᠮᠠᠭ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ | ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠶᠢᠰᠦ︶ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ | ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ | ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠠᠯᠠᠱᠠ ᠠᠶᠢᠮᠠᠭ ᠤᠨ ᠭᠠᠮᠰᠢᠭ ᠠᠴᠠ | ᠠᠪᠤᠷᠠᠬᠤ ᠵᠣᠭᠤᠰ ᠪᠠ ᠡᠳ᠋ ᠪᠣᠳᠠᠰ ᠢ ᠳᠦᠷᠢᠮ ᠶᠣᠰᠣᠭᠠᠷ ᠬᠠᠮᠢᠶᠠᠷᠴᠤ᠂ ᠬᠤᠪᠢᠶᠠᠷᠢᠯᠠᠬᠤ ᠶᠢᠨ ᠬᠠᠮᠲᠤ ᠬᠡᠷᠡᠭᠯᠡᠬᠦ | ᠳᠤ ᠬᠢᠨᠠᠯᠲᠠ ᠲᠠᠯᠪᠢᠨ᠎ᠡ᠃ | ︵ᠠᠷᠪᠠ︶ ᠠᠯᠠᠱᠠ ᠠᠶᠢᠮᠠᠭ ᠤᠨ ᠠᠶᠤᠯᠭᠦᠶ ᠦᠢᠯᠡᠳᠪᠦᠷᠢᠯᠡᠯ ᠢ ᠶᠡᠷᠦᠩᠬᠡᠶᠢᠯᠡᠨ ᠬᠢᠨᠠᠠ ᠬᠠᠮᠢᠶᠠᠷᠬᠤ ᠡᠷᠬᠡ | ᠲᠤᠰᠢᠶᠠᠯ ᠢ ᠬᠠᠤᠯᠢ ᠶᠣᠰᠣᠭᠠᠷ ᠬᠡᠷᠡᠭᠵᠢᠭᠦᠯᠵᠦ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ | ᠮᠥᠴᠢᠷ ᠪᠣᠯᠤᠨ ᠡᠯ᠎ᠡ ᠬᠤᠰᠢᠭᠤ ︵ᠣᠷᠣᠨ︶ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠢ | ᠵᠢᠯᠣᠭᠤᠳᠤᠨ ᠵᠣᠬᠢᠴᠠᠭᠤᠯᠵᠤ᠂ ᠠᠶᠣᠯᠬᠦᠢ ᠦᠢᠯᠡᠳᠪᠦᠷᠢᠯᠡᠯ ᠤᠨ ᠠᠵᠢᠯ ᠳᠤ ᠬᠢᠨᠠᠯᠲᠠ ᠲᠠᠯᠪᠢᠨ ᠪᠠᠶᠢᠴᠠᠭᠠᠨ᠎ᠠ᠃ | ᠠᠶᠣᠯᠬᠦᠢ ᠦᠢᠯᠡᠳᠪᠦᠷᠢᠯᠡᠯ ᠢ ᠲᠣᠭᠤᠷᠢᠨ ᠪᠠᠶᠢᠴᠠᠭᠠᠬᠤ᠂ ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ | ︵ᠠᠷᠪᠠᠨ ᠨᠢᠭᠡ︶ ᠱᠠᠲᠤ ᠬᠤᠪᠢᠶᠠᠬᠤ᠂ ᠬᠠᠷᠢᠶ᠎ᠠ ᠭᠠᠵᠠᠷ ᠤᠨ ᠵᠠᠷᠴᠢᠮ ᠶᠣᠰᠣᠭᠠᠷ᠂ ᠦᠢᠯᠡᠳᠪᠦᠷᠢ ᠠᠭᠤᠷᠬᠠᠶ | ᠠᠷᠠᠯᠵᠢᠶ᠎ᠠ ᠬᠤᠳᠠᠯᠳᠤᠭᠠᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠣᠯᠬᠦᠢ ᠦᠢᠯᠡᠳᠪᠦᠷᠢᠯᠡᠯ ᠤᠨ | ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠵᠢᠴᠢ ᠠᠶᠣᠯᠬᠦᠢ | ᠦᠢᠯᠡᠳᠪᠦᠷᠢᠯᠡᠯ ᠤᠨ ᠨᠥᠬᠦᠴᠡᠯ ᠪᠣᠯᠤᠨ ᠬᠤᠯᠪᠣᠭᠳᠠᠯ ᠪᠦᠬᠦᠢ ᠲᠥᠬᠦᠭᠡᠷᠦᠮᠵᠢ ︵ᠣᠨᠴᠠ ᠲᠥᠷᠥᠯ ᠤᠨ ᠲᠣᠨᠤᠭ | ᠲᠥᠬᠦᠭᠡᠷᠦᠮᠵᠢ ᠡᠭᠦᠨ ᠳᠤ ᠪᠠᠭᠲᠠᠬᠤ ᠦᠭᠡᠶ︶᠂ ᠮᠠᠲ᠋ᠧᠷᠢᠶᠠᠯ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ | ᠠᠶᠣᠯᠬᠦᠢ ᠦᠢᠯᠡᠳᠪᠦᠷᠢᠯᠡᠯ ᠢ ᠬᠠᠮᠢᠶᠠᠷᠬᠤ ᠠᠵᠢᠯ ᠢ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠨ᠎ᠠ᠃ | ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠨ ᠣᠷᠣᠭᠤᠯᠬᠤ ᠲᠦᠷᠢᠮ ᠢ ᠬᠠᠤᠯᠢ ᠶᠣᠰᠣᠭᠠᠷ ᠵᠣᠬᠢᠶᠠᠨ | ᠪᠠᠶᠢᠭᠤᠯᠬᠤ ᠶᠢᠨ ᠬᠠᠮᠲᠤ ᠵᠢᠯᠣᠭᠤᠳᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠦᠬᠦ ᠠᠶᠢᠮᠠᠭ ᠤᠨ ᠠᠶᠤᠯᠲᠠᠢ | ᠬᠢᠮᠢ ᠶᠢᠨ ᠪᠣᠳᠠᠰ ᠤᠨ ᠠᠮᠤᠷ ᠲᠦᠪᠰᠢᠨ ᠢ ᠬᠢᠨᠠᠠ ᠬᠠᠮᠢᠶᠠᠷᠬᠤ ᠶᠡᠷᠦᠩᠬᠡᠶᠢᠯᠡᠭᠰᠡᠨ ᠠᠵᠢᠯ ᠪᠣᠯᠤᠨ ᠬᠤᠸᠠᠷ | ᠫᠤᠤᠵᠢᠩ ᠤᠨ ᠠᠶᠤᠯᠭᠦᠢ ᠦᠢᠯᠡᠳᠪᠦᠷᠢᠯᠡᠯ ᠢ ᠬᠢᠨᠠᠠ ᠬᠠᠮᠢᠶᠠᠷᠬᠤ ᠠᠵᠢᠯ ᠢ ᠲᠣᠭᠲᠠᠭᠠᠯ ᠶᠣᠰᠣᠭᠠᠷ ᠬᠠᠷᠢᠭᠤᠴᠠᠨ᠎ᠠ᠃ | ︵ᠠᠷᠪᠠᠨ ᠬᠤᠶᠠᠷ︶ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠪᠠᠶᠢᠴᠠᠭᠠᠨ ᠰᠢᠢᠳᠪᠦᠷᠢᠯᠡᠬᠦ ᠶᠢ | ᠬᠠᠤᠯᠢ ᠶᠣᠰᠣᠭᠠᠷ ᠵᠣᠬᠢᠶᠠᠨ ᠪᠠᠶᠢᠭᠤᠯᠤᠨ ᠵᠢᠯᠣᠭᠤᠳᠴᠤ᠂ ᠠᠳᠡᠯ ᠢ ᠪᠠᠶᠢᠴᠠᠭᠠᠨ ᠰᠢᠢᠳᠪᠦᠷᠢᠯᠡᠭᠰᠡᠨ ᠪᠠ | ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ᠎ᠠ᠃ ᠪᠠᠶᠢᠭᠠᠯᠢ ᠶᠢᠨ | ᠭᠠᠮᠰᠢᠭ ᠤᠨ ᠲᠥᠷᠥᠯ ᠤᠨ ᠭᠡᠨᠡᠳᠲᠡ ᠶᠢᠨ ᠬᠡᠷᠡᠭ ᠢ ᠪᠠᠶᠢᠴᠠᠭᠠᠨ ᠦᠨᠡᠯᠡᠬᠦ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ | ︵ᠠᠷᠪᠠᠨ ᠭᠤᠷᠪᠠ︶ ᠪᠥᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠨᠥᠭᠡᠴᠡᠯᠡᠬᠦ ᠪᠠ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ ᠲᠥᠯᠥᠪᠵᠢᠭᠦᠯᠭᠡ ᠶᠢ | ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠠᠶᠢᠮᠠᠭ ᠤᠨ ᠠᠮᠤ ᠪᠤᠳᠠᠭ᠎ᠠ ᠪᠠ ᠡᠳ᠋ ᠪᠣᠳᠠᠰ ᠢ ᠨᠥᠭᠡᠴᠡᠯᠡᠬᠦ | ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠮᠡᠳᠡᠭᠡ | ᠵᠠᠩᠭᠢ ᠶᠢᠨ ᠲᠠᠪᠴᠠᠩ ᠪᠠ ᠰᠢᠯᠵᠢᠭᠦᠯᠦᠨ ᠥᠭᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠭᠠᠮᠰᠢᠭ ᠠᠴᠠ | ᠠᠪᠤᠷᠬᠠᠤ ᠦᠶ᠎ᠡ ᠳᠤ ᠨᠢᠭᠡᠳᠦᠯᠲᠡᠶ ᠳᠣᠭᠢᠷᠠᠭᠤᠯᠤᠨ᠎ᠠ᠃ | ︵ᠠᠷᠪᠠᠨ ᠳᠦᠷᠪᠡ︶ ᠪᠦᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠭᠦᠢ | ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠣᠯᠤᠨ ᠪᠣᠯᠪᠠᠰᠤᠷᠠᠯ ᠤᠨ ᠠᠵᠢᠯ ᠢ ᠬᠠᠷᠢᠭᠤᠴᠠᠵᠤ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠭᠠᠨ᠂ ᠳᠡᠯᠭᠡᠷᠡᠭᠦᠯᠦᠨ ᠬᠡᠷᠡᠭᠯᠡᠬᠦ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠤᠨ᠎ᠠ᠃ | ︵ᠠᠷᠪᠠᠨ ᠲᠠᠪᠤ︶ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ︵ᠠᠷᠪᠠᠨ ᠵᠢᠷᠭᠤᠭ᠎ᠠ︶ ᠡᠭᠦᠷᠭᠡ ᠴᠢᠳᠠᠮᠵᠢ ᠶᠢᠨ ᠬᠤᠪᠢᠷᠠᠯᠳᠠ᠃ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ ᠨᠢ ᠠᠯᠠᠱᠠ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠰᠢᠯᠢᠳᠡᠭᠵᠢᠭᠦᠯᠦᠨ᠂ ᠡᠷᠬᠡ ᠬᠠᠷᠢᠭᠤᠴᠠᠯᠭ᠎ᠠ ᠨᠢᠭᠡᠳᠦᠯᠲᠡᠶ᠂ ᠡᠷᠬᠡ | ᠨᠠᠶᠢᠳᠠᠪᠣᠷᠢᠳᠠᠢ ᠥᠨᠳᠥᠷ ᠪᠦᠲᠦᠮᠵᠢᠲᠡᠶ ᠠᠯᠠᠱᠠ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ | ᠰᠢᠰᠲ᠋ᠧᠮ ᠢ ᠪᠠᠶᠢᠭᠤᠯᠵᠤ᠂ ᠨᠢᠭᠡᠳᠦᠯᠲᠡᠶ ᠵᠢᠯᠣᠭᠤᠳᠤᠭᠰᠠᠨ᠂ ᠲᠤᠰᠬᠠᠶ ᠪᠠᠶᠢᠩᠭᠤ ᠬᠤᠤᠰᠯᠠᠭᠰᠠᠨ᠂ ᠳᠦᠷᠭᠡᠨ | ᠭᠠᠪᠰᠢᠭᠠᠢ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ᠂ ᠡᠩ ᠤᠨ ᠦᠶ᠎ᠡ ᠪᠠ ᠣᠨᠴᠠᠭᠠᠢ | ᠦᠶ᠎ᠡ ᠶᠢ ᠤᠶᠠᠯᠳᠤᠭᠤᠯᠤᠭᠰᠠᠨ ᠳᠤᠮᠳᠠᠳᠤ ᠤᠯᠤᠰ ᠤᠨ ᠣᠨᠴᠠᠯᠢᠭ ᠲᠠᠢ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠪᠠᠶᠢᠭᠤᠯᠤᠯ ᠢ ᠪᠦᠷᠢᠯᠳᠦᠭᠦᠯᠬᠦ ᠶᠢ ᠠᠬᠢᠭᠤᠯᠤᠨ᠎ᠠ᠃ ᠨᠢᠭᠡ ᠳᠤ᠂ ᠰᠡᠷᠭᠡᠶᠢᠯᠡᠬᠦ ᠪᠠᠷ ᠭᠤᠣᠯ | ᠪᠣᠯᠭᠠᠬᠤ᠂ ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠡᠪ ᠤᠨ ᠪᠠᠶᠢᠳᠠᠯ ᠢᠶᠠᠷ | ᠭᠠᠮᠰᠢᠭ ᠢ ᠪᠠᠭᠠᠰᠬᠠᠬᠤ ᠪᠠ ᠬᠡᠪ ᠤᠨ ᠪᠤᠰᠤ ᠪᠠᠶᠢᠳᠠᠯ ᠢᠶᠠᠷ ᠭᠠᠮᠰᠢᠭ ᠠᠴᠠ ᠠᠪᠤᠷᠠᠬᠤ ᠶᠢ ᠬᠠᠷᠢᠯᠴᠠᠨ ᠨᠢᠭᠡᠳᠬᠡᠬᠦ ᠶᠢ | ᠪᠠᠷᠢᠮᠲᠠᠯᠠᠵᠤ᠂ ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ ᠶᠢ ᠴᠢᠬᠤᠯᠠᠴᠢᠯᠠᠵᠤ ᠪᠠᠶᠢᠭᠰᠠᠨ ᠠᠴᠠ ᠭᠠᠮᠰᠢᠭ ᠠᠴᠠ | ᠡᠮᠦᠨᠡᠬᠢ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠬᠤ ᠲᠡᠰᠢ ᠬᠤᠪᠢᠷᠠᠭᠤᠯᠬᠤ᠂ ᠳᠠᠩ ᠭᠠᠭᠴᠠ ᠭᠠᠮᠰᠢᠭ ᠢ | ᠠᠷᠭᠠᠴᠠᠭᠠᠬᠤ ᠠᠴᠠ ᠶᠡᠷᠦᠩᠬᠡᠶᠢᠯᠡᠭᠰᠡᠨ ᠭᠠᠮᠰᠢᠭ ᠢ ᠪᠠᠭᠠᠰᠬᠠᠬᠤ ᠲᠡᠰᠢ ᠬᠤᠪᠢᠷᠠᠭᠤᠯᠬᠤ᠂ ᠭᠠᠮᠰᠢᠭ ᠤᠨ ᠬᠤᠬᠢᠷᠠᠯ ᠢ | ᠪᠠᠭᠠᠰᠬᠠᠭᠰᠠᠨ ᠠᠴᠠ ᠭᠠᠮᠰᠢᠭ ᠤᠨ ᠲᠦᠭᠰᠢᠭᠦᠷᠢ ᠶᠢ ᠪᠠᠭᠠᠰᠬᠠᠬᠤ ᠲᠡᠰᠢ ᠬᠤᠪᠢᠷᠠᠭᠤᠯᠵᠦ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠬᠢᠷᠢ ᠲᠦᠪᠰᠢᠨ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠦᠨᠳᠦ ᠣᠨᠴᠠ ᠶᠡᠭᠡ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠨ᠎ᠠ᠃ ᠬᠤᠶᠠᠷ ᠲᠤ᠂ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠠᠷᠠᠳ ᠣᠯᠠᠨ ᠤ | ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠭᠠᠮᠰᠢᠭᠳᠠᠭᠰᠠᠨ | ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠦᠯ ᠤᠨ ᠰᠣᠷᠢᠯᠲᠠ ᠶᠢ ᠴᠢᠩᠭᠠᠳᠬᠠᠵᠤ᠂ ᠪᠦᠬᠦ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠤᠬᠠᠮᠰᠠᠷ ᠢ ᠴᠢᠩᠭᠠᠷᠠᠭᠤᠯᠤᠨ᠂ ᠣᠯᠠᠨ ᠨᠡᠶᠢᠲᠡ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠥᠪᠡᠷ ᠢ ᠪᠠᠨ ᠠᠪᠤᠷᠠᠬᠤ | ᠬᠠᠷᠢᠯᠴᠠᠨ ᠠᠪᠤᠷᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠬᠥᠮᠦᠨ ᠤ ᠦᠬᠦᠯ ᠰᠢᠷᠬᠠᠲᠤᠯ ᠪᠠ ᠡᠳ᠋ | ᠬᠥᠷᠥᠩᠭᠡ ᠶᠢᠨ ᠬᠤᠬᠢᠷᠠᠯ ᠢ ᠦᠨᠡᠨ ᠬᠦ ᠪᠠᠭᠠᠰᠬᠠᠨ᠎ᠠ᠃ ᠭᠤᠷᠪᠠ ᠳᠤ᠂ ᠠᠮᠤᠷ ᠲᠦᠪᠰᠢᠨ ᠬᠥᠭᠵᠢᠯᠲᠡ ᠶᠢᠨ | ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ | ᠬᠦᠨᠳᠦ ᠣᠨᠴᠠ ᠶᠡᠭᠡ ᠠᠳᠡᠯ ᠢ ᠡᠷᠡᠰ ᠬᠤᠷᠢᠭᠯᠠᠨ᠎ᠠ᠃ | ︵ᠠᠷᠪᠠᠨ ᠳᠣᠯᠤᠭ᠎ᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | 1. ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠶᠢᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠨ | ᠠᠪᠤᠷᠠᠬᠤ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ︵1︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠥᠬᠦ ᠠᠶᠢᠮᠠᠭ ᠤᠨ ᠪᠠᠴᠢᠮ | ᠪᠠᠶᠢᠳᠠᠯ ᠢ ᠠᠷᠭᠠᠴᠠᠭᠠᠬᠤ ᠶᠡᠷᠦᠩᠬᠡᠶ ᠪᠡᠯᠡᠳᠬᠡᠯ ᠲᠥᠰᠦᠯ ᠪᠠ ᠠᠶᠤᠯᠭᠦᠶ ᠦᠢᠯᠡᠳᠪᠦᠷᠢᠯᠡᠯ ᠤᠨ ᠲᠥᠷᠥᠯ᠂ | ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠪᠡᠯᠡᠳᠬᠡᠯ ᠲᠥᠰᠦᠯ ᠢ ᠨᠠᠶᠢᠷᠠᠭᠤᠯᠬᠤ ᠶᠢ ᠬᠠᠷᠢᠭᠤᠴᠠᠵᠤ᠂ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ | ᠬᠠᠮᠢᠶ᠎ᠠ ᠪᠥᠬᠦᠶ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠱᠠᠲᠤ ᠬᠤᠪᠢᠶᠠᠨ | ᠬᠠᠷᠢᠭᠤᠴᠠᠬᠤ ᠵᠠᠷᠴᠢᠮ ᠶᠣᠰᠣᠭᠠᠷ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠵᠦ | ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ ᠵᠣᠬᠢᠴᠠᠭᠤᠯᠤᠨ᠎ᠠ︔ ᠬᠦᠨᠳᠦ ᠶᠡᠭᠡ ᠭᠠᠮᠰᠢᠭ ᠤᠨ | ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢᠨ | ᠬᠠᠮᠲᠤ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠣᠭᠲᠠᠭᠠᠯ ᠭᠠᠷᠭᠠᠨ᠎ᠠ︔ ᠠᠯᠠᠱᠠ ᠠᠶᠢᠮᠠᠭ ᠤᠨ ᠬᠦᠨᠳᠦ ᠶᠡᠭᠡ | ᠭᠠᠮᠰᠢᠭ ᠢ ᠠᠷᠭᠠᠴᠠᠭᠠᠬᠤ ᠵᠢᠯᠣᠭᠤᠳᠬᠤ ᠭᠠᠵᠠᠷ ᠤᠨ ᠠᠵᠢᠯ ᠢ ᠡᠭᠦᠷᠭᠡᠯᠡᠵᠦ᠂ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠶᠢᠨ ᠲᠣᠭᠲᠠᠭᠠᠭᠰᠠᠨ ᠬᠠᠷᠢᠭᠤᠴᠠᠯᠭᠠᠲᠠᠨ ᠢ ᠬᠠᠮᠵᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠨᠠᠶᠢᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠤᠢ ᠰᠢᠭᠤᠢ ᠪᠠ | ᠨᠤᠲᠤᠭ ᠪᠡᠯᠴᠢᠭᠡᠷ ᠤᠨ ᠭᠠᠯ ᠤᠨ ᠠᠶᠤᠯ᠂ ᠦᠶᠡᠷ ᠭᠠᠩ ᠬᠠᠭᠰᠠᠷᠠᠭᠠᠨ᠂ ᠭᠠᠵᠠᠷ ᠬᠥᠳᠡᠯᠦᠯᠲᠡ ᠪᠠ | ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠣᠶ | ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ | ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠨᠢᠭᠡᠳᠦᠯᠲᠡᠶ | ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ | ᠪᠠᠶᠢᠳᠠᠯ ᠢ ᠮᠡᠳᠡᠭᠦᠯᠬᠦ ᠲᠦᠷᠢᠮ ᠢ ᠪᠠᠶᠢᠭᠤᠯᠤᠨ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢ ᠤᠯᠬᠤ ᠪᠠ | ᠬᠠᠮᠲᠤ ᠪᠠᠷ ᠬᠤᠪᠢᠶᠠᠯᠴᠠᠬᠤ ᠲᠣᠭᠲᠠᠴᠠ ᠶᠢ ᠪᠦᠷᠢᠨᠰᠢᠬᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃ ᠣᠯᠠᠨ ᠵᠦᠢᠯ ᠤᠨ ᠭᠠᠮᠰᠢᠭ | ᠪᠠ ᠭᠠᠮᠰᠢᠭ ᠤᠨ ᠬᠡᠯᠬᠢᠶ᠎ᠡ ᠶᠢᠨ ᠶᠡᠷᠦᠩᠬᠡᠶᠢᠯᠡᠭᠰᠡᠨ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ | ᠥᠷᠨᠢᠭᠦᠯᠵᠦ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ | ᠦᠷᠨᠢᠬᠦᠯᠬᠦ ᠶᠢ ᠵᠢᠯᠣᠭᠤᠳᠤᠨᠡ᠃ ᠡᠷᠬᠡ ᠣᠯᠭᠤᠭᠰᠠᠨ ᠶᠣᠰᠣᠭᠠᠷ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ | ᠲᠦᠢᠮᠡᠷ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠯ ᠤᠨ ᠠᠶᠤᠯ ᠤᠨ ᠲᠦᠭᠰᠢᠭᠦᠷᠢ᠂ | ᠭᠠᠯ ᠤᠨ ᠠᠶᠤᠯ ᠤᠨ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠬᠠᠷᠢᠭᠤᠴᠠᠨ᠎ᠠ᠃ | ︵2︶ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠨᠢ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ | ᠂ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠨᠠᠶᠢᠷᠠᠭᠤᠯᠬᠤ ᠶᠢᠨ ᠬᠠᠮᠲᠤ ᠬᠠᠮᠢᠶ᠎ᠠ | ᠪᠦᠬᠦᠢ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠭᠡᠷᠡᠭᠵᠢᠬᠦᠯᠬᠦ ᠶᠢ ᠵᠢᠯᠣᠭᠤᠳᠤᠨᠡ︔ ᠭᠠᠵᠠᠷ ᠰᠢᠨᠵᠢᠯᠡᠭᠡᠨ ᠤ | ᠭᠠᠮᠰᠢᠭ ᠢ ᠪᠠᠶᠢᠴᠠᠭᠠᠨ ᠦᠨᠡᠯᠡᠬᠦ ᠵᠢᠴᠢ ᠳᠠᠯᠳᠠ ᠬᠡᠮ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ | ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠢᠯᠣᠭᠤᠳᠬᠤ ᠪᠠ ᠬᠢᠨᠠᠯᠲᠠ ᠲᠠᠯᠪᠢᠨ᠎ᠠ︔ ᠣᠯᠠᠨ ᠢᠶᠠᠷ ᠢᠶᠠᠨ ᠬᠡᠮᠵᠢᠵᠦ | ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠶ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠡᠷᠭᠡ | ᠠᠵᠢᠯ ᠢ ᠦᠷᠨᠢᠬᠦᠯᠬᠦ ᠶᠢ ᠵᠢᠯᠣᠭᠤᠳᠤᠨ᠂ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠬᠦ ᠢᠨᠵᠧᠨᠧᠷᠢᠩ ᠢ ᠵᠠᠰᠠᠬᠤ | ᠠᠵᠢᠯ ᠢ ᠦᠷᠨᠢᠬᠦᠯᠬᠦ ᠶᠢ ᠵᠢᠯᠣᠭᠤᠳᠤᠨᠡ︔ ᠭᠠᠵᠠᠷ ᠰᠢᠨᠵᠢᠯᠡᠭᠡᠨ ᠤ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠨ ᠲᠤᠰᠠᠯᠠᠬᠤ ᠮᠡᠷᠭᠡᠵᠢᠯ ᠢᠶᠠᠷ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ | ︵3︶ ᠤᠰᠤᠨ ᠤ ᠶᠠᠪᠤᠳᠠᠯ ᠤᠨ ᠲᠣᠪᠴᠢᠶ᠎ᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ | ᠂ ᠦᠶᠡᠷ ᠭᠠᠩ ᠬᠠᠭᠰᠠᠷᠠᠭᠠᠨ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠨᠠᠶᠢᠷᠠᠭᠤᠯᠬᠤ ᠶᠢᠨ ᠬᠠᠮᠲᠤ ᠬᠠᠮᠢᠶ᠎ᠠ | ᠪᠦᠬᠦᠢ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠬᠡᠷᠡᠭᠵᠢᠬᠦᠯᠬᠦ ᠶᠢ ᠵᠢᠯᠣᠭᠤᠳᠤᠨᠡ︔ ᠦᠶᠡᠷ ᠭᠠᠩ ᠬᠠᠭᠰᠠᠷᠠᠭᠠᠨ ᠤ | ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ | ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠡᠷᠬᠡ ᠮᠡᠳᠡᠯ ᠤᠨ ᠳᠣᠲᠣᠷᠠᠬᠢ ᠴᠢᠬᠤᠯᠠ ᠭᠤᠤᠯ ᠮᠥᠷᠡᠨ ᠨᠠᠭᠤᠷ | ᠴᠥᠭᠦᠷᠥᠮ ᠪᠠ ᠴᠢᠬᠤᠯᠠ ᠤᠰᠤᠨ ᠤ ᠢᠨᠵᠧᠨᠧᠷᠢᠩ ᠤᠨ ᠦᠶᠡᠷ ᠤᠨ ᠭᠠᠮᠰᠢᠭ ᠢ ᠰᠡᠷᠭᠡᠶᠢᠯᠡᠵᠦ ᠭᠠᠩ | ᠬᠠᠭᠰᠠᠷᠠᠭᠠᠨ ᠢ ᠡᠰᠡᠷᠭᠦᠴᠡᠬᠦ ᠲᠣᠬᠢᠷᠠᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ ᠬᠡᠮᠵᠢᠶ᠎ᠡ ᠶᠢ | ᠲᠣᠬᠢᠷᠠᠭᠤᠯᠬᠤ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ︔ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ | ᠠᠷᠭᠠᠴᠠᠭᠠᠵᠤ ᠠᠶᠤᠯ ᠠᠴᠠ ᠠᠪᠤᠷᠠᠬᠤ ᠮᠡᠷᠭᠡᠵᠢᠯ ᠢᠶᠠᠷ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ | ︵4︶ ᠡᠯ᠎ᠡ ᠱᠠᠲᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ | ᠪᠠᠶᠢᠭᠤᠯᠤᠮᠵᠢ ᠨᠢ ᠠᠶᠢᠮᠠᠭ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ | ᠵᠢᠯᠣᠭᠤᠳᠬᠤ ᠭᠠᠵᠠᠷ ᠵᠢᠴᠢ ᠤᠰᠤᠨ ᠤ ᠶᠠᠪᠤᠳᠠᠯ ᠤᠨ ᠲᠣᠪᠴᠢᠶ᠎ᠠ ᠶᠢᠨ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ | ᠠᠶᠢᠮᠠᠭ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ | ᠵᠠᠷᠯᠢᠭ ᠢ ᠬᠡᠷᠡᠭᠵᠢᠭᠦᠯᠦᠨ᠎ᠡ᠃ | ︵5︶ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ | ᠬᠠᠷᠢᠭᠤᠴᠠᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠤᠨ ᠠᠶᠣᠯ ᠢ ᠰᠡᠷᠭᠡᠶᠢᠯᠡᠨ ᠵᠠᠰᠠᠬᠤ | ᠲᠥᠯᠥᠪᠵᠢᠭᠦᠯᠭᠡ ᠶᠢ ᠨᠠᠶᠢᠷᠠᠭᠤᠯᠬᠤ ᠶᠢᠨ ᠬᠠᠮᠲᠤ ᠬᠠᠮᠢᠶ᠎ᠠ ᠪᠥᠬᠦᠶ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ | ᠬᠡᠷᠡᠭᠵᠢᠬᠦᠯᠬᠦ ᠶᠢ ᠵᠢᠯᠣᠭᠤᠳᠤᠨᠡ︔ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠤᠨ | ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠢᠮᠳᠠᠭᠤᠯᠤᠨ ᠪᠠᠶᠢᠴᠠᠭᠠᠬᠤ ᠵᠡᠷᠭᠡ | ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠭᠠᠯ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ᠂ ᠭᠠᠯ ᠤᠨ | ᠢᠷᠡᠯᠲᠡ ᠶᠢᠨ ᠬᠠᠮᠢᠶᠠᠷᠤᠯᠲᠠ᠂ ᠭᠠᠯ ᠢ ᠰᠡᠷᠭᠡᠶᠢᠯᠡᠬᠦ ᠳᠦᠭᠦᠭᠡᠷᠦᠮᠵᠢ ᠶᠢ ᠪᠦᠲᠦᠭᠡᠨ ᠪᠠᠶᠢᠭᠤᠯᠬᠤ ᠵᠢᠴᠢ ᠣᠶ ᠰᠢᠭᠤᠶ | ᠨᠤᠲᠤᠭ ᠪᠡᠯᠴᠢᠭᠡᠷ ᠤᠨ ᠭᠠᠯ ᠤᠨ ᠠᠶᠤᠯ ᠤᠨ ᠡᠬᠢᠨ ᠤ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠵᠡᠷᠭᠡ ᠠᠵᠢᠯ ᠢ ᠦᠷᠨᠢᠬᠦᠯᠬᠦ ᠶᠢ ᠵᠢᠯᠣᠭᠤᠳᠤᠨᠡ᠃ | ︵6︶ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠤᠰᠤᠨ ᠤ ᠶᠠᠪᠤᠳᠠᠯ ᠤᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ | ᠮᠥᠴᠢᠷ ᠤᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢ ᠳᠡᠪᠰᠢᠭᠦᠯᠵᠦ᠂ ᠠᠶᠢᠮᠠᠭ ᠤᠨ | ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠶᠢᠨ ᠨᠡᠷ᠎ᠡ ᠪᠠᠷ ᠰᠡᠷᠭᠡᠶᠢᠯᠡᠨ ᠵᠠᠰᠠᠬᠤ ᠠᠵᠢᠯ ᠢ | ᠪᠠᠶᠢᠷᠢᠯᠠᠭᠤᠯᠵᠤ ᠪᠣᠯᠤᠨ᠎ᠠ᠃ | 2. ᠠᠮᠤ ᠪᠤᠳᠠᠭ᠎ᠠ ᠪᠠ ᠡᠳ᠋ ᠪᠣᠳᠠᠰ ᠢ ᠨᠥᠭᠡᠴᠡᠯᠡᠬᠦ ᠲᠣᠪᠴᠢᠶ᠎ᠠ ᠯᠤᠭ᠎ᠠ ᠶᠢᠨ ᠪᠦᠬᠦ ᠠᠶᠢᠮᠠᠭ ᠤᠨ ᠭᠠᠮᠰᠢᠭ ᠠᠴᠠ | ᠠᠪᠤᠷᠠᠬᠤ ᠡᠳ᠋ ᠪᠣᠳᠠᠰ ᠢ ᠨᠥᠭᠡᠴᠡᠯᠡᠬᠦ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ︵1︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠪᠥᠬᠦ ᠠᠶᠢᠮᠠᠭ ᠤᠨ | ᠭᠠᠮᠰᠢᠭ ᠠᠴᠠ ᠠᠪᠤᠷᠬᠠᠤ ᠡᠳ᠋ ᠪᠣᠳᠠᠰ ᠢ ᠨᠥᠭᠡᠴᠡᠯᠡᠬᠦ ᠬᠡᠷᠡᠭᠴᠡᠭᠡ ᠱᠠᠭᠠᠷᠳᠠᠯᠭ᠎ᠠ ᠪᠠ ᠬᠡᠷᠡᠭᠯᠡᠬᠦ ᠰᠢᠢᠳᠪᠦᠷᠢᠲᠦ | ᠪᠣᠳᠣᠯᠭ᠎ᠠ ᠶᠢ ᠳᠣᠷᠠᠳᠬᠤ ᠶᠢ ᠬᠠᠷᠢᠭᠤᠴᠠᠵᠦ᠂ ᠪᠥᠬᠦ ᠠᠶᠢᠮᠠᠭ ᠤᠨ ᠭᠠᠮᠰᠢᠭ ᠠᠴᠠ ᠠᠪᠤᠷᠬᠠᠤ ᠡᠳ᠋ ᠪᠣᠳᠠᠰ ᠢ | ᠨᠥᠭᠡᠴᠡᠯᠡᠬᠦ ᠲᠥᠯᠥᠪᠵᠢᠭᠦᠯᠭᠡ᠂ ᠲᠥᠷᠥᠯ ᠵᠦᠢᠯ ᠤᠨ ᠭᠠᠷᠴᠠᠭ ᠢ ᠨᠠᠶᠢᠷᠠᠭᠤᠯᠬᠤ ᠶᠢᠨ ᠬᠠᠮᠲᠤ ᠬᠠᠮᠢᠶ᠎ᠠ ᠪᠥᠬᠦᠶ | ᠪᠠᠷᠢᠮᠵᠢᠶ᠎ᠠ ᠶᠢ ᠬᠡᠷᠡᠭᠵᠢᠭᠦᠯᠵᠦ᠂ ᠠᠶᠢᠮᠠᠭ ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠵᠡᠷᠭᠡ | ᠰᠠᠯᠠᠭ᠎ᠠ ᠮᠥᠴᠢᠷ ᠲᠠᠢ ᠬᠠᠮᠲᠤᠷᠠᠨ ᠣᠨ ᠤ ᠬᠤᠳᠠᠯᠳᠤᠨ ᠠᠪᠬᠤ ᠲᠥᠯᠥᠪᠯᠡᠭᠡ ᠶᠢ ᠲᠣᠭᠲᠠᠭᠠᠵᠤ᠂ ᠬᠡᠷᠡᠭᠴᠡᠭᠡ ᠪᠠᠨ | ᠦᠨᠳᠦᠰᠦᠯᠡᠨ ᠬᠡᠷᠡᠭᠯᠡᠬᠦ ᠵᠠᠷᠯᠢᠭ ᠪᠠᠭᠤᠯᠭᠠᠨ᠎ᠠ᠃ | ︵2︶ ᠠᠮᠤ ᠪᠤᠳᠠᠭ᠎ᠠ ᠪᠠ ᠡᠳ᠋ ᠪᠣᠳᠠᠰ ᠢ ᠨᠥᠭᠡᠴᠡᠯᠡᠬᠦ ᠲᠣᠪᠴᠢᠶ᠎ᠠ ᠨᠢ ᠪᠦᠬᠦ ᠠᠶᠢᠮᠠᠭ ᠤᠨ ᠭᠠᠮᠰᠢᠭ ᠠᠴᠠ | ᠠᠪᠤᠷᠠᠬᠤ ᠡᠳ᠋ ᠪᠣᠳᠠᠰ ᠢ ᠨᠥᠭᠡᠴᠡᠯᠡᠬᠦ ᠲᠥᠯᠥᠪᠵᠢᠭᠦᠯᠭᠡ᠂ ᠲᠥᠷᠥᠯ ᠵᠦᠢᠯ ᠤᠨ ᠭᠠᠷᠴᠠᠭ ᠪᠠ ᠬᠤᠯᠪᠣᠭᠳᠠᠯ ᠪᠦᠬᠦᠢ | ᠪᠠᠷᠢᠮᠵᠢᠶ᠎ᠠ᠂ ᠣᠨ ᠤ ᠬᠤᠳᠠᠯᠳᠤᠨ ᠠᠪᠬᠤ ᠲᠥᠯᠥᠪᠯᠡᠭᠡ ᠶᠢ ᠦᠨᠳᠦᠰᠦᠯᠡᠨ᠂ ᠪᠦᠬᠦ ᠠᠶᠢᠮᠠᠭ ᠤᠨ ᠭᠠᠮᠰᠢᠭ ᠠᠴᠠ | ᠠᠪᠤᠷᠠᠬᠤ ᠡᠳ᠋ ᠪᠣᠳᠠᠰ ᠢ ᠬᠤᠷᠢᠶᠠᠨ ᠨᠥᠭᠡᠴᠡᠯᠡᠬᠦ᠂ ᠰᠣᠯᠢᠬᠤ ᠪᠠ ᠡᠳᠦᠷ ᠲᠤᠲᠤᠮ ᠤᠨ ᠬᠠᠮᠢᠶᠠᠷᠤᠯᠲᠠ ᠶᠢ | ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠡᠷᠡᠭᠯᠡᠬᠦ ᠵᠠᠷᠯᠢᠭ ᠢ | ᠦᠨᠳᠦᠰᠦᠯᠡᠨ ᠳᠡᠰ ᠳᠠᠷᠠᠭᠠᠯᠠᠯ ᠶᠣᠰᠣᠭᠠᠷ ᠰᠢᠯᠵᠢᠭᠦᠯᠦᠨ᠎ᠠ᠃ | ᠳᠥᠷᠪᠡᠳᠦᠭᠡᠷ ᠵᠦᠢᠯ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ | ᠳᠣᠤᠷᠠᠬᠢ ᠳᠣᠲᠣᠭᠠᠳᠤ ᠪᠠᠶᠢᠭᠤᠯᠤᠮᠵᠢ ᠶᠢ ᠪᠠᠶᠢᠭᠤᠯᠤᠨ᠎ᠠ᠄ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ | ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ | ᠪᠣᠯᠭᠠᠬᠤ᠂ ᠴᠢᠬᠤᠯᠠ ᠪᠢᠴᠢᠭ ᠮᠠᠲ᠋ᠧᠷᠢᠶᠠᠯ ᠲᠤᠭᠤᠷᠪᠢᠬᠤ᠂ ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ ᠪᠠ ᠡᠳ᠋ | ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠣᠳᠣᠯᠲᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ | ᠵᠢᠴᠢ ᠬᠠᠷᠢᠶ᠎ᠠ ᠨᠢᠭᠡᠴᠡ ᠶᠢᠨ ᠨᠠᠮ ᠪᠠ ᠣᠯᠠᠨ ᠲᠦᠮᠡᠨ ᠤ ᠰᠠᠬᠢᠯᠭ᠎ᠠ ᠪᠠᠲᠤ ᠶᠢ ᠪᠠᠶᠢᠴᠠᠭᠠᠬᠤ᠂ ᠺᠠᠳ᠋ᠷ ᠠᠵᠢᠯᠲᠠᠨ ᠤ | ᠶᠠᠪᠤᠳᠠᠯ᠂ ᠪᠠᠶᠢᠭᠤᠯᠤᠮᠵᠢ ᠣᠷᠣᠨ ᠲᠤᠭ᠎ᠠ᠂ ᠬᠥᠳᠡᠯᠮᠦᠷᠢ ᠴᠠᠯᠢᠩ᠂ ᠠᠵᠢᠯ ᠠᠴᠠ ᠪᠠᠨ ᠠᠮᠠᠷᠠᠭᠰᠠᠨ ᠺᠠᠳ᠋ᠷ ᠤᠨ | ᠠᠵᠢᠯ ᠢ ᠬᠠᠷᠢᠭᠤᠴᠠᠨ᠎ᠠ᠃ ᠨᠠᠮ ᠤᠨ ᠪᠠᠶᠢᠭᠤᠯᠤᠯᠲᠠ᠂ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ | ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠤᠯᠤᠰ ᠲᠥᠷᠥ ᠶᠢᠨ ᠬᠡᠯᠲᠡᠰ ᠤᠨ | ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ︵ᠬᠤᠶᠠᠷ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ᠃ ᠡᠷᠬᠡ ᠮᠡᠳᠡᠯ ᠤᠨ ᠳᠣᠲᠣᠷᠠᠬᠢ ᠡᠯ᠎ᠡ | ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠭᠤᠶᠣᠴᠢᠯᠠᠬᠤ ᠶᠢ ᠬᠦᠯᠢᠶᠡᠨ ᠠᠪᠴᠤ ᠰᠢᠢᠳᠪᠦᠷᠢᠯᠡᠬᠦ᠂ | ᠳᠠᠩᠰᠠᠯᠠᠬᠤ᠂ ᠬᠤᠪᠢᠶᠠᠨ ᠬᠦᠷᠭᠡᠬᠦ᠂ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠬᠢᠨᠠᠨ ᠲᠣᠭᠲᠠᠭᠠᠭᠰᠠᠨ | ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯ ᠢ ᠲᠣᠭᠲᠠᠭᠠᠯ ᠶᠣᠰᠣᠭᠠᠷ ᠠᠵᠢᠯ ᠤᠨ ᠳᠡᠰ ᠳᠠᠷᠠᠭᠠᠯᠠᠯ ᠵᠡᠷᠭᠡ | ᠲᠠᠯ᠎ᠠ ᠪᠠᠷ ᠳᠠᠬᠢᠨ ᠬᠢᠨᠠᠬᠤ ᠶᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ ᠪᠤᠶᠤ | ᠵᠥᠪᠰᠢᠶᠡᠷᠡᠯ ᠤᠨ ᠪᠢᠴᠢᠭ ᠬᠠᠷ᠎ᠠ ᠶᠢ ᠲᠣᠭᠲᠠᠭᠠᠯ ᠶᠣᠰᠣᠭᠠᠷ ᠵᠣᠬᠢᠶᠠᠨ ᠲᠠᠷᠬᠠᠭᠠᠵᠤ᠂ ᠵᠥᠪᠰᠢᠶᠡᠷᠡᠯ ᠤᠨ ᠦᠨᠡᠮᠯᠡᠯ | ᠪᠢᠴᠢᠭ ᠮᠠᠲ᠋ᠧᠷᠢᠶᠠᠯ ᠢ ᠬᠦᠷᠭᠡᠨ᠎ᠡ᠃ ᠵᠠᠰᠠᠭ ᠵᠠᠬᠢᠷᠭᠠᠨ ᠤ ᠵᠥᠪᠰᠢᠶᠡᠷᠡᠯ ᠣᠯᠤᠭᠰᠠᠨ ᠪᠠᠶᠢᠳᠠᠯ ᠢ ᠬᠠᠤᠯᠢ ᠶᠣᠰᠣᠭᠠᠷ | ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠨᠡᠶᠢᠲᠡᠯᠡᠬᠦ ᠶᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ | ᠠᠪᠬᠤ ᠭᠤᠶᠤᠴᠢᠯᠠᠯ ᠤᠨ ᠮᠠᠲ᠋ᠧᠷᠢᠶᠠᠯ᠂ ᠬᠢᠨᠠᠨ ᠪᠠᠶᠢᠴᠠᠭᠠᠭᠰᠠᠨ ᠪᠢᠴᠢᠭ ᠬᠠᠷ᠎ᠠ᠂ ᠬᠢᠨᠠᠨ ᠪᠠᠶᠢᠴᠠᠭᠠᠭᠰᠠᠨ ᠪᠢᠴᠢᠭ | ᠮᠠᠲ᠋ᠧᠷᠢᠶᠠᠯ ᠢ ᠡᠮᠬᠢᠯᠡᠵᠦ ᠳᠠᠩᠰᠠ ᠡᠪᠬᠡᠮᠡᠯ ᠳᠤ ᠣᠷᠣᠭᠤᠯᠬᠤ᠂ ᠬᠠᠳᠠᠭᠠᠯᠠᠬᠤ ᠪᠠ ᠮᠡᠳᠡᠭᠡ ᠵᠠᠩᠭᠢ ᠶᠢ ᠪᠦᠷᠢᠳᠬᠡᠨ | ᠮᠡᠳᠡᠭᠦᠯᠬᠦ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ ᠢ ᠬᠡᠷᠡᠭᠯᠡᠵᠦ ᠪᠠᠶᠢᠭ᠎ᠠ | ᠪᠠᠶᠢᠳᠠᠯ ᠢ ᠬᠢᠨᠠᠨ ᠪᠠᠶᠢᠴᠠᠭᠠᠨ᠎ᠠ᠃ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠰᠠᠭᠤᠭ᠎ᠠ | ᠠᠵᠢᠯ ᠤᠨ ᠳᠠᠪᠴᠠᠩ ᠢ ᠠᠵᠢᠯᠯᠠᠭᠤᠯᠬᠤ ᠪᠠ ᠬᠠᠮᠢᠶᠠᠷᠣᠨ᠎ᠠ᠃ | ︵ᠭᠤᠷᠪᠠ ︶ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠢ ᠬᠢᠨᠠᠠ ᠬᠠᠮᠢᠶᠠᠷᠬᠤ ᠰᠠᠯᠠᠭ᠎ᠠ᠃ | ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠪᠥᠬᠦ ᠠᠶᠢᠮᠠᠭ ᠤᠨ ᠬᠢᠮᠢ ᠶᠢᠨ ᠠᠵᠤ ᠦᠢᠯᠡᠳᠪᠦᠷᠢ ︵ᠴᠢᠯᠠᠭᠤᠨ | ᠲᠣᠰᠣᠨ ᠤ ᠬᠢᠮᠢ ᠶᠢᠨ ᠠᠵᠤ ᠦᠢᠯᠡᠳᠪᠦᠷᠢ ᠶᠢ ᠪᠠᠭᠲᠠᠭᠠᠨ᠎ᠠ︶᠂ ᠡᠮ ᠡᠮᠨᠡᠯᠭᠡ᠂ ᠠᠶᠤᠯᠲᠠᠶ ᠬᠢᠮᠢ ᠶᠢᠨ ᠪᠣᠳᠠᠰ ᠪᠠ | ᠬᠤᠸᠠᠷ ᠫᠤᠤᠵᠢᠩ ᠤᠨ ᠠᠶᠤᠯᠭᠦᠶ ᠦᠢᠯᠡᠳᠪᠦᠷᠢᠯᠡᠯ ᠢ ᠬᠢᠨᠠᠠ ᠬᠠᠮᠢᠶᠠᠷᠬᠤ ᠠᠵᠢᠯ ᠢ ᠬᠠᠷᠢᠭᠤᠴᠠᠵᠦ᠂ ᠬᠠᠮᠢᠶ᠎ᠠ | ᠪᠦᠬᠦᠢ ᠠᠵᠢᠯ ᠳᠦᠷᠦᠯ ᠤᠨ ᠦᠢᠯᠡᠳᠪᠦᠷᠢᠯᠡᠯ ᠡᠵᠡᠩᠨᠡᠯᠳᠡ ᠶᠢᠨ ᠨᠢᠭᠡᠴᠡ ᠶᠢᠨ ᠠᠶᠣᠯᠬᠦᠢ ᠦᠢᠯᠡᠳᠪᠦᠷᠢᠯᠡᠯ ᠤᠨ | ᠬᠠᠣᠯᠢ ᠳᠦᠷᠢᠮ ᠪᠠ ᠪᠠᠷᠢᠮᠵᠢᠶ᠎ᠠ ᠶᠢ ᠳᠣᠣᠱᠯᠠᠭᠤᠯᠣᠨ ᠨᠠᠶᠢᠳᠠᠪᠣᠷᠢᠵᠢᠭᠤᠯᠣᠭᠰᠠᠨ ᠪᠠᠶᠢᠳᠠᠯ ᠢ ᠬᠠᠤᠯᠢ ᠶᠣᠰᠣᠭᠠᠷ | ᠬᠢᠨᠠᠯᠲᠠ ᠲᠠᠯᠪᠢᠨ ᠪᠠᠶᠢᠴᠠᠭᠠᠵᠤ᠂ ᠪᠦᠬᠦ ᠠᠶᠢᠮᠠᠭ ᠤᠨ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠢ ᠬᠢᠨᠠᠠ | ᠬᠠᠮᠢᠶᠠᠷᠬᠤ ᠶᠡᠷᠦᠩᠬᠡᠶᠢᠯᠡᠭᠰᠡᠨ ᠠᠵᠢᠯ ᠪᠣᠯᠤᠨ ᠠᠶᠤᠯᠲᠠᠶ ᠬᠢᠮᠢ ᠶᠢᠨ ᠪᠣᠳᠠᠰ ᠢ ᠳᠠᠩᠰᠠᠯᠠᠬᠤ ᠠᠵᠢᠯ ᠢ ᠡᠭᠦᠷᠭᠡᠯᠡᠵᠦ᠂ | ᠠᠶᠤᠯᠲᠠᠶ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠠᠳᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ | ᠲᠤᠰᠬᠠᠶ ᠴᠡᠭᠴᠡᠯᠡᠨ ᠵᠠᠰᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠡᠮ ᠤᠨ ᠲᠥᠷᠥᠯ ᠤᠨ ᠪᠤᠰᠤ ᠠᠮᠠᠷᠬᠠᠨ | ᠬᠤᠤᠷᠠᠲᠤ ᠡᠳ᠋ ᠦᠢᠯᠡᠳᠬᠦ ᠬᠢᠮᠢ ᠶᠢᠨ ᠪᠣᠳᠠᠰ ᠤᠨ ᠦᠢᠯᠡᠳᠪᠦᠷᠢᠯᠡᠯ ᠡᠵᠡᠩᠨᠡᠯᠲᠡ ᠳᠤ ᠬᠢᠨᠠᠯᠲᠠ ᠲᠠᠯᠪᠢᠵᠤ | ᠬᠠᠮᠢᠶᠠᠷᠬᠤ ᠠᠵᠢᠯ ᠢ ᠲᠣᠭᠲᠠᠭᠠᠯ ᠶᠣᠰᠣᠭᠠᠷ ᠵᠢᠯᠣᠭᠤᠳᠤᠨ᠎ᠠ᠃ ᠲᠣᠭᠲᠠᠭᠠᠯ ᠶᠣᠰᠣᠭᠠᠷ ᠬᠠᠮᠢᠶ᠎ᠠ ᠪᠦᠬᠦᠢ ᠠᠳᠡᠯ ᠢ | ᠪᠠᠶᠢᠴᠠᠭᠠᠨ ᠰᠢᠢᠳᠪᠦᠷᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠨ᠎ᠠ᠃ | ︵ᠳᠥᠷᠪᠡ︶ ᠠᠶᠣᠯᠬᠦᠢ ᠦᠢᠯᠡᠳᠪᠦᠷᠢᠯᠡᠯ ᠤᠨ ᠦᠨᠳᠦᠰᠦᠨ ᠠᠵᠢᠯ ᠤᠨ ᠰᠠᠯᠠᠭ᠎ᠠ᠃ ᠲᠣᠭᠲᠠᠭᠠᠭᠰᠠᠨ ᠡᠷᠬᠡ | ᠮᠡᠳᠡᠯ ᠢᠶᠠᠷ ᠢᠶᠠᠨ ᠨᠡᠭᠦᠷᠡᠰᠦᠨ ᠤ ᠪᠤᠰᠤ ᠠᠭᠤᠷᠬᠠᠢ ︵ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠪᠠᠭᠲᠠᠨ᠎ᠠ︶᠂ | ᠴᠢᠯᠠᠭᠤᠨ ᠲᠣᠰᠣ ︵ᠪᠣᠯᠪᠠᠰᠤᠷᠠᠭᠤᠯᠬᠤ ᠪᠠ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠬᠤᠭᠤᠯᠠᠢ ᠡᠭᠦᠨ ᠳᠤ | ᠪᠠᠭᠲᠠᠬᠤ ᠦᠭᠡᠢ︶ ᠵᠡᠷᠭᠡ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠵᠢᠯ ᠢ | ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠬᠠᠮᠢᠶ᠎ᠠ ᠪᠦᠬᠦᠢ ᠠᠵᠢᠯ ᠲᠥᠷᠥᠯ ᠤᠨ | ᠠᠶᠤᠯᠭᠦᠢ ᠦᠢᠯᠡᠳᠪᠦᠷᠢᠯᠡᠯ ᠤᠨ ᠳᠦᠷᠢᠮ᠂ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ | ᠠᠵᠢᠯ ᠲᠥᠷᠥᠯ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠢ ᠪᠠᠷᠢᠮᠵᠢᠶᠠᠵᠢᠭᠤᠯᠬᠤ᠂ ᠳᠠᠯᠳᠠ ᠭᠡᠮ ᠢ | ᠵᠢᠭᠰᠠᠭᠠᠨ ᠪᠠᠶᠢᠴᠠᠭᠠᠬᠤ ᠪᠠ ᠲᠤᠰᠬᠠᠶ ᠴᠡᠭᠴᠡᠯᠡᠨ ᠵᠠᠰᠠᠬᠤ᠂ ᠠᠶᠤᠯᠭᠦᠢ ᠪᠠᠶᠢᠳᠠᠯ ᠢ ᠰᠡᠷᠭᠡᠶᠢᠯᠡᠨ ᠡᠵᠡᠮᠳᠡᠬᠦ | ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠬᠠᠮᠢᠶ᠎ᠠ ᠪᠦᠬᠦᠢ ᠠᠳᠡᠯ ᠢ | ᠪᠠᠶᠢᠴᠠᠭᠠᠨ ᠰᠢᠢᠳᠪᠦᠷᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠳᠤ ᠲᠣᠭᠲᠠᠭᠠᠯ | ᠶᠣᠰᠣᠭᠠᠷ ᠣᠷᠣᠯᠴᠠᠨ᠎ᠠ᠃ | ︵ᠲᠠᠪᠤ︶ ᠠᠶᠤᠯ ᠲᠦᠭᠰᠢᠭᠦᠷᠢ ᠶᠢ ᠬᠢᠨᠠᠨ ᠬᠡᠮᠵᠢᠬᠦ ᠪᠠ ᠠᠪᠤᠷᠠᠨ ᠲᠤᠰᠠᠯᠠᠬᠤ ᠶᠢ ᠵᠣᠬᠢᠴᠠᠭᠤᠯᠤᠨ ᠬᠠᠮᠢᠶᠠᠷᠬᠤ | ᠰᠠᠯᠠᠭ᠎ᠠ᠃ ᠬᠦᠨᠳᠦ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠪᠠ ᠦᠨᠡᠯᠡᠨ ᠵᠢᠱᠢᠵᠦ ᠨᠤᠲᠠᠯᠠᠬᠤ ᠲᠣᠭᠲᠠᠴᠠ ᠶᠢ ᠪᠠᠶᠢᠭᠤᠯᠵᠤ᠂ ᠪᠠᠶᠢᠭᠠᠯᠢ ᠶᠢᠨ | ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠭᠦᠷᠭᠡᠯᠡᠵᠦ᠂ ᠪᠥᠬᠦ | ᠠᠶᠢᠮᠠᠭ ᠤᠨ ᠬᠦᠨᠳᠦ ᠶᠡᠭᠡ ᠭᠠᠮᠰᠢᠭ ᠢ ᠠᠷᠭᠠᠴᠠᠭᠠᠬᠤ ᠶᠡᠷᠦᠩᠬᠡᠶᠢᠯᠡᠭᠰᠡᠨ ᠴᠢᠳᠠᠪᠤᠷᠢ ᠶᠢ ᠪᠠᠶᠢᠴᠠᠭᠠᠨ ᠦᠨᠡᠯᠡᠬᠦ ᠶᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠦᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠠᠯᠠᠱᠠ ᠠᠶᠢᠮᠠᠭ ᠤᠨ ᠪᠠᠴᠢᠮ | ᠪᠠᠶᠢᠳᠠᠯ ᠢ ᠠᠷᠭᠠᠴᠠᠭᠠᠬᠤ ᠶᠡᠷᠦᠩᠬᠡᠶ ᠪᠡᠯᠡᠳᠬᠡᠯ ᠲᠥᠰᠦᠯ ᠪᠠ ᠠᠶᠤᠯᠭᠦᠶ ᠦᠢᠯᠡᠳᠪᠦᠷᠢᠯᠡᠯ ᠤᠨ ᠲᠥᠷᠥᠯ᠂ | ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠪᠡᠯᠡᠳᠬᠡᠯ ᠲᠥᠰᠦᠯ ᠢ ᠵᠣᠯᠭᠠᠭᠤᠯᠤᠨ ᠵᠣᠬᠢᠴᠠᠭᠤᠯᠬᠤ ᠶᠢ | ᠬᠠᠷᠢᠭᠤᠴᠠᠬᠤ ᠶᠢᠨ ᠬᠠᠮᠲᠤ ᠡᠯ᠎ᠡ ᠲᠥᠷᠥᠯ ᠤᠨ ᠪᠡᠯᠡᠳᠬᠡᠯ ᠲᠥᠰᠦᠯ ᠢ ᠵᠣᠯᠭᠠᠭᠤᠯᠤᠨ ᠵᠣᠬᠢᠴᠠᠭᠤᠯᠬᠤ ᠶᠢ | ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠪᠠ ᠵᠢᠯᠣᠭᠤᠳᠤᠨ ᠬᠢᠨᠠᠯᠲᠠ ᠲᠠᠯᠪᠢᠬᠤ ᠠᠵᠢᠯ ᠢ ᠡᠭᠦᠷᠭᠡᠯᠡᠵᠦ᠂ ᠠᠶᠢᠮᠠᠭ ᠤᠨ ᠬᠦᠨᠳᠦ ᠶᠡᠭᠡ ᠭᠠᠮᠰᠢᠭ ᠢ | ᠠᠷᠭᠠᠴᠠᠭᠠᠬᠤ ᠵᠢᠯᠣᠭᠤᠳᠬᠤ ᠭᠠᠵᠠᠷ ᠤᠨ ᠲᠤᠬᠠᠶ ᠶᠢᠨ ᠲᠠᠯᠠᠪᠤᠷ ᠤᠨ ᠵᠣᠬᠢᠴᠠᠭᠤᠯᠤᠨ ᠪᠠᠲᠤᠯᠠᠬᠤ ᠠᠵᠢᠯ ᠢ | ᠡᠭᠦᠷᠭᠡᠯᠡᠵᠦ᠂ ᠡᠯ᠎ᠡ ᠬᠤᠰᠢᠭᠤ ᠣᠷᠣᠨ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠬᠦᠴᠦᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠴᠤ᠂ ᠪᠥᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠨ ᠲᠤᠰᠠᠯᠠᠬᠤ ᠡᠩᠨᠡᠭᠡ ᠶᠢᠨ ᠬᠥᠮᠦᠵᠢᠯ ᠪᠣᠯᠪᠠᠰᠤᠷᠠᠯ ᠤᠨ ᠠᠵᠢᠯ ᠢ ᠵᠢᠯᠣᠭᠤᠳᠤᠨ᠎ᠠ᠃ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ᠂ ᠵᠠᠰᠠᠭ ᠤᠨ | ᠶᠠᠪᠤᠳᠠᠯ ᠤᠨ ᠵᠢᠵᠢᠭᠦᠷ ᠵᠡᠷᠭᠡ ᠠᠵᠢᠯ ᠢ ᠡᠭᠦᠷᠭᠡᠯᠡᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠳᠡᠯ ᠪᠣᠯᠤᠨ | ᠪᠠᠶᠢᠭᠠᠯᠢ ᠶᠢᠨ ᠭᠠᠮᠰᠢᠭ ᠢ ᠱᠠᠲᠤ ᠬᠤᠪᠢᠶᠠᠨ ᠠᠷᠭᠠᠴᠠᠭᠠᠬᠤ ᠲᠦᠷᠢᠮ ᠢ ᠨᠠᠶᠢᠳᠠᠪᠤᠷᠢᠵᠢᠭᠤᠯᠤᠨ᠂ ᠤᠷᠢᠳᠴᠢᠯᠠᠨ | ᠰᠡᠷᠡᠮᠵᠢᠯᠡᠭᠦᠯᠬᠦ ᠪᠠ ᠭᠠᠮᠰᠢᠭ ᠤᠨ ᠮᠡᠳᠡᠭᠡ ᠵᠠᠩᠭᠢ ᠶᠢ ᠬᠠᠤᠯᠢ ᠶᠣᠰᠣᠭᠠᠷ ᠨᠡᠶᠢᠲᠡᠯᠡᠵᠦ᠂ ᠪᠥᠬᠦ ᠠᠶᠢᠮᠠᠭ ᠤᠨ | ᠬᠡᠪᠴᠢᠶᠡᠨ ᠳᠠᠬᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠢ ᠵᠣᠬᠢᠴᠠᠭᠤᠯᠬᠤ ᠶᠢᠨ ᠬᠠᠮᠲᠤ | ᠬᠡᠷᠡᠭᠴᠡᠭᠡ ᠪᠠᠨ ᠦᠨᠳᠦᠰᠦᠯᠡᠨ ᠳᠡᠭᠡᠳᠦ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠲᠤᠰᠠᠯᠠᠮᠵᠢ ᠭᠤᠶᠤᠵᠤ᠂ ᠭᠠᠯ ᠤᠨᠲᠠᠷᠠᠭᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ | ᠰᠡᠷᠭᠡᠶᠢᠯᠡᠬᠦ ᠡᠩᠨᠡᠭᠡ᠂ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢ ᠵᠣᠯᠭᠠᠯᠳᠤᠭᠤᠯᠤᠨ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ᠃ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠡ ᠶᠢᠨ ︽ᠭᠤᠷᠪᠠᠨ ᠠᠵᠢᠯ ᠤᠨ ᠪᠠᠶᠢᠷᠢ︾ ᠶᠢᠨ ᠬᠥᠮᠦᠰ ᠪᠠ ᠠᠵᠢᠯᠯᠠᠵᠤ ᠪᠠᠶᠢᠭ᠎ᠠ ᠬᠥᠮᠦᠰ ᠤᠨ ᠠᠮᠤᠷ | ᠲᠦᠪᠰᠢᠨ ᠤ ᠪᠣᠯᠪᠠᠰᠤᠷᠠᠯ ᠬᠥᠮᠦᠵᠢᠯ ᠵᠢᠴᠢ ᠤᠬᠠᠭᠤᠯᠭ᠎ᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ | ︵ᠵᠢᠷᠭᠤᠭ᠎ᠠ︶ ᠶᠡᠷᠦᠩᠬᠡᠶᠢᠯᠡᠨ ᠵᠣᠬᠢᠴᠠᠭᠤᠯᠬᠤ ᠪᠠ ᠠᠳᠡᠯ ᠢ ᠪᠠᠶᠢᠴᠠᠭᠠᠨ ᠪᠦᠷᠢᠳᠬᠡᠬᠦ ᠰᠠᠯᠠᠭ᠎ᠠ᠃ ᠠᠶᠤᠯᠭᠦᠢ | ᠦᠢᠯᠡᠳᠪᠦᠷᠢᠯᠡᠯ ᠢ ᠲᠤᠰᠬᠠᠶ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠲᠥᠷᠥᠯ ᠪᠣᠯᠤᠨ ᠬᠦᠷᠢᠶᠡᠨ ᠤ | ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠤᠯᠢ ᠲᠣᠭᠲᠠᠭᠠᠯ ᠶᠣᠰᠣᠭᠠᠷ | ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠪᠦᠬᠦ ᠠᠶᠢᠮᠠᠭ ᠤᠨ ᠴᠢᠨᠠᠷᠲᠠᠶ ᠠᠶᠤᠯᠭᠦᠶ | ᠦᠢᠯᠡᠳᠪᠦᠷᠢᠯᠡᠯ ᠢ ᠪᠠᠶᠢᠴᠠᠭᠠᠬᠤ᠂ ᠲᠤᠰᠬᠠᠶ ᠰᠢᠮᠳᠠᠭᠤᠯᠤᠨ ᠪᠠᠶᠢᠴᠠᠭᠠᠬᠤ᠂ ᠲᠤᠰᠬᠠᠶ ᠴᠡᠭᠴᠡᠯᠡᠨ ᠵᠠᠰᠠᠬᠤ᠂ | ᠲᠣᠭᠤᠷᠢᠨ ᠪᠠᠶᠢᠴᠠᠭᠠᠬᠤ᠂ ᠰᠢᠯᠭᠠᠨ ᠬᠢᠨᠠᠬᠤ ᠵᠡᠷᠭᠡ ᠠᠵᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ | ᠵᠣᠬᠢᠴᠠᠭᠤᠯᠤᠨ ᠬᠡᠷᠡᠭᠵᠢᠭᠦᠯᠦᠨ᠎ᠡ᠃ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ | ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠪᠦᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠰᠢᠰᠲ᠋ᠧᠮ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠪᠣᠯᠤᠨ ᠺᠠᠳ᠋ᠷ ᠤᠨ ᠬᠥᠮᠦᠵᠢᠯ | ᠪᠣᠯᠪᠠᠰᠤᠷᠠᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠰᠣᠨᠢᠨ ᠮᠡᠳᠡᠭᠡᠨ ᠤ ᠤᠬᠠᠭᠤᠯᠭ᠎ᠠ᠂ ᠶᠠᠷᠢᠶ᠎ᠠ ᠬᠡᠯᠡᠯᠴᠡᠭᠡᠨ ᠤ | ᠪᠠᠶᠢᠳᠠᠯ ᠢ ᠠᠷᠭᠠᠴᠠᠭᠠᠬᠤ᠂ ᠰᠣᠶᠣᠯ ᠤᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠵᠦ᠂ ᠤᠯᠠᠨ ᠨᠡᠶᠢᠲᠡ ᠳᠤ | ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠥᠷᠨᠢᠭᠦᠯᠦᠨ᠎ᠡ᠃ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ | ᠪᠠᠶᠢᠴᠠᠭᠠᠨ ᠰᠢᠢᠳᠪᠦᠷᠢᠯᠡᠬᠦ ᠠᠵᠢᠯ ᠢ ᠬᠠᠤᠯᠢ ᠶᠣᠰᠣᠭᠠᠷ ᠡᠭᠦᠷᠭᠡᠯᠡᠵᠦ᠂ ᠠᠳᠡᠯ ᠢ ᠪᠠᠶᠢᠴᠠᠭᠠᠨ ᠰᠢᠢᠳᠪᠦᠷᠢᠯᠡᠭᠰᠡᠨ ᠪᠠ | ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ᠂ ᠪᠦᠬᠦ ᠠᠶᠢᠮᠠᠭ ᠤᠨ ᠪᠠᠶᠢᠭᠠᠯᠢ ᠶᠢᠨ ᠭᠠᠮᠰᠢᠭ ᠤᠨ | ᠲᠥᠷᠥᠯ ᠤᠨ ᠭᠡᠨᠡᠳᠲᠡ ᠶᠢᠨ ᠬᠡᠷᠡᠭ ᠢ ᠪᠠᠶᠢᠴᠠᠭᠠᠨ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ | ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠪᠦᠷᠢᠳᠬᠡᠨ ᠵᠠᠳᠠᠯᠬᠤ ᠠᠵᠢᠯ ᠢ ᠬᠠᠷᠢᠭᠤᠴᠠᠨ᠎ᠠ᠃ | ᠪᠥᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠬᠤᠯᠠ ᠶᠡᠭᠡ ᠲᠥᠷᠥ ᠶᠢᠨ | ᠪᠣᠳᠣᠯᠭ᠎ᠠ ᠶᠢ ᠰᠤᠳᠤᠯᠬᠤ ᠪᠠ ᠬᠠᠮᠢᠶ᠎ᠠ ᠪᠥᠬᠦᠶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠬᠤ | ᠠᠵᠢᠯ ᠢ ᠡᠭᠦᠷᠭᠡᠯᠡᠵᠦ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ | ᠪᠠᠶᠢᠴᠠᠭᠠᠬᠤ ᠪᠠ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ | ᠡᠭᠦᠷᠭᠡᠯᠡᠨ᠎ᠡ᠃ ᠪᠥᠬᠦ ᠠᠶᠢᠮᠠᠭ ᠤᠨ ᠠᠶᠤᠯᠭᠦᠶ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠶᠡᠷᠦᠩᠬᠡᠶᠢᠯᠡᠭᠰᠡᠨ | ᠴᠢᠨᠠᠷᠲᠠᠶ ᠠᠵᠢᠯ ᠢ ᠬᠠᠷᠢᠭᠤᠴᠠᠵᠤ᠂ ᠠᠶᠤᠯᠭᠦᠶ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠲᠥᠯᠥᠪᠯᠡᠭᠡ ᠶᠢ | ᠨᠠᠶᠢᠷᠠᠭᠤᠯᠬᠤ᠂ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠪᠠ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ | ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠥᠬᠦ ᠠᠶᠢᠮᠠᠭ ᠤᠨ ᠪᠠᠴᠢᠮ ᠪᠠᠶᠢᠳᠠᠯ ᠢ | ᠠᠷᠭᠠᠴᠠᠭᠠᠬᠤ ᠰᠢᠰᠲ᠋ᠧᠮ ᠤᠨ ᠪᠠᠶᠢᠭᠤᠯᠤᠯᠲᠠ᠂ ᠠᠶᠣᠯᠬᠦᠢ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠨᠠᠶᠢᠷᠠᠭᠤᠯᠬᠤ ᠶᠢᠨ ᠬᠠᠮᠲᠤ ᠬᠡᠷᠡᠭᠵᠢᠭᠦᠯᠵᠦ᠂ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠪᠠᠴᠢᠮ ᠪᠠᠶᠢᠳᠠᠯ ᠢ ᠠᠷᠭᠠᠴᠠᠭᠠᠬᠤ | ᠭᠤᠤᠯᠳᠠᠯᠭ᠎ᠠ ᠲᠠᠢ ᠢᠨᠵᠧᠨᠧᠷᠢᠩ ᠪᠠ ᠠᠶᠤᠯ ᠠᠴᠠ ᠵᠠᠶᠢᠯᠠᠬᠤ ᠳᠦᠭᠦᠭᠡᠷᠦᠮᠵᠢ ᠶᠢ ᠪᠥᠲᠥᠭᠡᠨ ᠪᠠᠶᠢᠭᠤᠯᠬᠤ ᠠᠵᠢᠯ ᠢ | ᠠᠬᠢᠭᠤᠯᠤᠨ᠎ᠠ᠃ ᠪᠦᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠭᠦᠢ | ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ | ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠪᠦᠬᠦ ᠠᠶᠢᠮᠠᠭ ᠤᠨ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ | ᠡᠬᠢ ᠪᠠᠶᠠᠯᠢᠭ ᠢ ᠣᠯᠬᠤ ᠪᠠ ᠬᠠᠮᠳᠣ ᠪᠠᠷ ᠬᠤᠪᠢᠶᠠᠯᠴᠠᠬᠤ ᠲᠣᠭᠲᠠᠴᠠ ᠶᠢ ᠪᠦᠷᠢᠨᠰᠢᠭᠦᠯᠵᠦ᠂ ᠬᠤᠯᠪᠣᠭᠳᠠᠯ ᠪᠦᠬᠦᠢ | ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠵᠢᠭᠦᠯᠭᠡ᠂ ᠲᠥᠯᠥᠪᠯᠡᠭᠡ ᠶᠢ ᠲᠣᠭᠲᠠᠭᠠᠬᠤ ᠶᠢᠨ ᠬᠠᠮᠲᠤ | ᠬᠡᠷᠡᠭᠵᠢᠭᠦᠯᠦᠨ᠎ᠡ᠃ | ︵ᠳᠤᠯᠤᠭ᠎ᠠ︶ ᠭᠠᠯ ᠤᠨ ᠭᠠᠮᠰᠢᠭ ᠢ ᠰᠡᠷᠭᠡᠶᠢᠯᠡᠨ ᠵᠠᠰᠠᠬᠤ ᠪᠠ ᠠᠪᠤᠷᠠᠨ ᠲᠤᠰᠠᠯᠠᠬᠤ ᠬᠠᠮᠢᠶᠠᠷᠤᠯᠲᠠ ᠶᠢᠨ | ᠰᠠᠯᠠᠭ᠎ᠠ᠃ ᠤᠯᠤᠰ ᠤᠨ ᠭᠠᠯ ᠤᠨᠲᠠᠷᠠᠭᠠᠬᠤ ᠬᠠᠤᠯᠢ ᠲᠣᠭᠲᠠᠭᠠᠯ ᠪᠣᠯᠤᠨ ᠮᠡᠷᠭᠡᠵᠢᠯ ᠤᠨ ᠪᠠᠷᠢᠮᠵᠢᠶ᠎ᠠ ᠶᠢ | ᠲᠤᠤᠱᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠶ ᠭᠠᠯ | ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢ ᠬᠢᠨᠠᠯᠲᠠ ᠲᠠᠯᠪᠢᠨ ᠬᠡᠷᠡᠭᠵᠢᠭᠦᠯᠵᠦ᠂ ᠪᠦᠬᠦ ᠠᠶᠢᠮᠠᠭ ᠤᠨ ᠬᠤᠲᠠ | ᠪᠠᠯᠭᠠᠰᠤ᠂ ᠬᠥᠳᠡᠭᠡ ᠲᠣᠰᠬᠤᠨ᠂ ᠣᠶ ᠰᠢᠭᠤᠶ᠂ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠵᠢᠯ ᠤᠨ | ᠲᠥᠯᠥᠪᠵᠢᠭᠦᠯᠭᠡ ᠶᠢ ᠨᠠᠶᠢᠷᠠᠭᠤᠯᠬᠤ ᠶᠢᠨ ᠬᠠᠮᠲᠤ ᠠᠬᠢᠭᠤᠯᠤᠨ ᠨᠠᠶᠢᠳᠠᠪᠤᠷᠢᠵᠢᠭᠤᠯᠬᠤ ᠶᠢ ᠵᠢᠯᠣᠭᠤᠳᠴᠤ᠂ ᠪᠦᠬᠦ | ᠠᠶᠢᠮᠠᠭ ᠤᠨ ᠭᠠᠯ ᠤᠨᠲᠠᠷᠠᠭᠠᠬᠤ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ ᠤᠨᠲᠠᠷᠠᠭᠠᠵᠤ | ᠠᠶᠤᠯ ᠠᠴᠠ ᠠᠪᠤᠷᠠᠬᠤ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ ᠭᠠᠯ ᠤᠨᠲᠠᠷᠠᠭᠠᠬᠤ ᠳᠤ ᠬᠢᠨᠠᠯᠲᠠ ᠲᠠᠯᠪᠢᠵᠤ | ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠤᠨ ᠠᠶᠤᠯ ᠤᠨ ᠳᠠᠯᠳᠠ ᠭᠡᠮ ᠢ ᠲᠣᠭᠲᠠᠭᠠᠯ ᠶᠣᠰᠣᠭᠠᠷ | ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠬᠠᠤᠯᠢ ᠠᠴᠠ ᠵᠥᠷᠢᠴᠡᠭᠰᠡᠨ ᠭᠠᠯ ᠤᠨᠲᠠᠷᠠᠭᠠᠬᠤ | ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ | ᠭᠠᠯ ᠤᠨ ᠠᠶᠤᠯ ᠤᠨ ᠪᠠᠶᠢᠴᠠᠭᠠᠯᠲᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠪᠤᠶᠤ ᠣᠷᠣᠯᠴᠠᠵᠤ᠂ ᠭᠠᠯ | ᠤᠨᠲᠠᠷᠠᠭᠠᠬᠤ ᠦᠢᠯᠡᠳᠬᠦᠨ ᠤ ᠶᠠᠰᠤ ᠴᠢᠨᠠᠷ ᠪᠣᠯᠤᠨ ᠵᠠᠰᠠᠵᠤ ᠴᠢᠮᠡᠭᠯᠡᠬᠦ ᠮᠠᠲ᠋ᠧᠷᠢᠶᠠᠯ ᠳᠤ ᠬᠠᠤᠯᠢ ᠶᠣᠰᠣᠭᠠᠷ ᠬᠢᠨᠠᠯᠲᠠ | ᠲᠠᠯᠪᠢᠵᠤ᠂ ᠭᠠᠯ ᠤᠨᠲᠠᠷᠠᠭᠠᠬᠤ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠬᠠᠤᠯᠢ ᠶᠣᠰᠣᠭᠠᠷ ᠬᠢᠨᠠᠯᠲᠠ | ᠲᠠᠯᠪᠢᠵᠤ ᠬᠠᠮᠢᠶᠠᠷᠣᠨ᠎ᠠ᠃ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ | ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ︵ᠨᠠᠢᠮᠠ︶ ᠭᠠᠵᠠᠷ ᠬᠥᠳᠡᠯᠦᠯᠲᠡ ᠭᠠᠵᠠᠷ ᠰᠢᠨᠵᠢᠯᠡᠭᠡᠨ ᠤ ᠭᠠᠮᠰᠢᠭ ᠠᠴᠠ ᠠᠪᠤᠷᠠᠨ ᠲᠤᠰᠠᠯᠠᠬᠤ ᠰᠠᠯᠠᠭ᠎ᠠ᠃ | ᠪᠦᠬᠦ ᠠᠶᠢᠮᠠᠭ ᠤᠨ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ | ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ | ᠠᠵᠢᠯ ᠢ ᠵᠢᠯᠣᠭᠤᠳᠤᠨ ᠵᠣᠬᠢᠴᠠᠭᠤᠯᠵᠤ᠂ ᠬᠦᠨᠳᠦ ᠶᠡᠭᠡ ᠭᠠᠵᠠᠷ ᠰᠢᠨᠵᠢᠯᠡᠭᠡᠨ ᠤ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠪᠠ ᠭᠠᠵᠠᠷ ᠬᠥᠳᠡᠯᠦᠯᠲᠡ ᠶᠢᠨ ᠭᠠᠮᠰᠢᠭ ᠢ ᠪᠠᠶᠢᠴᠠᠭᠠᠬᠤ ᠬᠢᠭᠡᠳ ᠬᠤᠬᠢᠷᠠᠯ ᠢ | ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ᠎ᠠ᠃ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ | ᠪᠠᠭᠠᠰᠬᠠᠬᠤ ᠲᠥᠯᠥᠪᠵᠢᠭᠦᠯᠭᠡ ᠶᠢ ᠨᠠᠶᠢᠷᠠᠭᠤᠯᠵᠤ᠂ ᠵᠠᠰᠠᠭ ᠵᠠᠬᠢᠷᠭᠠᠨ ᠤ ᠬᠠᠷᠢᠶᠠᠯᠠᠯ ᠤᠨ ᠬᠡᠪᠴᠢᠶᠡᠨ ᠳᠣᠲᠣᠷᠠᠬᠢ | ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ | ᠪᠠᠷᠢᠯᠭ᠎ᠠ ᠶᠢᠨ ᠳᠣᠷᠭᠢᠯᠲᠠ ᠶᠢ ᠳᠠᠭᠠᠭᠠᠬᠤ ᠰᠡᠷᠭᠡᠶᠢᠯᠡᠯᠲᠡ ᠶᠢ ᠪᠠᠶᠢᠷᠢᠯᠠᠭᠤᠯᠬᠤ ᠱᠠᠭᠠᠷᠳᠠᠯᠭ᠎ᠠ ᠶᠢ ᠲᠣᠭᠲᠠᠭᠠᠯ | ᠶᠣᠰᠣᠭᠠᠷ ᠬᠢᠨᠠᠨ ᠬᠠᠷᠭᠤᠭᠤᠯᠵᠤ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠪᠣᠯᠤᠨ ᠬᠦᠨᠳᠦ | ᠨᠣᠴᠢᠲᠠᠶ ᠭᠠᠮᠰᠢᠭ ᠡᠭᠦᠰᠴᠦ ᠮᠡᠳᠡᠬᠦ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠬᠥᠳᠡᠯᠦᠯᠲᠡ ᠶᠢᠨ | ᠠᠶᠣᠯᠬᠦᠢ ᠶᠢᠨ ᠴᠢᠨᠠᠷ ᠤᠨ ᠦᠨᠡᠯᠡᠯᠲᠡ ᠬᠢᠬᠦ ᠠᠵᠢᠯ ᠢ ᠲᠣᠭᠲᠠᠭᠠᠯ ᠶᠣᠰᠣᠭᠠᠷ ᠬᠠᠮᠢᠶᠠᠷᠤᠨ᠎ᠠ᠃ ᠭᠠᠵᠠᠷ | ᠬᠥᠳᠡᠯᠦᠯᠲᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠭᠠᠵᠠᠷ | ᠬᠥᠳᠡᠯᠦᠯᠲᠡ ᠶᠢ ᠬᠢᠨᠠᠨ ᠬᠡᠮᠵᠢᠬᠦ ᠣᠷᠴᠢᠨ ᠲᠣᠭᠤᠷᠢᠨ ᠪᠣᠯᠤᠨ ᠳᠦᠭᠦᠭᠡᠷᠦᠮᠵᠢ ᠶᠢ ᠬᠠᠤᠯᠢ ᠶᠣᠰᠣᠭᠠᠷ ᠬᠠᠮᠠᠭᠠᠯᠠᠨ᠎ᠠ᠃ | ᠠᠶᠢᠮᠠᠭ ᠤᠨ ᠵᠠᠬᠢᠷᠭ᠎ᠠ ᠶᠢᠨ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠤᠨ | ᠵᠢᠯᠣᠭᠤᠳᠬᠤ ᠭᠠᠵᠠᠷ ᠤᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠶᠢᠰᠦ︶ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠ ᠲᠡᠮᠦᠷᠯᠢᠭ ᠪᠣᠯᠪᠠᠰᠣᠷᠠᠭᠤᠯᠬᠤ | ᠠᠷᠠᠯᠵᠢᠶ᠎ᠠ ᠬᠤᠳᠠᠯᠳᠣᠭᠠᠨ ᠤ ᠠᠶᠣᠯᠬᠦᠢ ᠦᠢᠯᠡᠳᠪᠦᠷᠢᠯᠡᠯ ᠤᠨ ᠰᠠᠯᠠᠭ᠎ᠠ᠃ ᠪᠥᠬᠦ ᠠᠶᠢᠮᠠᠭ ᠤᠨ ᠦᠶᠡᠷ ᠭᠠᠩ | ᠬᠠᠭᠰᠠᠷᠠᠭᠠᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ | ᠵᠣᠬᠢᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠴᠢᠬᠤᠯᠠ ᠭᠤᠤᠯ | ᠮᠥᠷᠡᠨ ᠨᠠᠭᠤᠷ ᠴᠥᠭᠦᠷᠥᠮ ᠪᠠ ᠴᠢᠬᠤᠯᠠ ᠤᠰᠤᠨ ᠤ ᠢᠨᠵᠧᠨᠧᠷᠢᠩ ᠤᠨ ᠦᠶᠡᠷ ᠢ ᠰᠡᠷᠭᠡᠶᠢᠯᠡᠨ ᠭᠠᠩ | ᠬᠠᠭᠰᠠᠷᠠᠭᠠᠨ ᠲᠠᠢ ᠲᠡᠮᠡᠴᠡᠬᠦ ᠲᠣᠬᠢᠷᠠᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ ᠬᠡᠮᠵᠢᠶ᠎ᠡ ᠶᠢ | ᠲᠣᠬᠢᠷᠠᠭᠤᠯᠬᠤ ᠬᠤᠯᠪᠣᠭᠳᠠᠯ ᠪᠥᠬᠦᠶ ᠠᠵᠢᠯ ᠢ ᠵᠣᠬᠢᠴᠠᠭᠤᠯᠤᠨ ᠵᠢᠯᠣᠭᠤᠳᠴᠤ᠂ ᠠᠶᠢᠮᠠᠭ ᠤᠨ ᠦᠶᠡᠷ ᠢ ᠰᠡᠷᠭᠡᠶᠢᠯᠡᠨ | ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ᠲᠡᠮᠦᠷᠯᠢᠭ ᠪᠣᠯᠪᠠᠰᠤᠷᠠᠭᠤᠯᠬᠤ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ ᠮᠧᠬᠠᠨᠢᠭ᠂ ᠬᠥᠩᠭᠡᠨ | ᠠᠵᠤ ᠦᠢᠯᠡᠳᠪᠦᠷᠢ᠂ ᠨᠡᠬᠡᠮᠡᠯ᠂ ᠲᠠᠮᠠᠬᠢ᠂ ᠠᠷᠠᠯᠵᠢᠶ᠎ᠠ ᠬᠤᠳᠠᠯᠳᠤᠭ᠎ᠠ ᠵᠡᠷᠭᠡ ᠠᠵᠤ ᠦᠢᠯᠡᠳᠪᠦᠷᠢ ᠠᠷᠠᠯᠵᠢᠶᠠᠨ ᠤ | ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠵᠢᠯ ᠢ ᠡᠭᠦᠷᠭᠡᠯᠡᠵᠦ᠂ ᠣᠷᠣᠨ ᠨᠤᠲᠤᠭ ᠤᠨ | ᠬᠠᠮᠢᠶ᠎ᠠ ᠪᠦᠬᠦᠢ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠳᠦᠷᠢᠮ᠂ ᠪᠠᠷᠢᠮᠵᠢᠶ᠎ᠠ ᠶᠢ ᠲᠤᠤᠱᠯᠠᠭᠤᠯᠤᠨ | ᠬᠡᠷᠡᠭᠵᠢᠭᠦᠯᠵᠦ᠂ ᠬᠠᠮᠢᠶ᠎ᠠ ᠪᠦᠬᠦᠢ ᠠᠵᠢᠯ ᠲᠥᠷᠥᠯ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠢ | ᠪᠠᠷᠢᠮᠵᠢᠶᠠᠵᠢᠭᠤᠯᠬᠤ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠲᠤᠰᠬᠠᠶ ᠵᠦᠢᠯ ᠢᠶᠠᠷ ᠴᠡᠭᠴᠡᠯᠡᠨ ᠵᠠᠰᠠᠬᠤ᠂ | ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠠᠶᠢᠭᠤᠯᠬᠤ ᠵᠡᠷᠭᠡ ᠠᠵᠢᠯ ᠢ ᠵᠢᠯᠣᠭᠤᠳᠤᠨ ᠬᠢᠨᠠᠯᠲᠠ | ᠲᠠᠯᠪᠢᠵᠤ᠂ ᠬᠠᠮᠢᠶ᠎ᠠ ᠪᠦᠬᠦᠢ ᠠᠳᠡᠯ ᠢ ᠪᠠᠶᠢᠴᠠᠭᠠᠨ ᠰᠢᠢᠳᠪᠦᠷᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠠᠵᠢᠯ ᠳᠤ ᠲᠣᠭᠲᠠᠭᠠᠯ ᠶᠣᠰᠣᠭᠠᠷ ᠣᠷᠣᠯᠴᠠᠨ᠎ᠠ᠃ | ︵ᠠᠷᠪᠠ︶ ᠭᠠᠮᠰᠢᠭ ᠠᠴᠠ ᠠᠪᠤᠷᠠᠬᠤ ᠪᠠ ᠡᠳ᠋ ᠪᠣᠳᠠᠰ ᠢ ᠪᠠᠳᠣᠯᠠᠬᠤ ᠰᠠᠯᠠᠭ᠎ᠠ᠃ ᠪᠥᠬᠦ ᠠᠶᠢᠮᠠᠭ ᠤᠨ | ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ | ᠠᠪᠤᠷᠠᠨ ᠲᠤᠰᠠᠯᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠭᠠᠬᠤ | ᠡᠳ᠋ ᠪᠣᠳᠠᠰ ᠢ ᠨᠥᠭᠡᠴᠡᠯᠡᠬᠦ ᠲᠥᠯᠥᠪᠵᠢᠭᠦᠯᠭᠡ ᠪᠠ ᠬᠡᠷᠡᠭᠴᠡᠭᠡ ᠱᠠᠭᠠᠷᠳᠠᠯᠭ᠎ᠠ ᠶᠢᠨ ᠲᠥᠯᠥᠪᠯᠡᠭᠡ ᠶᠢ ᠲᠤᠭᠤᠷᠪᠢᠨ | ᠲᠣᠭᠲᠠᠭᠠᠨ᠎ᠠ᠃ ᠪᠥᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠬᠠᠮᠲᠤ ᠪᠠᠷ ᠬᠡᠷᠡᠭᠯᠡᠵᠦ | ᠬᠠᠮᠲᠤ ᠪᠠᠷ ᠬᠤᠪᠢᠶᠠᠯᠴᠠᠬᠤ ᠪᠠ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ | ᠴᠢᠬᠤᠯᠠ ᠡᠳ᠋ ᠪᠣᠳᠠᠰ ᠢ ᠨᠥᠭᠡᠴᠡᠯᠡᠬᠦ᠂ ᠲᠣᠬᠢᠷᠠᠭᠤᠯᠬᠤ ᠪᠠ ᠪᠠᠴᠢᠮ ᠲᠣᠬᠢᠷᠠᠭᠤᠯᠤᠨ ᠬᠦᠷᠭᠡᠬᠦ ᠶᠢ ᠵᠣᠬᠢᠴᠠᠭᠤᠯᠤᠨ᠎ᠠ᠃ | ᠪᠦᠬᠦ ᠠᠶᠢᠮᠠᠭ ᠤᠨ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠠᠮᠢᠶᠠᠷᠬᠤ᠂ ᠬᠤᠪᠢᠶᠠᠷᠢᠯᠠᠬᠤ ᠪᠠ | ᠬᠢᠨᠠᠯᠲᠠ ᠲᠠᠯᠪᠢᠵᠤ ᠬᠡᠷᠡᠭᠯᠡᠬᠦ ᠠᠵᠢᠯ ᠢ ᠲᠣᠭᠲᠠᠭᠠᠯ ᠶᠣᠰᠣᠭᠠᠷ ᠡᠭᠦᠷᠭᠡᠯᠡᠵᠦ᠂ ᠬᠤᠯᠪᠣᠭᠳᠠᠯ ᠪᠦᠬᠦᠢ | ᠲᠠᠯ᠎ᠠ ᠶᠢᠨ ᠬᠢᠨ ᠲᠠᠢ ᠬᠠᠮᠲᠤᠷᠠᠨ ᠭᠠᠮᠰᠢᠭᠳᠠᠭᠰᠠᠨ ᠣᠯᠠᠨ ᠲᠦᠮᠡᠨ ᠢ ᠪᠠᠴᠢᠮ ᠰᠢᠯᠵᠢᠭᠦᠯᠦᠨ ᠲᠥᠪᠬᠢᠨᠡᠭᠦᠯᠬᠦ᠂ | ᠭᠠᠮᠰᠢᠭ ᠠᠴᠠ ᠪᠣᠯᠵᠤ ᠡᠪᠳᠡᠭᠳᠡᠭᠰᠡᠨ ᠭᠡᠷ ᠪᠠᠶᠢᠰᠢᠩ ᠢ ᠰᠡᠷᠭᠦᠭᠡᠨ ᠪᠠᠶᠢᠭᠤᠯᠬᠤ ᠨᠥᠬᠦᠪᠥᠷᠢ ᠪᠠ ᠭᠠᠮᠰᠢᠭᠳᠠᠭᠰᠠᠨ | ᠣᠯᠠᠨ ᠲᠦᠮᠡᠨ ᠤ ᠠᠮᠢᠳᠤᠷᠠᠯ ᠤᠨ ᠠᠪᠤᠷᠠᠨ ᠲᠤᠰᠠᠯᠠᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | | | | | ᠪᠠᠶᠢᠭᠤᠯᠭ᠎ᠠ ᠶᠢᠨ ᠰᠦᠯᠵᠢᠶ᠎ᠡ | | |