ᠨᠡᠶᠢᠭᠡᠮ ᠲᠣᠭᠤᠷᠢᠭ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ
ᠨᠡᠶᠢᠲᠡᠯᠡᠭᠰᠡᠨ ᠴᠠᠭ᠄
2024/7/8
    ᠨᠡᠶᠢᠭᠡᠮ ᠤᠨ ᠠᠵᠢᠯ ᠪᠣᠯ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠨᠡᠪᠲᠡᠷᠡᠭᠦᠯᠬᠦ ︽ᠡᠴᠦᠰ ᠤᠨ ᠨᠢᠭᠡ ᠺᠢᠯᠣᠮᠧᠲᠷ︾ ᠮᠥᠨ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠳᠤ ᠬᠦᠴᠦᠨ ᠨᠡᠮᠡᠷᠢᠯᠡᠬᠦ ᠪᠦᠲᠦᠮᠵᠢᠲᠡᠶ ᠬᠦᠴᠦᠨ ᠮᠥᠨ᠃ ᠠᠯᠠᠱᠠ ᠠᠶᠢᠮᠠᠭ ᠤᠨ ᠠᠷᠠᠳ ᠲᠤ ᠠᠰᠢᠭ ᠬᠦᠷᠲᠡᠭᠡᠬᠦ ᠰᠤᠳᠤᠯᠭᠠᠨ ᠤ ᠲᠥᠪ ᠤᠨ ᠬᠡᠷᠡᠭ ᠡᠷᠬᠢᠯᠡᠭᠴᠢᠳ ᠤᠨ ᠳᠠᠷᠤᠭ᠎ᠠ᠂ ᠠᠷᠠᠳ ᠲᠤ ᠠᠰᠢᠭ ᠬᠦᠷᠲᠡᠭᠡᠬᠦ ᠬᠤᠯᠪᠣᠭᠠᠲᠤ ᠨᠠᠮ ᠤᠨ ᠡᠭᠦᠷ ᠤᠨ ᠳᠡᠳ᠋ ᠱᠦᠵᠢ ᠰᠦᠨ ᠢᠦᠶ ᠴᠢᠩ ᠮᠠᠨ ᠤ ᠠᠶᠢᠮᠠᠭ ᠤᠨ ᠨᠡᠶᠢᠭᠡᠮ ᠤᠨ ᠠᠵᠢᠯ ᠤᠨ ᠬᠠᠮᠢᠶ᠎ᠠ ᠪᠥᠬᠦᠶ ᠶᠠᠷᠢᠶᠠᠨ ᠤ ᠰᠡᠳᠦᠪ ᠢ ᠶᠠᠷᠢᠯᠴᠠᠪᠠ᠃
1.jpg    
    ᠰᠣᠷᠪᠣᠯᠵᠢᠯᠠᠭᠴᠢ᠄ ᠡᠨᠡ ᠵᠢᠯ ᠠᠴᠠ ᠨᠠᠰᠢ᠂ ᠮᠠᠨ ᠤ ᠠᠶᠢᠮᠠᠭ ᠤᠨ ᠨᠡᠶᠢᠭᠡᠮ ᠤᠨ ᠠᠵᠢᠯ ᠳᠤ ᠶᠠᠮᠠᠷ ᠶᠠᠮᠠᠷ ᠣᠨᠴᠠᠯᠢᠭ ᠲᠠᠢ ᠠᠩᠬᠠᠷᠣᠯ ᠢ ᠳᠠᠳᠠᠵᠦ ᠪᠠᠶᠢᠭ᠎ᠠ  ᠵᠦᠢᠯ ᠪᠠᠶᠢᠬᠤ ᠪᠣᠶ︖    ᠰᠦᠨ ᠢᠦᠢ ᠴᠢᠩ᠄ ᠡᠨᠡ ᠵᠢᠯ ᠮᠠᠨ ᠤ ᠠᠶᠢᠮᠠᠭ ᠤᠨ ᠨᠡᠶᠢᠭᠡᠮ ᠤᠨ ᠠᠵᠢᠯ ᠨᠢ ᠭᠦᠢᠴᠡᠳ ᠪᠠᠶᠢᠴᠠᠭᠠᠨ ᠰᠤᠳᠤᠯᠤᠭᠰᠠᠨ ᠰᠠᠭᠤᠷᠢᠨ ᠳᠡᠭᠡᠷ᠎ᠡ᠂ ᠡᠯ᠎ᠡ ᠡᠭᠦᠷᠭᠡ  ᠴᠢᠳᠠᠮᠵᠢᠳᠣ ᠰᠠᠯᠠᠭ᠎ᠠ ᠮᠥᠴᠢᠷ᠂ ᠰᠠᠭᠤᠭᠠᠯᠢ ᠠᠷᠠᠳ ᠵᠡᠷᠭᠡ ᠡᠲᠡᠭᠡᠳ ᠲᠤ ᠴᠢᠭᠯᠡᠭᠦᠯᠦᠨ᠂ ᠲᠡᠳᠡᠨ ᠤ ᠪᠣᠳᠠᠲᠤ ᠬᠡᠷᠡᠭᠴᠡᠭᠡ ᠱᠠᠭᠠᠷᠳᠠᠯᠭ᠎ᠠ ᠶᠢ ᠲᠣᠳᠣᠷᠬᠠᠶ ᠣᠶᠢᠯᠠᠭᠠᠵᠤ᠂ ᠨᠡᠶᠢᠭᠡᠮ ᠤᠨ ᠬᠡᠷᠡᠭᠯᠡᠵᠦ ᠪᠣᠯᠬᠤ ᠬᠦᠴᠦᠨ ᠢ ᠡᠮᠬᠢᠯᠡᠨ ᠨᠡᠶᠢᠯᠡᠭᠦᠯᠵᠦ ᠳᠠᠶᠢᠴᠢᠯᠠᠨ᠂ ᠨᠡᠶᠢᠭᠡᠮ ᠤᠨ ᠵᠠᠰᠠᠯᠲᠠ ᠶᠢᠨ ᠳᠤᠮᠳᠠᠬᠢ ᠳᠤᠲᠠᠭᠳᠠᠯ ᠢ ᠨᠦᠬᠦᠪᠦᠷᠢᠯᠡᠪᠡ᠃
2.jpg
    ᠪᠠᠶᠢᠴᠠᠭᠠᠨ ᠰᠤᠳᠤᠯᠤᠯᠲᠠ ᠶᠢᠨ ᠳᠤᠮᠳᠠ ᠪᠢᠳᠡ᠂ ᠡᠯ᠎ᠡ ᠨᠢᠭᠡᠴᠡ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠳᠤᠮᠳᠠ ᠳᠠᠷᠤᠯᠲᠠ ᠨᠡᠯᠢᠶᠡᠳ ᠶᠡᠭᠡ᠂ ᠭᠠᠯ ᠤᠨᠲᠠᠷᠠᠭᠠᠬᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠲᠤᠰᠬᠠᠶ ᠮᠡᠷᠭᠡᠵᠢᠯ ᠤᠨ ᠴᠢᠨᠠᠷ ᠢᠶᠠᠷ ᠮᠠᠰᠢ ᠴᠢᠩᠭ᠎ᠠ᠂ ᠵᠠᠷᠢᠮ ᠨᠢᠭᠡᠴᠡ ᠶᠢᠨ ᠠᠵᠢᠯᠲᠠᠨ ᠪᠠᠶᠢᠴᠠᠭᠠᠵᠤ ᠴᠢᠳᠠᠬᠤ ᠦᠭᠡᠢ ᠪᠠᠶᠢᠵᠤ᠂ ᠠᠵᠢᠯ ᠢ ᠠᠬᠢᠭᠤᠯᠬᠤ ᠡᠷᠴᠢᠮ ᠨᠢ ᠬᠦᠷᠦᠯᠴᠡᠬᠦ ᠦᠭᠡᠢ ᠪᠠᠶᠢᠬᠤ ᠶᠢ ᠣᠯᠵᠤ ᠮᠡᠳᠡᠪᠡ᠃
3.jpg
    ᠠᠪᠤᠭᠰᠠᠨ ᠠᠷᠭ᠎ᠠ ᠬᠡᠮᠵᠢᠶ᠎ᠡ    ᠠᠵᠢᠯ ᠤᠨ ᠲᠦᠷᠢᠮ ᠲᠣᠭᠲᠠᠭᠠᠵᠤ᠂ ᠲᠤᠰᠬᠠᠶ ᠮᠡᠷᠭᠡᠵᠢᠯ ᠤᠨ ᠭᠠᠯ ᠤᠨᠲᠠᠷᠠᠭᠠᠬᠤ ᠪᠠᠶᠢᠴᠠᠭᠠᠯᠲᠠ ᠶᠢᠨ ᠬᠡᠮᠵᠢᠭᠦᠷᠯᠢᠭ ᠢ ᠬᠤᠳᠠᠯᠳᠤᠨ ᠠᠪᠴᠤ᠂ ᠴᠡᠷᠢᠭ ᠠᠴᠠ ᠬᠠᠯᠠᠭᠳᠠᠭᠰᠠᠳ ᠤᠨ ᠭᠠᠯ ᠤᠨᠲᠠᠷᠠᠭᠠᠬᠤ ᠺᠠᠳ᠋ᠷ᠂ ᠭᠠᠯ ᠤᠨᠲᠠᠷᠠᠭᠠᠬᠤ ᠮᠡᠷᠭᠡᠵᠢᠯ ᠤᠨ ᠠᠵᠢᠯᠲᠠᠨ᠂ ᠴᠡᠷᠢᠭ ᠠᠴᠠ ᠬᠠᠯᠠᠭᠳᠠᠭᠰᠠᠳ ᠵᠡᠷᠭᠡ ᠨᠡᠶᠢᠭᠡᠮ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠢ ᠥᠷᠨᠢᠭᠦᠯᠦᠨ᠂ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠠᠯᠠᠱᠠ ᠠᠶᠢᠮᠠᠭ ᠤᠨ ᠨᠡᠶᠢᠭᠡᠮ ᠤᠨ ᠠᠵᠢᠯ ᠤᠨ ᠭᠠᠯ ᠤᠨᠲᠠᠷᠠᠭᠠᠬᠤ ᠲᠣᠭᠤᠷᠢᠨ ᠪᠠᠶᠢᠴᠠᠭᠠᠬᠤ ᠠᠩᠭᠢ ᠶᠢ ᠪᠠᠶᠢᠭᠤᠯᠵᠤ᠂ ᠳᠣᠤᠷ᠎ᠠ ᠨᠢ ᠠᠵᠢᠯ ᠲᠥᠷᠥᠯ ᠤᠨ ᠲᠣᠭᠤᠷᠢᠨ ᠪᠠᠶᠢᠴᠠᠭᠠᠬᠤ ᠳᠤᠭᠤᠶᠢᠯᠠᠩ᠂ ᠨᠡᠶᠢᠭᠡᠮ ᠲᠣᠭᠤᠷᠢᠭ ᠤᠨ ᠲᠣᠭᠤᠷᠢᠨ ᠪᠠᠶᠢᠴᠠᠭᠠᠬᠤ ᠳᠤᠭᠤᠶᠢᠯᠠᠩ᠂ ᠪᠣᠯᠪᠠᠰᠤᠷᠠᠯ ᠤᠬᠠᠭᠤᠯᠭ᠎ᠠ ᠶᠢᠨ ᠳᠤᠭᠤᠶᠢᠯᠠᠩ ᠪᠠᠶᠢᠭᠤᠯᠵᠤ᠂ ᠬᠠᠮᠢᠶ᠎ᠠ ᠪᠥᠬᠦᠶ ᠠᠵᠢᠯ ᠲᠥᠷᠥᠯ ᠤᠨ ᠰᠠᠯᠠᠭ᠎ᠠ ᠮᠥᠴᠢᠷ ᠪᠠ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠳᠤ ᠭᠠᠯ ᠤᠨᠲᠠᠷᠠᠭᠠᠬᠤ ᠲᠣᠭᠤᠷᠢᠨ ᠪᠠᠶᠢᠴᠠᠭᠠᠬᠤ ᠦᠢᠯᠡᠴᠢᠯᠡᠭᠡ ᠬᠠᠩᠭᠠᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠲᠣᠭᠤᠷᠢᠨ ᠪᠠᠶᠢᠴᠠᠭᠠᠬᠤ ︽ᠠᠵᠢᠯᠲᠠᠨ ᠳᠤᠲᠠᠭᠳᠠᠵᠤ᠂ ᠲᠤᠰᠬᠠᠶ ᠮᠡᠷᠭᠡᠵᠢᠯ ᠳᠤᠲᠠᠭᠳᠠᠵᠤ ᠪᠠᠶᠢᠭ᠎ᠠ︾ ᠪᠣᠳᠠᠲᠠᠶ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠮᠠᠨ ᠤ ᠠᠶᠢᠮᠠᠭ ᠤᠨ ᠨᠡᠶᠢᠭᠡᠮ ᠤᠨ ᠠᠵᠢᠯ ᠤᠨ ᠲᠣᠰ ᠬᠦᠷᠢᠶᠡᠨ ᠳᠠᠬᠢ ᠬᠤᠭᠤᠰᠣᠨ ᠢ ᠨᠥᠬᠦᠪᠥᠷᠢᠯᠡᠪᠡ᠃    ᠣᠯᠣᠭᠰᠠᠨ ᠠᠮᠵᠢᠯᠲᠠ    ᠵᠠᠰᠠᠭ ᠵᠠᠬᠢᠷᠭᠠᠨ ᠤ ᠨᠢᠭᠡᠴᠡ ᠲᠠᠢ ᠬᠠᠮᠲᠤᠷᠠᠨ 10 ᠭᠠᠷᠤᠶ ᠤᠳᠠᠭ᠎ᠠ ᠠᠵᠢᠯᠯᠠᠭ᠎ᠠ ᠬᠢᠵᠦ᠂ ᠨᠡᠶᠢᠭᠡᠮ ᠲᠣᠭᠤᠷᠢᠭ ᠂ 40 ᠨᠢᠭᠡᠴᠡ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ 100 ᠭᠠᠷᠤᠶ ᠳᠠᠯᠳᠠ ᠬᠡᠮ ᠢ ᠵᠢᠭᠰᠠᠭᠠᠨ ᠪᠠᠶᠢᠴᠠᠭᠠᠪᠠ︔ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠢ 3 ᠲᠠᠯᠠᠪᠤᠷ ᠥᠷᠨᠢᠭᠦᠯᠵᠦ᠂ 100 ᠭᠠᠷᠤᠶ ᠬᠥᠮᠦᠨ ᠢ ᠪᠣᠯᠪᠠᠰᠤᠷᠠᠭᠤᠯᠪᠠ︔ ᠵᠠᠷᠢᠮ ᠨᠢᠭᠡᠴᠡ ᠳᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠳᠣᠭᠳᠠᠭᠠᠵᠦ᠂ ᠰᠣᠷᠢᠯᠲᠠ ᠶᠢᠨ ᠲᠠᠰ ᠳᠠᠷᠠᠭᠠᠯᠠᠯ ᠢ ᠲᠡᠭᠦᠯᠳᠡᠷᠵᠢᠭᠦᠯᠪᠡ᠃
4.jpg
     ᠰᠣᠶᠣᠯ ᠤᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠵᠢᠯᠴᠠᠨ ᠸᠢᠶᠧᠨᠠ ᠪᠠᠭᠤᠳᠠᠯ ᠳᠤ ᠭᠠᠯ ᠤᠨᠲᠠᠷᠠᠭᠠᠬᠤ ᠰᠣᠷᠢᠯᠲᠠ ᠶᠢ ᠥᠷᠨᠢᠭᠦᠯᠵᠦ᠂ ᠠᠯᠠᠱᠠ ᠵᠡᠭᠦᠨ ᠬᠤᠰᠢᠭᠤᠨ ᠤ 50 ᠵᠣᠴᠢᠳ ᠤᠨ ᠪᠠᠭᠤᠳᠠᠯ ᠤᠨ ᠬᠠᠷᠢᠭᠤᠴᠠᠯᠭᠠᠲᠠᠨ ᠣᠷᠣᠯᠴᠠᠵᠦ᠂ ᠨᠡᠶᠢᠭᠡᠮ ᠤᠨ ᠨᠢᠭᠡᠴᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠥᠷᠨᠢᠭᠦᠯᠬᠦ ᠳᠤ ᠵᠢᠷᠤᠮᠵᠢᠭᠤᠯᠤᠭᠰᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠠᠭᠪᠤᠷ ᠢ ᠬᠠᠩᠭᠠᠭᠰᠠᠨ ᠪᠠᠶᠢᠨ᠎ᠠ᠃     ᠰᠣᠷᠪᠣᠯᠵᠢᠯᠠᠭᠴᠢ᠄ ᠰᠠᠭᠤᠭᠠᠯᠢ ᠠᠷᠠᠳ ᠲᠤ ᠠᠮᠤᠷ ᠲᠦᠪᠰᠢᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠲᠠᠯ᠎ᠠ ᠪᠠᠷ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠠᠮᠠᠷ ᠶᠠᠮᠠᠷ ᠠᠵᠢᠯ ᠬᠢᠭᠰᠡᠨ ᠪᠤᠢ︖     ᠰᠦᠨ ᠢᠦᠢ ᠴᠢᠩ᠄ ᠨᠡᠶᠢᠭᠡᠮ ᠲᠣᠭᠤᠷᠢᠭ ᠤᠨ ᠭᠠᠶ ᠭᠠᠮᠰᠢᠭ ᠠᠶᠤᠯ ᠲᠦᠭᠰᠢᠭᠦᠷᠢ ᠶᠢ ᠰᠡᠷᠭᠡᠶᠢᠯᠡᠬᠦ ᠶᠠᠪᠤᠴᠠ ᠳᠤ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠳᠤᠲᠠᠭᠳᠠᠭᠰᠠᠨ᠂ ᠮᠡᠷᠭᠡᠵᠢᠯ ᠤᠨ ᠳᠡᠮᠵᠢᠯᠭᠡ ᠬᠦᠷᠦᠯᠴᠡᠬᠦ ᠥᠬᠡᠶ᠂ ᠵᠠᠷᠤᠳᠠᠯ ᠤᠨ ᠪᠠᠲᠤᠯᠠᠭ᠎ᠠ ᠬᠦᠷᠦᠯᠴᠡᠬᠦ ᠥᠬᠡᠶ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠲᠦᠭᠰᠢᠭᠦᠷᠢ ᠶᠢᠨ ᠤᠬᠠᠮᠰᠠᠷ ᠨᠡᠶᠢᠳᠡᠮ ᠳᠣᠤᠷ᠎ᠠ ᠪᠠᠶᠢᠵᠤ᠂ ᠠᠵᠠ ᠬᠠᠷᠠᠬᠤ ᠪᠣᠳᠣᠯ ᠮᠥᠨ ᠬᠦ ᠣᠷᠣᠰᠢᠵᠤ ᠪᠠᠶᠢᠭ᠎ᠠ ᠵᠡᠷᠭᠡ ᠬᠦᠴᠢᠷ ᠠᠰᠠᠭᠤᠳᠠᠯ ᠣᠷᠣᠰᠢᠵᠤ ᠪᠠᠶᠢᠨ᠎ᠠ᠃
5.jpg
      ᠠᠪᠤᠭᠰᠠᠨ ᠠᠷᠭ᠎ᠠ ᠬᠡᠮᠵᠢᠶ᠎ᠡ    ᠯᠢ ᠯᠢᠶᠠᠨ ᠵᠢᠶᠧ ᠶᠢᠨ ︽ᠢ ᠰᠠᠭᠤᠷᠢ ᠮᠥᠩᠭᠦ ᠶᠢᠨ ᠠᠮᠤᠷ ᠲᠦᠪᠰᠢᠨ ᠬᠡᠷ ᠣᠷᠣᠨ︾ ᠲᠥᠷᠥᠯ ᠵᠦᠢᠯ ᠲᠠᠢ ᠢᠳᠡᠪᠬᠢᠲᠡᠶ ᠪᠠᠷ ᠵᠣᠯᠭᠠᠭᠤᠯᠵᠤ᠂ ᠠᠯᠠᠱᠠ ᠵᠡᠭᠦᠨ ᠬᠤᠰᠢᠭᠤᠨ ᠤ ᠠᠨᠳᠠ ᠨᠡᠶᠢᠭᠡᠮ ᠲᠣᠭᠤᠷᠢᠭ ᠲᠤ ᠠᠮᠵᠢᠯᠲᠠ ᠲᠠᠢ ᠪᠠᠷ ᠨᠠᠶᠢᠳᠠᠪᠤᠷᠢᠵᠢᠭᠤᠯᠪᠠ᠃ ᠲᠣᠰ ᠲᠥᠷᠥᠯ ᠵᠦᠢᠯ ᠨᠢ ᠰᠠᠭᠤᠭᠠᠯᠢ ᠠᠷᠠᠳ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢ ᠲᠦᠭᠡᠮᠡᠯᠵᠢᠭᠦᠯᠬᠦ ᠶᠢ ᠠᠬᠢᠭᠤᠯᠤᠨ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠬᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ᠂ ᠬᠥᠮᠦᠨ ᠪᠦᠬᠦᠨ ᠥᠪᠡᠷ ᠢ ᠪᠠᠨ ᠠᠪᠤᠷᠠᠵᠤ ᠴᠢᠳᠠᠬᠤ᠂ ᠬᠥᠮᠦᠨ ᠪᠦᠬᠦᠨ ᠠᠮᠢ ᠵᠢᠭᠤᠲᠠᠵᠤ ᠴᠢᠳᠠᠬᠤ︾ ᠬᠠᠷᠠᠯᠲᠠ ᠶᠢ ᠪᠡᠶᠡᠯᠡᠭᠦᠯᠬᠦ ᠪᠣᠯᠤᠨ᠎ᠠ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠰᠠᠶᠢᠨ ᠳᠣᠷ᠎ᠠ ᠶᠢᠨ ᠠᠪᠤᠷᠠᠨ ᠲᠤᠰᠠᠯᠠᠬᠤ ᠠᠩᠭᠢ ᠶᠢ ᠪᠠᠶᠢᠭᠤᠯᠬᠤ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠭᠠᠮᠰᠢᠭ ᠢ ᠰᠡᠷᠭᠡᠶᠢᠯᠡᠨ ᠥᠪᠡᠷ ᠢ ᠪᠠᠨ ᠠᠪᠤᠷᠠᠬᠤ ᠪᠣᠯᠪᠠᠰᠤᠷᠠᠯ ᠪᠠ ᠤᠬᠠᠭᠤᠯᠭ᠎ᠠ ᠶᠢ ᠪᠠᠶᠢᠩᠭᠤ ᠥᠷᠨᠢᠭᠦᠯᠵᠦ᠂ ᠣᠯᠠᠨ ᠲᠦᠮᠡᠨ ᠤ ᠥᠪᠡᠷ ᠢ ᠪᠠᠨ ᠬᠠᠮᠢᠶᠠᠷᠬᠤ᠂ ᠥᠪᠡᠷ ᠤᠨ ᠪᠡᠶ᠎ᠡ ᠳᠡᠭᠡᠨ ᠦᠢᠯᠡᠴᠢᠯᠡᠬᠦ ᠤᠬᠠᠮᠰᠠᠷ ᠢ ᠬᠥᠭᠵᠢᠭᠡᠵᠦ᠂ ᠠᠮᠤᠷ ᠲᠦᠪᠰᠢᠨ᠂ ᠡᠶ᠎ᠡ ᠨᠠᠶᠢᠷᠠᠮᠳᠠᠭᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠦᠨᠡᠨᠬᠦ ᠪᠤᠢ ᠪᠣᠯᠭᠠᠪᠠ᠃    ᠣᠯᠣᠭᠰᠠᠨ ᠠᠮᠵᠢᠯᠲᠠ    ᠣᠲᠣ ᠪᠣᠯᠲᠠᠯ᠎ᠠ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠪᠤᠷᠠᠨ ᠲᠤᠰᠠᠯᠠᠬᠤ ᠠᠩᠭᠢ ᠨᠢᠭᠡᠨᠲᠡ ᠦᠨᠳᠦᠰᠦᠨ ᠳᠡᠭᠡᠨ ᠪᠠᠶᠢᠭᠤᠯᠤᠭᠳᠠᠵᠤ᠂ ᠪᠦᠷᠢᠯᠳᠦᠬᠦᠨ ᠨᠢ ᠭᠤᠤᠯᠳᠠᠭᠤ ᠨᠡᠶᠢᠭᠡᠮ ᠲᠣᠭᠤᠷᠢᠭ ᠤᠨ ᠠᠵᠢᠯᠲᠠᠨ᠂ ᠨᠡᠶᠢᠭᠡᠮ ᠤᠨ ᠠᠵᠢᠯᠲᠠᠨ᠂ ᠰᠦᠯᠵᠢᠶᠡᠨ ᠤ ᠠᠵᠢᠯᠲᠠᠨ᠂ ᠠᠰᠠᠷ ᠤᠨ ᠳᠠᠷᠤᠭ᠎ᠠ᠂ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯᠲᠠᠨ᠂ ᠠᠬᠠᠮᠠᠳ ᠨᠠᠮ ᠤᠨ ᠭᠡᠰᠢᠭᠦᠨ᠂ ᠴᠡᠷᠢᠭ ᠠᠴᠠ ᠬᠠᠯᠠᠭᠳᠠᠭᠰᠠᠳ᠂ ᠬᠠᠯᠠᠭᠤᠨ ᠰᠡᠳᠬᠢᠯᠲᠦ ᠰᠠᠭᠤᠭᠠᠯᠢ ᠠᠷᠠᠳ ᠵᠡᠷᠭᠡ ᠬᠥᠮᠦᠰ ᠠᠴᠠ ᠢᠷᠡᠯᠲᠡ ᠲᠠᠢ ᠪᠠᠶᠢᠨ᠎ᠠ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号