ᠡᠯ᠎ᠡ ᠬᠤᠰᠢᠭᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ | ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠵᠠᠬᠢᠷᠭ᠎ᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ | ᠡᠯ᠎ᠡ ᠠᠵᠢᠯ ᠦᠢᠯᠡᠰ ᠤᠨ ᠨᠢᠭᠡᠴᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ | ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 248 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠲᠠᠭᠠᠬᠤ | ᠭᠠᠷᠴᠠᠭ ᠢ ᠬᠠᠮᠢᠶᠠᠷᠬᠤ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2024﹈ 14 ᠳ᠋ᠦ᠋ᠭᠡᠷ ᠲᠣᠭᠠᠲᠤ︶ | ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠢᠮᠠᠭ ᠤᠨ ᠵᠠᠬᠢᠷᠭ᠎ᠠ ᠶᠢᠨ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ | ᠰᠢᠢᠳᠪᠦᠷᠢᠳᠦ ᠪᠣᠳᠣᠯᠭ᠎ᠠ ᠲᠣᠭᠲᠠᠭᠠᠬᠤ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠰᠢᠢᠳᠪᠦᠷᠢᠳᠦ ᠪᠣᠳᠣᠯᠭ᠎ᠠ ᠲᠣᠭᠲᠠᠭᠠᠬᠤ ᠶᠢ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ ᠪᠠ ᠬᠠᠤᠯᠢᠵᠢᠭᠤᠯᠬᠤ ᠶᠢ | ᠠᠬᠢᠭᠤᠯᠬᠤ ᠶᠢᠨ ᠲᠤᠰᠠᠳᠠ᠂ ᠡᠳᠦᠭᠡ ᠠᠶᠢᠮᠠᠭ ᠤᠨ ᠵᠠᠬᠢᠷᠭ᠎ᠠ ᠶᠢᠨ ᠴᠢᠬᠤᠯᠠ ᠶᠡᠭᠡ ᠰᠢᠢᠳᠪᠦᠷᠢᠳᠦ ᠪᠣᠳᠣᠯᠭ᠎ᠠ | ᠲᠣᠭᠲᠠᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠳᠣᠤᠷᠠᠬᠢ ᠮᠡᠲᠦ ᠮᠡᠳᠡᠭᠳᠡᠶ᠎ᠡ᠃ | ᠨᠢᠭᠡ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠪᠠᠷᠢᠮᠵᠢᠶ᠎ᠠ | ᠪᠠ ᠭᠠᠷᠴᠠᠭ ᠢ ᠬᠠᠮᠢᠶᠠᠷᠬᠤ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ | ︵ᠨᠢᠭᠡ︶ ᠠᠶᠢᠮᠠᠭ ᠤᠨ ᠵᠠᠬᠢᠷᠭ᠎ᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ | ᠵᠦᠢᠯᠡᠰ ᠤᠨ ᠪᠠᠷᠢᠮᠵᠢᠶ᠎ᠠ᠃ ᠳᠣᠤᠷᠠᠬᠢ ᠵᠦᠢᠯᠡᠰ ᠨᠢ ᠠᠶᠢᠮᠠᠭ ᠤᠨ ᠵᠠᠬᠢᠷᠭ᠎ᠠ ᠶᠢᠨ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠲᠤ ᠬᠠᠷᠢᠶᠠᠯᠠᠭᠳᠠᠵᠤ᠂ ᠠᠶᠢᠮᠠᠭ ᠤᠨ ᠵᠠᠬᠢᠷᠭ᠎ᠠ ᠶᠢᠨ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ ᠤᠨ | ᠬᠠᠮᠢᠶᠠᠷᠤᠯᠲᠠ ᠳᠤ ᠣᠷᠣᠭᠤᠯᠤᠨ᠎ᠠ᠄ | 1. ᠣᠯᠠᠨ ᠨᠠᠶᠢᠲᠠ ᠶᠢᠨ ᠣᠢᠢᠯᠠᠴᠢᠯᠡᠭᠡ᠂ ᠵᠠᠬ᠎ᠠ ᠲᠠᠯᠭᠡᠭᠦᠷ ᠤᠨ ᠬᠠᠮᠢᠶᠠᠷᠣᠯᠲᠠ᠂ ᠨᠠᠶᠢᠭᠡᠮ ᠤᠨ ᠬᠠᠮᠢᠶᠠᠷᠣᠯᠲᠠ | ᠂ ᠠᠮᠢ ᠠᠬᠤᠢ ᠣᠷᠴᠢᠠ ᠠᠬᠤᠢ ᠶᠢᠨ ᠬᠠᠮᠠᠭᠠᠯᠠᠯᠲᠠ ᠵᠠᠷᠭᠡ ᠲᠠᠯ᠎ᠠ ᠪᠠᠷ ᠬᠤᠯᠪᠤᠬᠲᠠᠯ ᠪᠦᠭᠦᠢ ᠴᠢᠬᠤᠯᠠ ᠶᠡᠭᠡ ᠣᠯᠠᠨ | ᠨᠠᠶᠢᠲᠠ ᠶᠢᠨ ᠳᠦᠷᠤ ᠶᠢᠨ ᠪᠤᠲᠣᠯᠭ᠎ᠠ ᠪᠠ ᠠᠷᠭ᠎ᠠ ᠬᠡᠮᠵᠢᠶ᠎ᠡ ᠶᠢ ᠳᠣᠬᠲᠠᠭᠠᠨᠠ︔ | 2. ᠪᠦᠬᠦ ᠠᠶᠢᠮᠠᠭ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠵᠡᠷᠭᠡ ᠲᠠᠯ᠎ᠠ ᠶᠢᠨ ᠴᠢᠬᠤᠯᠠ | ᠲᠥᠯᠥᠪᠵᠢᠭᠦᠯᠭᠡ ᠶᠢ ᠲᠤᠭᠳᠠᠭᠠᠨ᠎ᠠ︔ | 3. ᠴᠢᠬᠤᠯᠠ ᠪᠠᠶᠢᠭᠠᠯᠢ ᠶᠢᠨ ᠡᠭᠢ ᠪᠠᠶᠠᠯᠢᠭ ᠪᠠ ᠰᠣᠶᠣᠯ ᠤᠨ ᠡᠭᠢ ᠪᠠᠶᠠᠯᠢᠭ ᠢ ᠨᠡᠬᠡᠬᠡᠨ ᠠᠰᠢᠭᠯᠠᠬᠤ᠂ | ᠬᠠᠮᠠᠭᠠᠯᠠᠬᠤ ᠴᠢᠬᠤᠯᠠ ᠶᠡᠭᠡ ᠤᠯᠠᠨ ᠨᠡᠶᠢᠲᠡ ᠶᠢᠨ ᠳᠦᠷᠦ ᠶᠢᠨ ᠪᠤᠲᠤᠯᠭ᠎ᠠ ᠪᠠ ᠠᠷᠭ᠎ᠠ ᠬᠡᠮᠵᠢᠶ᠎ᠠ ᠶᠢ | ᠲᠤᠭᠲᠠᠭᠠᠨ᠎ᠠ︔ | 4. ᠲᠤᠰ ᠵᠠᠰᠠᠭ ᠵᠠᠭᠢᠷᠭᠠᠨ ᠤ ᠤᠷᠤᠨ ᠳᠤ ᠬᠡᠷᠡᠭᠵᠢᠭᠦᠯᠭᠦ ᠪᠠᠷ ᠳᠣᠭᠳᠠᠭᠰᠠᠨ ᠴᠢᠬᠤᠯᠠ ᠶᠡᠭᠡ ᠤᠯᠠᠨ | ᠨᠡᠶᠢᠲᠡ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ︔ | 5. ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ᠂ | ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠲᠤᠰ ᠪᠡᠶ᠎ᠡ ᠶᠢᠨ ᠠᠰᠢᠭ | ᠲᠤᠰᠠ ᠳᠤ ᠬᠤᠯᠪᠣᠭᠳᠠᠬᠤ ᠪᠤᠰᠤᠳ ᠴᠢᠬᠤᠯᠠ ᠶᠡᠭᠡ ᠵᠦᠢᠯᠡᠰ᠃ | ︵ᠬᠤᠶᠠᠷ︶ ᠠᠶᠢᠮᠠᠭ ᠤᠨ ᠵᠠᠬᠢᠷᠭ᠎ᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠵᠦᠢᠯᠡᠰ ᠤᠨ ᠭᠠᠷᠴᠠᠭ | 1. ᠭᠠᠷᠴᠠᠭ ᠢ ᠨᠠᠶᠢᠷᠠᠭᠤᠯᠣᠨ᠎ᠠ᠃ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠨᠢ ᠠᠶᠢᠮᠠᠭ ᠤᠨ ᠱᠠᠲᠤᠨ ᠤ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠮᠢᠶ᠎ᠠ ᠪᠥᠬᠦᠶ ᠠᠵᠢᠯ ᠢ ᠵᠣᠬᠢᠶᠠᠨ ᠪᠠᠶᠢᠭᠤᠯᠬᠤ | ᠂ ᠵᠣᠬᠢᠴᠠᠭᠤᠯᠬᠤ ᠪᠠ ᠵᠢᠯᠣᠭᠤᠳᠬᠤ ᠵᠡᠷᠭᠡ ᠠᠵᠢᠯ ᠢ ᠬᠠᠷᠢᠭᠤᠴᠠᠨ᠎ᠠ᠃ ᠠᠶᠢᠮᠠᠭ ᠤᠨ ᠬᠠᠤᠯᠢ ᠴᠠᠭᠠᠵᠠ ᠶᠢᠨ | ᠲᠣᠪᠴᠢᠶ᠎ᠠ ᠨᠢ ᠠᠶᠢᠮᠠᠭ ᠤᠨ ᠱᠠᠲᠤᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ | ᠭᠠᠷᠴᠠᠭ ᠢ ᠨᠠᠶᠢᠷᠠᠭᠤᠯᠬᠤ᠂ ᠲᠣᠬᠢᠷᠠᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠠᠶᠢᠮᠠᠭ ᠤᠨ ᠵᠠᠬᠢᠷᠭ᠎ᠠ ᠶᠢᠨ ᠡᠯ᠎ᠡ | ᠨᠢᠭᠡᠴᠡ ᠨᠦᠭᠦᠳ ᠵᠦᠢᠯᠡᠰ ᠤᠨ ᠪᠠᠷᠢᠮᠵᠢᠶ᠎ᠠ ᠶᠢ ᠦᠨᠳᠦᠰᠦᠯᠡᠨ᠂ ᠲᠣᠰ ᠲᠣᠰ ᠤᠨ ᠪᠣᠳᠠᠲᠠᠶ ᠲᠠᠢ ᠪᠠᠨ | ᠤᠶᠠᠯᠳᠤᠭᠤᠯᠤᠨ᠂ ᠵᠢᠯ ᠪᠦᠷᠢ ᠶᠢᠨ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠷᠠᠭ᠎ᠠ ᠨᠢᠭᠡ ᠵᠢᠯ ᠤᠨ | ᠲᠣᠰ ᠨᠢᠭᠡᠴᠡ ᠶᠢᠨ ᠠᠶᠢᠮᠠᠭ ᠤᠨ ᠵᠠᠬᠢᠷᠭ᠎ᠠ ᠶᠢᠨ ᠨᠡᠷ᠎ᠡ ᠪᠠᠷ ᠭᠠᠷᠭᠠᠭᠰᠠᠨ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠰᠠᠨᠠᠭᠤᠯᠭ᠎ᠠ ᠶᠢ ᠲᠣᠭᠲᠠᠭᠠᠨ ᠬᠡᠷᠡᠭᠵᠢᠭᠦᠯᠵᠦ᠂ ᠠᠶᠢᠮᠠᠭ | ᠤᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠶ᠃ ᠰᠢᠢᠳᠪᠦᠷᠢᠲᠦ ᠪᠤᠳᠤᠯᠭ᠎ᠠ | ᠲᠣᠭᠲᠠᠭᠠᠬᠤ ᠵᠦᠢᠯᠡᠰ ᠤᠨ ᠨᠡᠷᠡᠶᠢᠳᠦᠯ᠂ ᠦᠨᠳᠦᠰᠦᠯᠡᠯ᠂ ᠭᠤᠣᠯ ᠠᠭᠤᠯᠭ᠎ᠠ᠂ ᠰᠢᠢᠳᠪᠦᠷᠢᠯᠡᠬᠦ ᠪᠠᠷ ᠪᠠᠶᠢᠭ᠎ᠠ | ᠭᠤᠣᠯ ᠠᠰᠠᠭᠤᠳᠠᠯ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠡᠰ ᠳᠠᠷᠠᠭᠠᠯᠠᠯ᠂ ᠪᠡᠶᠡᠯᠡᠭᠦᠯᠬᠦ ᠴᠠᠭ ᠤᠨ ᠬᠢᠵᠠᠭᠠᠷ | ᠵᠡᠷᠭᠡ ᠶᠢ ᠪᠠᠭᠲᠠᠭᠠᠨ᠎ᠠ᠃ | 2. ᠭᠠᠷᠴᠠᠭ ᠢ ᠨᠡᠶᠢᠲᠡᠯᠡᠨ᠎ᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠶᠢᠨ | ᠵᠦᠢᠯᠡᠰ ᠤᠨ ᠭᠠᠷᠴᠠᠭ ᠲᠤ ᠰᠢᠢᠳᠪᠦᠷᠢᠳᠦ ᠪᠣᠳᠣᠯᠭ᠎ᠠ ᠶᠢᠨ ᠵᠦᠢᠯᠡᠰ ᠤᠨ ᠨᠡᠷᠡᠶᠢᠳᠦᠯ᠂ ᠰᠢᠢᠳᠪᠦᠷᠢᠳᠦ ᠪᠣᠳᠣᠯᠭ᠎ᠠ ᠶᠢ | ᠳᠠᠭᠠᠭᠠᠨ ᠠᠪᠴᠤ ᠭᠦᠢᠴᠡᠳᠬᠡᠬᠦ ᠨᠢᠭᠡᠴᠡ᠂ ᠪᠡᠶᠡᠯᠡᠬᠦᠯᠬᠦ ᠪᠠᠷ ᠳᠦᠯᠦᠪᠯᠡᠭᠰᠡᠨ ᠴᠠᠭ ᠵᠡᠷᠭᠡ ᠶᠢ ᠪᠠᠭᠲᠠᠭᠠᠬᠤ ᠬᠡᠷᠡᠭᠲᠡᠶ᠃ | ᠬᠢᠨᠠᠨ ᠲᠣᠭᠲᠠᠭᠠᠭᠰᠠᠨ ᠳᠣᠰ ᠣᠨ ᠤ ᠠᠶᠢᠮᠠᠭ ᠤᠨ ᠵᠠᠬᠢᠷᠭ᠎ᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ ᠢ ᠬᠠᠤᠯᠢ ᠶᠣᠰᠣᠭᠠᠷ ᠢᠯᠡ ᠪᠣᠯᠭᠠᠬᠤ ᠦᠭᠡᠢ | ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠠᠴᠠ ᠪᠤᠰᠤᠳ ᠰᠢᠢᠳᠪᠦᠷᠢᠲᠦ ᠪᠣᠳᠣᠯᠭ᠎ᠠ ᠲᠣᠭᠲᠠᠭᠠᠬᠤ | ᠭᠠᠷᠴᠠᠭ ᠢ ᠵᠠᠷᠴᠢᠮ ᠳᠡᠭᠡᠷ᠎ᠡ ᠪᠠᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠭᠦᠯᠵᠦ | ᠪᠠᠲᠤᠯᠠᠭᠤᠯᠬᠤ ᠶᠢᠨ ᠬᠠᠮᠲᠤ ᠠᠶᠢᠮᠠᠭ ᠤᠨ ᠨᠠᠮ ᠤᠨ ᠬᠤᠷᠢᠶ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠠᠶᠢᠮᠠᠭ ᠤᠨ | ᠵᠠᠬᠢᠷᠭ᠎ᠠ ᠶᠢᠨ ᠠᠯᠪᠠᠨ ᠭᠡᠷ ᠠᠴᠠ 20 ᠠᠵᠢᠯᠯᠠᠬᠤ ᠡᠳᠦᠷ ᠤᠨ ᠳᠣᠲᠣᠷ᠎ᠠ ᠳᠠᠷᠤᠮᠠᠯᠯᠠᠨ ᠲᠠᠷᠬᠠᠭᠠᠵᠤ | ᠬᠡᠷᠡᠭᠵᠢᠭᠦᠯᠬᠦ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ | 3. ᠬᠥᠳᠡᠯᠦᠩᠭᠦᠶ ᠲᠣᠬᠢᠷᠠᠭᠤᠯᠤᠯᠲᠠ ᠬᠢᠨ᠎ᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠵᠦᠢᠯᠡᠰ ᠤᠨ ᠭᠠᠷᠴᠠᠭ ᠢ ᠬᠥᠳᠡᠯᠦᠩᠭᠦᠶ ᠬᠠᠮᠢᠶᠠᠷᠴᠣ᠂ ᠠᠶᠢᠮᠠᠭ ᠤᠨ ᠵᠠᠬᠢᠷᠭ᠎ᠠ ᠶᠢᠨ ᠣᠨ ᠤ | ᠠᠵᠢᠯ ᠤᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠨ᠎ᠠ᠃ ᠣᠨ ᠤ | ᠵᠦᠢᠯᠡᠰ ᠤᠨ ᠭᠠᠷᠴᠠᠭ ᠢ ᠨᠡᠶᠢᠲᠡᠯᠡᠭᠰᠡᠨ ᠤ ᠳᠠᠷᠠᠭ᠎ᠠ᠂ ᠦᠨᠡᠨᠬᠦ ᠲᠣᠬᠢᠷᠠᠭᠤᠯᠬᠤ ᠴᠢᠬᠤᠯᠠᠲᠠᠢ ᠪᠣᠯ᠂ ᠬᠠᠮᠢᠶ᠎ᠠ ᠪᠦᠬᠦᠢ | ᠨᠢᠭᠡᠴᠡ ᠠᠴᠠ ᠭᠤᠶᠤᠴᠢᠯᠠᠯ ᠭᠠᠷᠭᠠᠵᠤ᠂ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠪᠠᠷ ᠬᠢᠨᠠᠨ | ᠬᠠᠷᠭᠤᠭᠤᠯᠤᠭᠰᠠᠨ ᠤ ᠳᠠᠷᠠᠭ᠎ᠠ ᠲᠣᠭᠲᠠᠭᠠᠯ ᠶᠣᠰᠣᠭᠠᠷ ᠲᠣᠬᠢᠷᠠᠭᠤᠯᠤᠯᠲᠠ ᠬᠢᠵᠦ᠂ ᠨᠡᠶᠢᠲᠡᠯᠡᠬᠦ ᠬᠡᠷᠡᠭᠲᠡᠢ᠃ | ᠬᠤᠶᠠᠷ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ | ᠲᠣᠭᠲᠠᠭᠠᠯ ᠢ ᠴᠢᠩᠭ᠎ᠠ ᠵᠢᠷᠣᠮᠯᠠᠨ᠎ᠠ | ᠠᠶᠢᠮᠠᠭ ᠤᠨ ᠵᠠᠬᠢᠷᠭ᠎ᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠨᠢ ᠰᠢᠢᠳᠪᠦᠷᠢᠲᠦ | ᠪᠣᠳᠣᠯᠭ᠎ᠠ ᠶᠢ ᠡᠬᠢᠯᠡᠭᠦᠯᠬᠦ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ | ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ | ᠲᠣᠭᠲᠠᠭᠠᠬᠤ᠂ ᠢᠯᠡ ᠪᠠᠷ ᠨᠡᠶᠢᠲᠡᠯᠡᠬᠦ ᠪᠠ ᠲᠠᠶᠢᠯᠤᠮᠵᠢ ᠬᠢᠬᠦ ︵ᠬᠠᠤᠯᠢ ᠶᠣᠰᠣᠭᠠᠷ ᠨᠢᠭᠤᠴᠠ ᠶᠢ | ᠬᠠᠮᠠᠭᠠᠯᠠᠬᠤ ᠠᠴᠠ ᠪᠤᠰᠤᠳ︶ ᠵᠡᠷᠭᠡ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠵᠢᠷᠤᠮᠯᠠᠵᠤ᠂ ᠬᠠᠮᠢᠶ᠎ᠠ ᠪᠥᠬᠦᠶ | ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠭᠤᠤᠯᠴᠢ | ᠥᠷᠢᠰᠥᠯᠳᠦᠭᠡᠨ ᠤ ᠬᠢᠨᠠᠨ ᠪᠠᠶᠢᠴᠠᠭᠠᠯᠲᠠ᠂ ᠠᠷᠠᠯᠵᠢᠶᠠᠨ ᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ | ᠨᠡᠶᠢᠴᠡᠭᠰᠡᠨ ᠬᠢᠨᠠᠨ ᠪᠠᠶᠢᠴᠠᠭᠠᠯᠲᠠ᠂ ᠥᠪᠡᠷ ᠤᠨ ᠥᠷᠲᠡᠭ ᠤᠨ ᠦᠷ᠎ᠡ ᠠᠰᠢᠭ ᠢ ᠵᠠᠳᠠᠯᠤᠨ ᠲᠥᠰᠦᠭᠡᠯᠡᠬᠦ᠂ | ᠭᠡᠷᠡᠴᠢᠯᠡᠭᠡ ᠰᠣᠨᠣᠰᠬᠤ ᠶᠢ ᠵᠣᠬᠢᠶᠠᠨ ᠪᠠᠶᠢᠭᠤᠯᠤᠭᠰᠠᠨ ᠪᠠᠶᠢᠪᠠᠯ᠂ ᠲᠣᠭᠲᠠᠭᠠᠯ ᠶᠣᠰᠣᠭᠠᠷ ᠬᠠᠷᠠᠭᠠᠯᠵᠠᠭᠰᠠᠨ ᠲᠠᠰ | ᠳᠠᠷᠠᠭᠠᠯᠠᠯ ᠢ ᠭᠦᠢᠴᠡᠳᠭᠡᠬᠦ ᠬᠡᠷᠡᠭᠲᠡᠶ᠃ | ︵ᠨᠢᠭᠡ︶ ᠰᠢᠢᠳᠪᠦᠷᠢᠲᠦ ᠪᠣᠳᠣᠯᠭ᠎ᠠ ᠶᠢ ᠡᠬᠢᠯᠡᠭᠦᠯᠬᠦ ︵ᠰᠢᠢᠳᠪᠦᠷᠢᠲᠦ ᠪᠣᠳᠣᠯᠭ᠎ᠠ ᠶᠢᠨ ᠳᠦᠰᠦᠯ ᠢ | ᠨᠣᠣᠷᠠᠭᠯᠠᠬᠤ︶᠃ ᠠᠶᠢᠮᠠᠭ ᠤᠨ ᠵᠠᠬᠢᠷᠭ᠎ᠠ ᠠᠴᠠ ᠡᠬᠢᠯᠡᠭᠦᠯᠬᠦ ᠪᠠᠷ ᠲᠣᠭᠲᠠᠭᠠᠭᠰᠠᠨ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠳᠤ ᠳᠠᠭᠠᠭᠠᠨ ᠠᠪᠴᠤ ᠭᠦᠢᠴᠡᠳᠬᠡᠬᠦ ᠨᠢᠭᠡᠴᠡ ᠶᠢ ᠬᠠᠮᠲᠤ ᠳᠤᠨᠢ | ᠲᠣᠳᠣᠷᠬᠠᠶᠢᠯᠠᠬᠤ ᠬᠡᠷᠡᠭᠲᠡᠶ᠃ | 1. ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠨᠢ ᠲᠤᠬᠠᠶᠢᠯᠠᠭᠰᠠᠨ ᠠᠵᠢᠯ ᠤᠨ | ᠭᠤᠣᠯ ᠬᠦᠴᠦᠨ ᠪᠤᠶᠤ ᠠᠵᠢᠯ ᠲᠥᠷᠥᠯ ᠤᠨ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠪᠠᠶᠢᠴᠠᠭᠠᠨ | ᠰᠤᠳᠤᠯᠤᠯᠲᠠ ᠬᠢᠵᠦ᠂ ᠪᠠᠶᠢᠴᠠᠭᠠᠨ ᠰᠤᠳᠤᠯᠤᠯᠲᠠ ᠶᠢᠨ ᠠᠭᠤᠯᠭ᠎ᠠ ᠳᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ | ᠣᠳᠣᠬᠢ ᠪᠠᠶᠢᠳᠠᠯ᠂ ᠴᠢᠬᠤᠯᠠ ᠴᠢᠨᠠᠷ᠂ ᠪᠣᠯᠤᠮᠵᠢᠲᠤ ᠴᠢᠨᠠᠷ᠂ ᠠᠰᠢᠭ ᠬᠤᠤᠷ ᠤᠨ ᠵᠠᠳᠠᠯᠤᠯᠲᠠ ᠵᠡᠷᠭᠡ ᠶᠢ | ᠪᠠᠭᠲᠠᠭᠠᠬᠤ ᠬᠡᠷᠡᠭᠲᠡᠶ᠃ ᠲᠤᠭᠤᠷᠪᠢᠨ ᠲᠣᠭᠲᠠᠭᠠᠭᠰᠠᠨ ᠰᠢᠢᠳᠪᠦᠷᠢᠲᠦ ᠪᠣᠳᠣᠯᠭ᠎ᠠ ᠶᠢᠨ ᠲᠥᠰᠦᠯ ᠳᠤ᠂ | ᠰᠢᠢᠳᠪᠦᠷᠢᠲᠦ ᠪᠣᠳᠣᠯᠭ᠎ᠠ ᠶᠢᠨ ᠵᠦᠢᠯᠡᠰ ᠲᠤ ᠬᠤᠯᠪᠣᠭᠳᠠᠬᠤ ᠬᠠᠮᠢᠶ᠎ᠠ ᠪᠦᠬᠦᠢ ᠭᠠᠵᠠᠷ ᠣᠷᠣᠨ ᠪᠣᠯᠤᠨ ᠨᠢᠭᠡᠴᠡ ᠳᠤ | ᠪᠢᠴᠢᠭ ᠢᠶᠠᠷ ᠰᠠᠨᠠᠯ ᠬᠤᠷᠢᠶᠠᠬᠤ ᠬᠡᠷᠡᠭᠲᠡᠶ᠃ | 2. ᠰᠢᠢᠳᠪᠦᠷᠢᠲᠦ ᠪᠣᠳᠣᠯᠭ᠎ᠠ ᠲᠣᠭᠲᠠᠭᠠᠬᠤ ᠲᠥᠰᠦᠯ ᠢ ᠲᠣᠭᠲᠠᠭᠠᠬᠤ ᠳᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠵᠦᠢᠯᠡᠰ᠂ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠬᠠᠷᠠᠯᠲᠠ᠂ ᠰᠢᠢᠳᠪᠦᠷᠢᠲᠦ ᠪᠣᠳᠣᠯᠭ᠎ᠠ | ᠲᠣᠭᠲᠠᠭᠠᠬᠤ ᠦᠨᠳᠦᠰᠦᠯᠡᠯ᠂ ᠠᠵᠢᠯ ᠤᠨ ᠡᠭᠦᠷᠭᠡ᠂ ᠠᠷᠭ᠎ᠠ ᠬᠡᠮᠵᠢᠶ᠎ᠡ᠂ ᠴᠠᠭ ᠬᠤᠭᠤᠴᠠᠭ᠎ᠠ ᠠᠯᠬᠤᠮ ᠳᠠᠷᠠᠭ᠎ᠠ᠂ | ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠢ ᠬᠡᠷᠡᠭᠵᠢᠭᠦᠯᠬᠦ ᠪᠠ ᠬᠠᠮᠵᠢᠯᠴᠠᠬᠤ ᠨᠢᠭᠡᠴᠡ᠂ ᠵᠠᠷᠤᠳᠠᠯ ᠤᠨ | ᠲᠥᠰᠦᠪ᠂ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠲᠥᠯᠥᠪᠯᠡᠭᠡ ᠵᠡᠷᠭᠡ | ᠬᠠᠮᠢᠶ᠎ᠠ ᠪᠦᠬᠦᠢ ᠠᠭᠤᠯᠭ᠎ᠠ ᠶᠢ ᠪᠠᠭᠲᠠᠭᠠᠬᠤ ᠶᠢᠨ ᠬᠠᠮᠲᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ | ᠲᠥᠰᠦᠯ ᠲᠤᠭᠤᠷᠪᠢᠬᠤ ᠲᠣᠳᠣᠷᠬᠠᠶᠢᠯᠠᠯᠲᠠ ᠶᠢ ᠳᠠᠭᠠᠯᠳᠤᠭᠤᠯᠬᠤ ᠬᠡᠷᠡᠭᠲᠡᠶ᠃ | ︵ᠬᠤᠶᠠᠷ︶ ᠣᠯᠠᠨ ᠲᠦᠮᠡᠨ ᠤᠷᠤᠯᠴᠠᠬᠤ᠃ ᠬᠠᠤᠯᠢ ᠶᠣᠰᠣᠭᠠᠷ ᠢᠯᠡ ᠪᠣᠯᠭᠠᠬᠤ ᠦᠭᠡᠢ ᠰᠢᠢᠳᠪᠦᠷᠢᠲᠦ | ᠪᠣᠳᠣᠯᠭ᠎ᠠ ᠶᠢᠨ ᠵᠦᠢᠯᠡᠰ ᠠᠴᠠ ᠭᠠᠳᠠᠨ᠎ᠠ᠂ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ | ᠨᠢᠭᠡᠴᠡ ᠨᠢ ᠶᠠᠷᠢᠯᠴᠠᠬᠤ ᠬᠤᠷᠠᠯ᠂ ᠭᠡᠷᠡᠴᠢᠯᠡᠭᠡ ᠰᠣᠨᠣᠰᠬᠤ ᠬᠤᠷᠠᠯ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ | ᠪᠢᠴᠢᠭ ᠢᠶᠠᠷ ᠰᠠᠨᠠᠯ ᠬᠤᠷᠢᠶᠠᠬᠤ᠂ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠬᠤ᠂ ᠠᠰᠠᠭᠤᠯᠲᠠ ᠶᠢᠨ | ᠬᠠᠭᠤᠳᠠᠰᠤ ᠪᠠᠷ ᠪᠠᠶᠢᠴᠠᠭᠠᠬᠤ᠂ ᠠᠷᠠᠳ ᠤᠨ ᠰᠠᠨᠠᠭ᠎ᠠ ᠶᠢ ᠣᠶᠢᠯᠠᠭᠠᠬᠤ ᠵᠡᠷᠭᠡ ᠠᠷᠭ᠎ᠠ ᠮᠠᠶ᠋ᠢᠭ ᠢᠶᠠᠷ ᠥᠷᠭᠡᠨ ᠢᠶᠠᠷ | ᠰᠠᠨᠠᠯ ᠢ ᠰᠣᠨᠣᠰᠣᠨ᠎ᠠ᠃ | 1. ᠰᠢᠢᠳᠪᠦᠷᠢᠲᠦ ᠪᠣᠳᠣᠯᠭ᠎ᠠ ᠶᠢᠨ ᠵᠦᠢᠯᠡᠰ ᠨᠢ ᠨᠡᠶᠢᠭᠡᠮ ᠨᠡᠶᠢᠲᠡ ᠶᠢᠨ ᠠᠰᠢᠭ ᠲᠤᠰᠠ ᠳᠤ ᠬᠤᠯᠪᠣᠭᠳᠠᠪᠠᠯ᠂ | ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠦ ᠭᠦᠢᠴᠡᠳᠭᠡᠬᠦ ᠨᠢᠭᠡᠴᠡ ᠨᠢ ᠵᠠᠰᠠᠭ ᠤᠨ ᠣᠷᠳᠣᠨ ᠤ ᠰᠦᠯᠵᠢᠶ᠎ᠡ᠂ | ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠰᠢᠢᠳᠪᠦᠷᠢᠲᠦ | ᠪᠣᠳᠣᠯᠭ᠎ᠠ ᠶᠢᠨ ᠲᠥᠰᠦᠯ᠂ ᠲᠣᠳᠣᠷᠬᠠᠶᠢᠯᠠᠯᠲᠠ᠂ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠵᠡᠷᠭᠡ | ᠠᠭᠤᠯᠭ᠎ᠠ ᠶᠢ ᠨᠡᠶᠢᠲᠡᠯᠡᠵᠦ᠂ ᠰᠠᠨᠠᠯ ᠳᠤᠷᠠᠳᠬᠤ ᠠᠷᠭ᠎ᠠ ᠮᠠᠶ᠋ᠢᠭ ᠪᠠ ᠬᠤᠭᠤᠴᠠᠭ᠎ᠠ ᠬᠢᠵᠠᠭᠠᠷ ᠢ ᠲᠣᠳᠣᠷᠬᠠᠶᠢᠯᠠᠨ᠎ᠠ᠃ | ᠢᠯᠡ ᠪᠠᠷ ᠰᠠᠨᠠᠯ ᠬᠤᠷᠢᠶᠠᠬᠤ ᠬᠤᠭᠤᠴᠠᠭ᠎ᠠ ᠨᠢ ᠡᠩ ᠤᠨ ᠪᠠᠶᠢᠳᠠᠯ ᠳᠤ 30 ᠡᠳᠦᠷ ᠠᠴᠠ ᠳᠣᠳᠠᠭᠤ ᠦᠬᠡᠢ ᠪᠠᠶᠢᠵᠦ | ᠂ ᠪᠠᠴᠢᠮ ᠪᠠᠶᠢᠳᠠᠯ ᠠᠴᠠ ᠪᠣᠯᠵᠤ ᠬᠤᠭᠤᠴᠠᠭ᠎ᠠ ᠶᠢ ᠪᠣᠭᠤᠨᠢᠰᠬᠠᠬᠤ ᠴᠢᠬᠤᠯᠠ ᠲᠠᠢ ᠪᠣᠯ ᠢᠯᠡ ᠪᠠᠷ ᠰᠠᠨᠠᠯ | ᠬᠤᠷᠢᠶᠠᠬᠤ ᠳᠠᠭᠠᠨ ᠲᠣᠳᠣᠷᠬᠠᠶᠢᠯᠠᠬᠤ ᠬᠡᠷᠡᠭᠲᠡᠶ᠃ | 2. ᠰᠢᠢᠳᠪᠦᠷᠢᠲᠦ ᠪᠣᠳᠣᠯᠭ᠎ᠠ ᠶᠢᠨ ᠵᠦᠢᠯᠡᠰ ᠨᠢ ᠣᠨᠴᠠ ᠲᠣᠭᠲᠠᠭᠰᠠᠨ ᠬᠦᠮᠦᠰ ᠤᠨ ᠠᠰᠢᠭ ᠲᠤᠰᠠ ᠳᠤ | ᠬᠤᠯᠪᠣᠭᠳᠠᠪᠠᠯ᠂ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠦ ᠭᠦᠢᠴᠡᠳᠭᠡᠬᠦ ᠨᠢᠭᠡᠴᠡ ᠨᠢ ᠬᠠᠮᠢᠶ᠎ᠠ ᠪᠥᠬᠦᠶ | ᠠᠷᠠᠳ ᠤᠨ ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠣᠯᠠᠨ ᠲᠦᠮᠡᠨ ᠤ ᠲᠥᠯᠥᠭᠡᠯᠡᠭᠴᠢ ᠲᠠᠢ | ᠨᠡᠪᠲᠡᠷᠡᠯᠴᠡᠨ ᠵᠥᠪᠳᠡᠯᠴᠡᠵᠦ᠂ ᠬᠠᠮᠢᠶ᠎ᠠ ᠪᠥᠬᠦᠶ ᠬᠦᠮᠦᠰ ᠤᠨ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠬᠤ | ᠬᠡᠷᠡᠭᠲᠡᠶ᠃ | 3. ᠰᠶᠢᠳᠪᠦᠷᠢᠲᠦ ᠪᠤᠳᠤᠯᠭ᠎ᠠ ᠶᠢᠨ ᠵᠦᠢᠯᠡᠰ ᠨᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ | ᠠᠵᠢᠯᠯᠠᠭ᠎ᠠ ᠲᠠᠢ ᠨᠢᠭᠲᠠ ᠬᠤᠯᠪᠣᠭ᠎ᠠ ᠲᠠᠢ᠂ ᠠᠵᠤ ᠠᠬᠤᠶᠢᠯᠠᠯ ᠤᠨ ᠲᠤᠰ ᠪᠡᠶ᠎ᠡ ᠶᠢᠨ ᠠᠰᠢᠭ ᠲᠤᠰᠠ ᠪᠤᠶᠤ ᠡᠷᠬᠡ | ᠡᠭᠦᠷᠭᠡ ᠶᠢᠨ ᠴᠢᠬᠤᠯᠠ ᠶᠡᠭᠡ ᠨᠥᠯᠥᠭᠡ ᠲᠠᠢ ᠪᠠᠶᠢᠪᠠᠯ᠂ ᠰᠢᠢᠳᠪᠦᠷᠢᠲᠦ ᠪᠤᠳᠤᠯᠭ᠎ᠠ ᠶᠢ ᠳᠠᠭᠠᠭᠠᠨ ᠠᠪᠴᠦ | ᠭᠦᠢᠴᠡᠳᠭᠡᠬᠦ ᠨᠢᠭᠡᠴᠡ ᠨᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠬᠥᠳᠡᠯᠮᠦᠷᠢ ᠨᠢᠭᠲᠠᠷᠠᠭᠰᠠᠨ ᠠᠵᠤ | ᠠᠬᠤᠶᠢᠯᠠᠯ᠂ ᠳᠤᠮᠳᠠ ᠪᠠᠭ᠎ᠠ ᠠᠵᠤ ᠠᠬᠤᠶᠢᠯᠠᠯ ᠵᠡᠷᠭᠡ ᠶᠢ ᠪᠠᠭᠲᠠᠭᠠᠭᠰᠠᠨ ᠲᠥᠯᠥᠭᠡᠯᠡᠬᠦ ᠴᠢᠨᠠᠷᠲᠠᠢ ᠠᠵᠤ ᠠᠬᠤᠶᠢᠯᠠᠯ | ᠪᠣᠯᠤᠨ ᠬᠤᠯᠪᠣᠭᠳᠠᠯ ᠪᠦᠬᠦᠢ ᠠᠵᠢᠯ ᠲᠦᠷᠦᠯ ᠤᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠤᠨ ᠰᠠᠨᠠᠯ | ᠰᠠᠨᠠᠭᠤᠯᠭ᠎ᠠ ᠶᠢ ᠭᠦᠢᠴᠡᠳ ᠰᠣᠨᠣᠰᠬᠤ ᠶᠢᠨ ᠬᠠᠮᠲᠤ ᠨᠡᠪᠲᠡᠷᠡᠯᠴᠡᠨ ᠵᠥᠪᠳᠡᠯᠴᠡᠬᠦ ᠬᠡᠷᠡᠭᠲᠡᠢ᠃ | 4. ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠲᠤ ᠠᠷᠠᠳ ᠢᠷᠭᠡᠨ᠂ ᠬᠠᠤᠯᠢ ᠶᠢᠨ ᠡᠷᠬᠡᠲᠡᠨ᠂ | ᠪᠤᠰᠤᠳ ᠵᠣᠬᠢᠶᠠᠨ ᠪᠠᠶᠢᠭᠤᠯᠤᠯᠲᠠ ᠶᠢᠨ ᠲᠤᠰ ᠪᠡᠶ᠎ᠡ ᠶᠢᠨ ᠠᠰᠢᠭ ᠲᠤᠰᠠ ᠳᠤ ᠰᠢᠭᠤᠳ ᠬᠤᠯᠪᠣᠭᠳᠠᠬᠤ ᠪᠤᠶᠤ | ᠨᠡᠯᠢᠶᠡᠳ ᠶᠡᠭᠡ ᠵᠥᠷᠢᠯᠳᠦᠭᠡᠨ ᠣᠷᠣᠰᠢᠵᠤ ᠪᠠᠶᠢᠪᠠᠯ᠂ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ ᠪᠣᠯᠤᠨ᠎ᠠ᠃ | ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠭᠡᠷᠡᠴᠢᠯᠡᠭᠡ ᠰᠣᠨᠣᠰᠬᠤ | ᠬᠤᠷᠠᠯ ᠬᠤᠷᠠᠯᠳᠤᠭᠤᠯᠬᠤ ᠲᠤᠬᠠᠶ ᠠᠰᠲᠠᠭᠠᠨ ᠲᠣᠭᠲᠠᠭᠠᠯ ᠲᠠᠢ ᠪᠣᠯ᠂ ᠲᠡᠷᠡ ᠲᠣᠭᠲᠠᠭᠠᠯ ᠶᠣᠰᠣᠭᠠᠷ ᠨᠢ | ᠬᠡᠷᠡᠭᠵᠢᠭᠦᠯᠬᠦ ᠬᠡᠷᠡᠭᠲᠡᠶ᠃ ᠭᠡᠷᠡᠴᠢᠯᠡᠭᠡ ᠰᠣᠨᠣᠰᠬᠤ ᠬᠤᠷᠠᠯ ᠢ ᠢᠯᠡ ᠪᠠᠷ ᠬᠢᠵᠦ᠂ ᠰᠤᠯᠠ ᠰᠣᠨᠣᠰᠬᠤ ᠪᠠ ᠰᠣᠨᠢᠨ | ᠮᠡᠳᠡᠭᠡᠨ ᠤ ᠬᠢᠨ ᠤ ᠮᠡᠳᠡᠭᠡᠯᠡᠬᠦ ᠶᠢ ᠵᠦᠪᠰᠢᠶᠡᠷᠡᠨ᠎ᠡ᠂ ᠭᠡᠪᠡᠴᠦ ᠬᠠᠤᠯᠢ ᠶᠣᠰᠣᠭᠠᠷ ᠢᠯᠡ ᠪᠣᠯᠭᠠᠬᠤ ᠦᠭᠡᠶ ᠨᠢ | ᠡᠭᠦᠨ ᠳᠤ ᠪᠠᠭᠲᠠᠬᠤ ᠦᠭᠡᠶ᠃ | ︵ᠭᠤᠷᠪᠠ︶ ᠲᠤᠰᠬᠠᠢ ᠮᠡᠷᠭᠡᠵᠢᠯᠲᠡᠨ ᠠᠴᠠ ᠨᠣᠳᠠᠯᠠᠬᠤ᠃ ᠲᠤᠰᠬᠠᠶ ᠮᠡᠷᠭᠡᠵᠢᠯ ᠤᠨ ᠴᠢᠨᠠᠷ ᠢᠶᠠᠷ ᠨᠡᠯᠢᠶᠡᠳ | ᠴᠢᠩᠭ᠎ᠠ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠲᠤ᠂ | ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠨᠢ ᠲᠤᠰᠬᠠᠶ ᠮᠡᠷᠭᠡᠵᠢᠯᠲᠡᠨ᠂ ᠲᠤᠰᠬᠠᠶ | ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠲᠡᠭᠦᠨ ᠤ ᠴᠢᠬᠤᠯᠠ ᠴᠢᠨᠠᠷ᠂ ᠪᠣᠯᠤᠮᠵᠢᠲᠤ ᠴᠢᠨᠠᠷ᠂ ᠰᠢᠨᠵᠢᠯᠡᠬᠦ | ᠤᠬᠠᠭᠠᠨᠴᠢ ᠴᠢᠨᠠᠷ ᠵᠡᠷᠭᠡ ᠶᠢ ᠨᠤᠲᠠᠯᠠᠬᠤ ᠶᠢᠨ ᠬᠠᠮᠲᠤ ᠴᠢᠬᠤᠯᠠ ᠪᠦᠬᠦᠢ ᠪᠠᠲᠤᠯᠠᠭ᠎ᠠ ᠬᠠᠩᠭᠠᠬᠤ ᠬᠡᠷᠡᠭᠲᠡᠶ᠃ | ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠬᠤᠷᠠᠯ᠂ ᠪᠢᠴᠢᠭ ᠤᠨ ᠬᠡᠯᠪᠡᠷᠢ ᠪᠠᠷ ᠯᠠᠪᠯᠠᠯᠭ᠎ᠠ ᠥᠭᠬᠦ᠂ ᠯᠠᠪᠯᠠᠯᠭ᠎ᠠ | ᠥᠭᠴᠦ ᠨᠤᠲᠠᠯᠠᠯᠲᠠ ᠬᠢᠯᠭᠡᠬᠦ ᠵᠡᠷᠭᠡ ᠠᠷᠭ᠎ᠠ ᠮᠠᠶ᠋ᠢᠭ ᠢᠶᠠᠷ ᠥᠷᠨᠢᠭᠦᠯᠵᠦ ᠪᠣᠯᠤᠨ᠎ᠠ᠃ ᠲᠤᠰᠬᠠᠶ ᠮᠡᠷᠭᠡᠵᠢᠯᠲᠡᠨ᠂ | ᠲᠤᠰᠬᠠᠶ ᠪᠠᠶᠢᠭᠤᠯᠤᠮᠵᠢ ᠶᠢ ᠰᠣᠩᠭᠤᠨ ᠨᠤᠲᠠᠯᠠᠬᠤ ᠳᠤ ᠣᠷᠣᠯᠴᠠᠭᠤᠯᠬᠤ ᠳᠤ᠂ ᠲᠤᠰᠬᠠᠶ ᠮᠡᠷᠭᠡᠵᠢᠯ ᠤᠨ ᠴᠢᠨᠠᠷ᠂ | ᠲᠥᠯᠥᠭᠡᠯᠡᠬᠦ ᠴᠢᠨᠠᠷ ᠪᠣᠯᠤᠨ ᠬᠡᠪ ᠢᠶᠠᠨ ᠰᠠᠬᠢᠬᠤ ᠴᠢᠨᠠᠷ ᠢ ᠪᠠᠷᠢᠮᠲᠠᠯᠠᠨ᠂ ᠠᠳᠠᠯᠢ ᠪᠤᠰᠤ ᠰᠠᠨᠠᠯ ᠲᠠᠢ ᠲᠤᠰᠬᠠᠶ | ᠮᠡᠷᠭᠡᠵᠢᠯᠲᠡᠨ᠂ ᠲᠤᠰᠬᠠᠶ ᠪᠠᠶᠢᠭᠤᠯᠤᠮᠵᠢ ᠶᠢ ᠰᠣᠩᠭᠤᠬᠤ ᠶᠢ ᠴᠢᠬᠤᠯᠠᠴᠢᠯᠠᠬᠤ ᠬᠡᠷᠡᠭᠲᠡᠶ᠂ ᠰᠢᠢᠳᠪᠦᠷᠢᠲᠦ ᠪᠣᠳᠣᠯᠭ᠎ᠠ | ᠲᠣᠭᠲᠠᠭᠠᠬᠤ ᠵᠦᠢᠯᠡᠰ ᠲᠠᠢ ᠰᠢᠭᠤᠳ ᠠᠰᠢᠭ ᠬᠤᠤᠷ ᠤᠨ ᠬᠠᠷᠢᠴᠠᠭ᠎ᠠ ᠲᠠᠢ ᠲᠤᠰᠬᠠᠶ ᠮᠡᠷᠭᠡᠵᠢᠯᠲᠡᠨ᠂ ᠲᠤᠰᠬᠠᠶ | ᠪᠠᠶᠢᠭᠤᠯᠤᠮᠵᠢ ᠶᠢ ᠰᠣᠩᠭᠤᠵᠤ ᠪᠣᠯᠬᠤ ᠦᠭᠡᠶ᠃ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ | ᠨᠢᠭᠡᠴᠡ ᠨᠢ ᠲᠤᠰᠬᠠᠶ ᠮᠡᠷᠭᠡᠵᠢᠯᠲᠡᠨ ᠤ ᠨᠤᠲᠠᠯᠠᠭᠰᠠᠨ ᠰᠠᠨᠠᠯ ᠢ ᠬᠤᠷᠢᠶᠠᠩᠭᠤᠶᠢᠯᠠᠨ ᠡᠮᠬᠢᠳᠬᠡᠵᠦ᠂ ᠵᠠᠳᠠᠯᠤᠨ | ᠰᠤᠳᠤᠯᠵᠤ᠂ ᠲᠤᠰᠬᠠᠶ ᠮᠡᠷᠭᠡᠵᠢᠯᠲᠡᠨ ᠤ ᠨᠤᠲᠠᠯᠠᠭᠰᠠᠨ ᠰᠠᠨᠠᠯ ᠢ ᠬᠦᠯᠢᠶᠡᠨ ᠠᠪᠤᠭᠰᠠᠨ ᠪᠠᠶᠢᠳᠠᠯ ᠤᠨ | ᠮᠡᠳᠡᠭᠦᠯᠦᠯᠲᠡ ᠶᠢ ᠪᠢᠴᠢᠵᠦ᠂ ᠮᠡᠳᠡᠭᠦᠯᠦᠯᠲᠡ ᠳᠤ ᠲᠤᠰᠬᠠᠶ ᠮᠡᠷᠭᠡᠵᠢᠯᠲᠡᠨ ᠤ ᠨᠤᠲᠠᠯᠠᠭᠰᠠᠨ ᠦᠨᠳᠦᠰᠦᠨ ᠪᠠᠶᠢᠳᠠᠯ᠂ | ᠲᠤᠰᠬᠠᠶ ᠮᠡᠷᠭᠡᠵᠢᠯᠲᠡᠨ ᠤ ᠭᠤᠤᠯ ᠰᠠᠨᠠᠯ᠂ ᠰᠠᠨᠠᠯ ᠢ ᠰᠤᠳᠤᠯᠤᠨ ᠬᠦᠯᠢᠶᠡᠨ ᠠᠪᠤᠭᠰᠠᠨ ᠪᠠᠶᠢᠳᠠᠯ ᠪᠣᠯᠤᠨ ᠰᠢᠯᠲᠠᠭᠠᠨ | ᠵᠡᠷᠭᠡ ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠶ᠃ | ︵ᠲᠦᠷᠪᠡ︶ ᠠᠶᠤᠯ ᠲᠦᠭᠰᠢᠭᠦᠷᠢ ᠶᠢ ᠦᠨᠡᠯᠡᠨ ᠵᠢᠱᠢᠬᠦ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ | ᠪᠣᠳᠣᠯᠭ᠎ᠠ ᠲᠣᠭᠲᠠᠭᠠᠬᠤ ᠳᠤ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠰᠢᠭᠤᠳ ᠬᠤᠯᠪᠣᠭᠳᠠᠬᠤ | ᠮᠥᠷᠲᠡᠭᠡᠨ ᠬᠤᠯᠪᠣᠭᠳᠠᠬᠤ ᠬᠡᠪᠴᠢᠶ᠎ᠡ ᠨᠢ ᠥᠷᠭᠡᠨ ᠪᠠᠶᠢᠵᠤ᠂ ᠬᠡᠷᠡᠭᠵᠢᠭᠦᠯᠬᠦ ᠶᠠᠪᠤᠴᠠ ᠳᠤ ᠠᠵᠤ ᠠᠬᠤᠶ ᠶᠢᠨ | ᠬᠥᠭᠵᠢᠯᠲᠡ᠂ ᠨᠡᠶᠢᠭᠡᠮ ᠤᠨ ᠲᠣᠭᠲᠠᠭᠤᠨ᠂ ᠠᠮᠢ ᠠᠬᠤᠶ ᠣᠷᠴᠢᠨ ᠲᠣᠭᠤᠷᠢᠨ᠂ ᠣᠯᠠᠨ ᠨᠡᠶᠢᠲᠡ ᠶᠢᠨ ᠠᠮᠤᠷ | ᠲᠦᠪᠰᠢᠨ ᠵᠡᠷᠭᠡ ᠳᠤ ᠠᠰᠢᠭ ᠦᠭᠡᠶ ᠨᠥᠯᠥᠭᠡ ᠤᠴᠠᠷᠠᠭᠤᠯᠵᠤ ᠮᠡᠳᠡᠬᠦ ᠳᠤ ᠬᠦᠷᠪᠡᠯ᠂ ᠰᠢᠢᠳᠪᠦᠷᠢᠲᠦ ᠪᠣᠳᠣᠯᠭ᠎ᠠ ᠶᠢ | ᠳᠠᠭᠠᠭᠠᠨ ᠠᠪᠴᠤ ᠭᠦᠢᠴᠡᠳᠬᠡᠬᠦ ᠨᠢᠭᠡᠴᠡ ᠨᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠴᠠ ᠡᠮᠦᠨ᠎ᠡ | ᠲᠦᠭᠰᠢᠭᠦᠷᠢ ᠶᠢᠨ ᠦᠨᠡᠯᠡᠨ ᠵᠢᠱᠢᠯᠲᠡ ᠬᠢᠬᠦ ᠬᠡᠷᠡᠭᠲᠡᠶ᠃ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ | ᠥᠷᠨᠢᠭᠦᠯᠬᠦ ᠳᠤ ᠲᠤᠰᠬᠠᠶ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠭᠤᠷᠪᠠᠳᠠᠬᠢ | ᠡᠲᠡᠭᠡᠳ ᠲᠤ ᠨᠠᠶᠢᠳᠠᠵᠤ ᠪᠣᠯᠤᠨ᠎ᠠ᠃ ᠦᠨᠡᠯᠡᠨ ᠵᠢᠱᠢᠭᠰᠡᠨ ᠦᠷ᠎ᠡ ᠳ᠋ᠦᠩ ᠢ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃ ᠰᠢᠢᠳᠪᠦᠷᠢᠲᠦ ᠪᠤᠳᠤᠯᠭ᠎ᠠ | ᠲᠣᠭᠲᠠᠭᠠᠬᠤ ᠪᠠᠶᠢᠭᠤᠯᠭ᠎ᠠ ᠠᠴᠠ ᠲᠦᠭᠰᠢᠭᠦᠷᠢ ᠶᠢ ᠡᠵᠡᠮᠳᠡᠵᠦ ᠳᠡᠶᠢᠯᠦᠨ᠎ᠡ ᠭᠡᠵᠦ ᠦᠵᠡᠪᠡᠯ᠂ ᠰᠢᠢᠳᠪᠦᠷᠢᠲᠦ | ᠪᠤᠳᠤᠯᠭ᠎ᠠ ᠲᠣᠭᠲᠠᠭᠠᠵᠤ ᠪᠣᠯᠤᠨ᠎ᠠ︔ ᠲᠦᠭᠰᠢᠭᠦᠷᠢ ᠶᠢ ᠡᠵᠡᠮᠳᠡᠵᠦ ᠳᠡᠶᠢᠯᠬᠦ ᠦᠭᠡᠢ ᠭᠡᠵᠦ ᠦᠵᠡᠪᠡᠯ᠂ | ᠰᠢᠢᠳᠪᠦᠷᠢᠲᠦ ᠪᠤᠳᠤᠯᠭ᠎ᠠ ᠶᠢᠨ ᠲᠥᠰᠦᠯ ᠢ ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ | ᠲᠦᠭᠰᠢᠭᠦᠷᠢ ᠶᠢ ᠦᠨᠡᠨ ᠬᠦ ᠡᠵᠡᠮᠳᠡᠵᠦ ᠳᠡᠶᠢᠯᠬᠦ ᠶᠢ ᠪᠠᠲᠤᠯᠠᠭᠰᠠᠨ ᠤ ᠲᠠᠷᠠᠭ᠎ᠠ᠂ ᠰᠢᠢᠳᠪᠦᠷᠢᠲᠦ ᠪᠤᠳᠤᠯᠭ᠎ᠠ | ᠲᠣᠭᠲᠠᠭᠠᠵᠤ ᠪᠣᠯᠤᠨ᠎ᠠ᠃ | ︵ᠲᠠᠪᠤ︶ ᠬᠠᠤᠯᠢ ᠶᠤᠰᠤᠴᠢ ᠴᠢᠨᠠᠷ ᠢ ᠬᠢᠨᠠᠨ ᠪᠠᠶᠢᠴᠠᠭᠠᠬᠤ᠃ ᠠᠶᠢᠮᠠᠭ ᠤᠨ ᠵᠠᠬᠢᠷᠭ᠎ᠠ ᠶᠢᠨ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠳᠤ ᠬᠤᠶᠠᠷ | ᠱᠠᠲᠤᠨ ᠤ ᠬᠢᠨᠠᠨ ᠪᠠᠶᠢᠴᠠᠭᠠᠬᠤ ᠲᠣᠭᠲᠠᠴᠠ ᠶᠢ ᠬᠡᠷᠡᠭᠵᠢᠭᠦᠯᠵᠦ᠂ ᠲᠣᠰ ᠲᠣᠰ ᠰᠢᠢᠳᠪᠦᠷᠢᠲᠦ ᠪᠣᠳᠣᠯᠭ᠎ᠠ ᠶᠢ | ᠳᠠᠭᠠᠭᠠᠨ ᠠᠪᠴᠦ ᠭᠦᠢᠴᠡᠳᠭᠡᠬᠦ ᠨᠢᠭᠡᠴᠡ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠᠶᠢᠭᠤᠯᠤᠮᠵᠢ ᠪᠠ | ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠠᠴᠠ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠰᠠᠯᠠᠭ᠎ᠠ ᠲᠠᠰᠤᠭ | ᠭᠦᠢᠴᠡᠳᠭᠡᠬᠦ ᠶᠢ ᠬᠠᠷᠢᠭᠤᠴᠠᠨ᠎ᠠ᠃ ᠡᠯ᠎ᠡ ᠭᠠᠵᠠᠷ ᠡᠯ᠎ᠡ ᠨᠢᠭᠡᠴᠡ ᠰᠠᠨᠠᠯ ᠬᠤᠷᠢᠶᠠᠬᠤ᠂ ᠶᠠᠷᠢᠯᠴᠠᠬᠤ ᠬᠤᠷᠠᠯ ᠬᠢᠬᠦ | ᠵᠡᠷᠭᠡ ᠠᠷᠭ᠎ᠠ ᠮᠠᠶ᠋ᠢᠭ ᠢᠶᠠᠷ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠶᠢ ᠣᠷᠣᠯᠠᠭᠤᠯᠵᠤ ᠪᠣᠯᠬᠤ ᠦᠭᠡᠢ᠃ | 1. ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠠᠴᠠ ᠬᠠᠤᠯᠢ ᠶᠣᠰᠣᠴᠢ ᠴᠢᠨᠠᠷ ᠢ | ᠬᠢᠨᠠᠨ ᠪᠠᠶᠢᠴᠠᠭᠠᠨ᠎ᠠ᠃ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠶᠢᠨ ᠬᠠᠤᠯᠢ | ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ ᠰᠢᠢᠳᠪᠦᠷᠢᠲᠦ ᠪᠣᠳᠣᠯᠭ᠎ᠠ ᠶᠢᠨ ᠲᠥᠰᠦᠯ ᠤᠨ ᠬᠠᠤᠯᠢ | ᠶᠣᠰᠣᠴᠢ ᠴᠢᠨᠠᠷ ᠲᠤ ᠠᠩᠬᠠᠨ ᠤ ᠬᠢᠨᠠᠯᠲᠠ ᠬᠢᠬᠦ ᠶᠢ ᠬᠠᠷᠢᠭᠤᠴᠠᠵᠤ᠂ ᠰᠢᠢᠳᠪᠦᠷᠢᠲᠦ ᠪᠣᠳᠣᠯᠭ᠎ᠠ ᠶᠢᠨ ᠭᠤᠤᠯ | ᠴᠣᠭᠴᠠ ᠶᠢᠨ ᠡᠷᠬᠡ ᠮᠡᠳᠡᠯ᠂ ᠰᠢᠢᠳᠪᠦᠷᠢᠲᠦ ᠪᠣᠳᠣᠯᠭ᠎ᠠ ᠶᠢᠨ ᠲᠥᠰᠦᠯ ᠤᠨ ᠠᠭᠤᠯᠭ᠎ᠠ ᠶᠢᠨ ᠬᠠᠤᠯᠢ ᠶᠣᠰᠣᠴᠢ | ᠴᠢᠨᠠᠷ ᠵᠢᠴᠢ ᠰᠢᠢᠳᠪᠦᠷᠢᠲᠦ ᠪᠣᠳᠣᠯᠭ᠎ᠠ ᠶᠢᠨ ᠳᠡᠰ ᠳᠠᠷᠠᠭᠠᠯᠠᠯ ᠢ ᠭᠦᠢᠴᠡᠳᠬᠡᠭᠰᠡᠨ ᠪᠠᠶᠢᠳᠠᠯ ᠵᠡᠷᠭᠡ ᠠᠭᠤᠯᠭ᠎ᠠ ᠶᠢ | ᠭᠤᠤᠯᠳᠠᠯᠭ᠎ᠠ ᠲᠠᠢ ᠬᠢᠨᠠᠨ ᠪᠠᠶᠢᠴᠠᠭᠠᠬᠤ ᠶᠢᠨ ᠬᠠᠮᠲᠤ ᠬᠢᠨᠠᠨ ᠪᠠᠶᠢᠴᠠᠭᠠᠭᠰᠠᠨ ᠰᠠᠨᠠᠯ ᠢᠶᠠᠨ ᠪᠢᠴᠢᠭ ᠢᠶᠠᠷ ᠭᠠᠷᠭᠠᠵᠤ | ᠥᠭᠬᠦ ᠬᠡᠷᠡᠭᠲᠡᠶ᠃ | 2. ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠠᠴᠠ ᠴᠤᠬᠤᠯᠠᠪᠤᠷᠢᠯᠠᠨ ᠳᠠᠮᠵᠢᠭᠤᠯᠤᠨ᠎ᠠ᠃ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠨᠢ ᠲᠥᠰᠦᠯ ᠢ | ᠪᠠᠶᠢᠴᠠᠭᠠᠨ ᠰᠤᠳᠤᠯᠵᠤ ᠲᠣᠭᠲᠠᠭᠠᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ | ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠲᠣᠰ ᠨᠢᠭᠡᠴᠡ ᠶᠢᠨ ᠬᠠᠤᠯᠢ ᠶᠣᠰᠣᠴᠢ ᠴᠢᠨᠠᠷ ᠢ ᠬᠢᠨᠠᠨ | ᠪᠠᠶᠢᠴᠠᠭᠠᠬᠤ ᠵᠡᠷᠭᠡ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠤ | ᠳᠠᠷᠠᠭ᠎ᠠ ᠪᠣᠶ ᠪᠣᠯᠤᠭᠰᠠᠨ ᠰᠢᠢᠳᠪᠦᠷᠢᠲᠦ ᠪᠣᠳᠣᠯᠭ᠎ᠠ ᠶᠢᠨ ᠲᠥᠰᠦᠯ ᠤᠨ ᠬᠢᠨᠠᠭᠤᠯᠬᠤ ᠨᠣᠤᠷᠠᠭ᠂ ᠲᠤᠭᠤᠷᠪᠢᠭᠰᠠᠨ | ᠲᠣᠳᠣᠷᠬᠠᠶᠢᠯᠠᠯᠲᠠ᠂ ᠰᠢᠢᠳᠪᠦᠷᠢᠲᠦ ᠪᠣᠳᠣᠯᠭ᠎ᠠ ᠶᠢᠨ ᠲᠠᠰ ᠳᠠᠷᠠᠭᠠᠯᠠᠯ ᠢ ᠡᠬᠢᠯᠡᠭᠦᠯᠬᠦ᠂ ᠬᠠᠮᠢᠶ᠎ᠠ ᠪᠥᠬᠦᠶ ᠬᠠᠤᠯᠢ | ᠴᠠᠭᠠᠵᠠ ᠶᠢᠨ ᠦᠨᠳᠦᠰᠦᠯᠡᠯ᠂ ᠰᠠᠨᠠᠯ ᠬᠤᠷᠢᠶᠠᠭᠰᠠᠨ ᠪᠠᠶᠢᠳᠠᠯ᠂ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ | ᠬᠦᠢᠴᠡᠳᠭᠡᠬᠦ᠂ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠦ ᠭᠦᠢᠴᠡᠳᠭᠡᠬᠦ ᠨᠢᠭᠡᠴᠡ ᠶᠢᠨ ᠬᠠᠤᠯᠢ ᠶᠣᠰᠣᠴᠢ | ᠴᠢᠨᠠᠷ ᠢ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠬᠢᠨᠠᠨ ᠪᠠᠶᠢᠴᠠᠭᠠᠭᠰᠠᠨ ᠰᠠᠨᠠᠯ ᠵᠡᠷᠭᠡ ᠮᠠᠲ᠋ᠧᠷᠢᠶᠠᠯ ᠢ ᠠᠶᠢᠮᠠᠭ ᠤᠨ | ᠵᠠᠬᠢᠷᠭ᠎ᠠ ᠶᠢᠨ ᠠᠯᠪᠠᠨ ᠬᠡᠷ ᠲᠤ ᠮᠡᠳᠡᠭᠦᠯᠦᠨ ᠬᠦᠷᠭᠡᠵᠦ᠂ ᠳᠣᠲᠣᠭᠠᠳᠤ ᠳᠠᠭᠠᠨ ᠪᠢᠴᠢᠭ ᠮᠠᠲ᠋ᠧᠷᠢᠶᠠᠯ ᠭᠥᠯᠢᠶᠡᠨ | ᠠᠪᠴᠤ᠂ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠲᠤ ᠴᠤᠬᠤᠯᠠᠪᠦᠷᠢᠯᠠᠨ ᠳᠠᠮᠵᠢᠭᠤᠯᠵᠤ | ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠬᠡᠷᠡᠭᠲᠡᠶ᠃ | 3. ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠠᠴᠠ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠃ | ᠰᠶᠢᠳᠪᠦᠷᠢᠲᠦ ᠪᠤᠳᠤᠯᠭ᠎ᠠ ᠶᠢᠨ ᠲᠥᠰᠦᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠳᠤ ᠴᠢᠬᠤᠯᠠ ᠪᠦᠬᠦᠢ | ᠬᠢᠨᠠᠨ ᠪᠠᠶᠢᠴᠠᠭᠠᠬᠤ ᠴᠠᠭ ᠢ ᠪᠠᠲᠤᠯᠠᠵᠤ᠂ ᠡᠩ ᠤᠨ ᠪᠠᠶᠢᠳᠠᠯ ᠳᠤ 7 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ | ᠪᠣᠯᠬᠤ ᠦᠭᠡᠢ᠃ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠨᠢᠬᠡᠴᠡ ᠨᠢ ᠰᠢᠢᠳᠪᠦᠷᠢᠲᠦ ᠪᠣᠳᠣᠯᠭ᠎ᠠ ᠶᠢᠨ | ᠵᠦᠢᠯᠡᠰ ᠤᠨ ᠡᠷᠬᠡ ᠶᠢᠨ ᠬᠡᠪᠴᠢᠶ᠎ᠡ᠂ ᠠᠭᠤᠯᠭ᠎ᠠ ᠪᠠ ᠭᠦᠢᠴᠡᠳᠬᠡᠬᠦ ᠵᠢᠷᠤᠮ ᠨᠢ ᠬᠠᠤᠯᠢ ᠲᠣᠭᠲᠠᠭᠠᠯ ᠳᠤ ᠨᠡᠶᠢᠴᠡᠬᠦ | ᠡᠰᠡᠬᠦ ᠶᠢ ᠪᠦᠬᠦ ᠲᠠᠯ᠎ᠠ ᠪᠠᠷ ᠬᠢᠨᠠᠨ ᠪᠠᠶᠢᠴᠠᠭᠠᠬᠤ ᠶᠢᠨ ᠬᠠᠮᠲᠤ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠭᠰᠠᠨ | ᠰᠠᠨᠠᠯ ᠤᠨ ᠪᠢᠴᠢᠭ ᠭᠠᠷᠭᠠᠬᠤ ᠬᠡᠷᠡᠭᠲᠡᠶ᠃ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠭᠰᠠᠨ ᠰᠠᠨᠠᠯ ᠤᠨ | ᠪᠢᠴᠢᠭ ᠲᠤ ᠬᠢᠨᠠᠨ ᠪᠠᠶᠢᠴᠠᠭᠠᠭᠰᠠᠨ ᠦᠨᠳᠦᠰᠦᠨ ᠪᠠᠶᠢᠳᠠᠯ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠭᠰᠠᠨ | ᠳ᠋ᠦᠩᠨᠡᠯᠲᠡ᠂ ᠬᠠᠤᠯᠢ ᠶᠣᠰᠣᠴᠢ ᠴᠢᠨᠠᠷ ᠤᠨ ᠠᠰᠠᠭᠤᠳᠠᠯ ᠣᠷᠣᠰᠢᠵᠤ ᠪᠠᠶᠢᠭ᠎ᠠ ᠬᠤᠯᠪᠣᠭᠳᠠᠯ ᠪᠦᠬᠦᠢ | ᠲᠣᠳᠣᠷᠬᠠᠶᠢᠯᠠᠯᠲᠠ ᠵᠢᠴᠢ ᠤᠴᠢᠷ ᠰᠢᠯᠲᠠᠭᠠᠨ ᠵᠡᠷᠭᠡ ᠠᠭᠤᠯᠭ᠎ᠠ ᠶᠢ ᠲᠣᠳᠣᠷᠬᠠᠶ ᠲᠡᠮᠳᠡᠭᠯᠡᠬᠦ ᠬᠡᠷᠡᠭᠲᠡᠶ᠃ | ︵ᠵᠢᠷᠭᠤᠭ᠎ᠠ︶ ᠬᠠᠮᠲᠤ ᠪᠠᠷ ᠶᠠᠷᠢᠯᠴᠠᠨ ᠳᠣᠭᠳᠠᠭᠠᠬᠤ᠃ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ | ᠭᠦᠢᠴᠡᠳᠭᠡᠬᠦ ᠨᠢᠭᠡᠴᠡ ᠨᠢ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠬᠠᠤᠯᠢ ᠶᠣᠰᠣᠴᠢ ᠴᠢᠨᠠᠷ ᠢ ᠬᠢᠨᠠᠨ | ᠪᠠᠶᠢᠴᠠᠭᠠᠭᠰᠠᠨ ᠰᠠᠨᠠᠯ ᠤᠨ ᠶᠣᠰᠣᠭᠠᠷ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ | ᠲᠥᠰᠦᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠤ ᠳᠠᠷᠠᠭ᠎ᠠ᠂ ᠰᠢᠢᠳᠪᠦᠷᠢᠲᠦ ᠪᠣᠳᠣᠯᠭ᠎ᠠ ᠶᠢᠨ ᠲᠥᠰᠦᠯ | ᠂ ᠲᠤᠭᠤᠷᠪᠢᠭᠰᠠᠨ ᠲᠣᠳᠣᠷᠬᠠᠶᠢᠯᠠᠯᠲᠠ᠂ ᠰᠠᠨᠠᠯ ᠬᠤᠷᠢᠶᠠᠭᠰᠠᠨ ᠵᠢᠴᠢ ᠭᠥᠯᠢᠶᠡᠨ ᠠᠪᠤᠭᠰᠠᠨ ᠪᠠᠶᠢᠳᠠᠯ᠂ ᠬᠠᠤᠯᠢ ᠪᠠᠷ | ᠲᠣᠭᠲᠠᠭᠠᠭᠰᠠᠨ ᠲᠠᠰ ᠳᠠᠷᠠᠭᠠᠯᠠᠯ ᠢ ᠬᠦᠢᠴᠡᠳᠭᠡᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠭᠰᠠᠨ ᠰᠠᠨᠠᠯ | ᠵᠡᠷᠭᠡ ᠶᠢ ᠬᠤᠷᠢᠶᠠᠩᠭᠤᠶᠢᠯᠠᠨ ᠪᠦᠷᠢᠯᠳᠦᠭᠦᠯᠵᠦ ᠵᠢᠭᠠᠪᠤᠷᠢ ᠠᠪᠬᠤ ᠮᠠᠲ᠋ᠧᠷᠢᠶᠠᠯ ᠢ ᠠᠶᠢᠮᠠᠭ ᠤᠨ ᠵᠠᠬᠢᠷᠭ᠎ᠠ ᠳᠤ | ᠮᠡᠳᠡᠭᠦᠯᠦᠨ ᠰᠣᠳᠣᠯᠣᠭᠤᠯᠣᠨᠠ᠃ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠨᠢ ᠱᠠᠭᠠᠷᠳᠠᠯᠭ᠎ᠠ ᠶᠣᠰᠣᠭᠠᠷ᠂ | ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠶᠢᠨ ᠬᠤᠷᠠᠯ ᠳᠤ ᠳᠡᠪᠰᠢᠭᠦᠯᠦᠭᠰᠡᠨ ᠵᠥᠪᠯᠡᠬᠦ | ᠵᠦᠢᠯ ᠤᠨ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠮᠠᠲ᠋ᠧᠷᠢᠶᠠᠯ ᠨᠢ | ᠪᠦᠷᠢᠨ ᠭᠦᠢᠴᠡᠳ ᠪᠠᠶᠢᠪᠠᠯ᠂ ᠳᠠᠭᠠᠭᠠᠨ ᠠᠪᠴᠤ ᠭᠦᠢᠴᠡᠳᠭᠡᠬᠦ ᠨᠢᠭᠡᠴᠡ ᠠᠴᠠ ᠠᠶᠢᠮᠠᠭ ᠤᠨ ᠵᠠᠬᠢᠷᠭ᠎ᠠ ᠶᠢᠨ | ᠪᠠᠶᠢᠩᠭᠤ ᠶᠢᠨ ᠬᠤᠷᠠᠯ ᠪᠤᠶᠤ ᠪᠦᠬᠦ ᠪᠦᠷᠢᠯᠳᠦᠬᠦᠨ ᠨᠢᠬᠡᠴᠡ ᠶᠢᠨ ᠬᠤᠷᠠᠯ ᠳᠤ ᠳᠡᠪᠰᠢᠭᠦᠯᠵᠦ ᠰᠤᠳᠤᠯᠤᠨ | ᠶᠠᠷᠢᠯᠴᠠᠭᠤᠯᠤᠨ᠎ᠠ᠃ ᠬᠠᠮᠲᠤ ᠪᠠᠷ ᠶᠠᠷᠢᠯᠴᠠᠵᠤ ᠲᠣᠭᠲᠠᠭᠠᠭᠰᠠᠨ ᠪᠠᠶᠢᠳᠠᠯ ᠢᠶᠠᠨ ᠦᠨᠡᠨ ᠪᠣᠳᠠᠲᠠᠶ ᠪᠠᠷ ᠲᠡᠮᠳᠡᠭᠯᠡᠬᠦ ᠶᠢᠨ | ᠬᠠᠮᠲᠤ ᠬᠤᠷᠠᠯ ᠤᠨ ᠲᠣᠪᠴᠢ ᠲᠡᠮᠳᠡᠭᠯᠡᠯ ᠬᠢᠵᠦ᠂ ᠠᠳᠠᠯᠢ ᠪᠤᠰᠤ ᠰᠠᠨᠠᠯ ᠢᠶᠠᠨ ᠦᠨᠡᠨ ᠪᠣᠳᠠᠲᠠᠶ ᠪᠠᠷ | ᠲᠣᠳᠣᠷᠬᠠᠶᠢᠯᠠᠬᠤ ᠬᠡᠷᠡᠭᠲᠡᠶ᠃ ᠠᠶᠢᠮᠠᠭ ᠤᠨ ᠵᠠᠬᠢᠷᠭ᠎ᠠ ᠶᠢᠨ ᠭᠤᠣᠯ ᠬᠠᠷᠢᠭᠤᠴᠠᠯᠭᠠᠲᠠᠨ ᠬᠠᠮᠲᠤ ᠪᠠᠷ ᠶᠠᠷᠢᠯᠴᠠᠭᠰᠠᠨ | ᠰᠠᠭᠤᠷᠢᠨ ᠳᠡᠭᠡᠷ᠎ᠡ ᠲᠣᠭᠲᠠᠭᠠᠯ ᠭᠠᠷᠭᠠᠨ᠎ᠠ᠃ ᠲᠣᠭᠲᠠᠭᠠᠯ ᠶᠣᠰᠣᠭᠠᠷ ᠠᠶᠢᠮᠠᠭ ᠤᠨ ᠨᠠᠮ ᠤᠨ ᠬᠤᠷᠢᠶᠠᠨ ᠠᠴᠠ | ᠵᠢᠭᠠᠪᠤᠷᠢ ᠠᠪᠬᠤ ᠪᠤᠶᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠵᠥᠪᠰᠢᠶᠡᠷᠡᠭᠦᠯᠬᠦ ᠴᠢᠬᠤᠯᠠᠲᠠᠶ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠭᠦᠢᠴᠡᠳᠬᠡᠨ᠎ᠡ᠃ | ︵ᠳᠤᠯᠤᠭ᠎ᠠ︶ ᠰᠢᠢᠳᠪᠦᠷᠢᠳᠦ ᠪᠤᠳᠣᠯᠭ᠎ᠠ ᠶᠢ ᠨᠡᠶᠢᠲᠡᠯᠡᠬᠦ ᠪᠠ ᠲᠠᠶᠢᠯᠪᠤᠷᠢᠯᠠᠬᠤ᠃ ᠴᠢᠬᠤᠯᠠ ᠶᠡᠭᠡ ᠵᠠᠰᠠᠭ | ᠵᠠᠬᠢᠷᠭᠠᠨ ᠤ ᠰᠶᠢᠳᠪᠦᠷᠢᠲᠦ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ᠂ ᠬᠠᠤᠯᠢ ᠶᠣᠰᠣᠭᠠᠷ ᠢᠯᠡ ᠪᠣᠯᠭᠠᠬᠤ ᠥᠬᠡᠶ | ᠰᠶᠢᠳᠪᠦᠷᠢᠲᠦ ᠪᠣᠳᠣᠯᠭ᠎ᠠ ᠶᠢᠨ ᠵᠦᠢᠯᠡᠰ ᠠᠴᠠ ᠪᠣᠰᠣᠳ ᠢ ᠨᠢ ︽ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ | ᠮᠡᠳᠡᠭᠡ︾᠂ ᠠᠶᠢᠮᠠᠭ ᠤᠨ ᠵᠠᠬᠢᠷᠭ᠎ᠠ ᠶᠢᠨ ᠰᠦᠯᠵᠢᠶ᠎ᠡ ᠵᠢᠴᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷ᠎ᠠ | ᠲᠠᠷᠬᠠᠭᠠᠵᠤ ᠪᠠᠶᠢᠭ᠎ᠠ ᠰᠣᠨᠢᠨ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠃ | ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠨᠢ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯ ᠢ ᠴᠠᠭ ᠲᠤᠬᠠᠶ ᠳᠤᠨᠢ ᠰᠠᠶᠢᠲᠤᠷ ᠬᠢᠬᠦ | ᠬᠡᠷᠡᠭᠲᠡᠶ᠃ | ︵ᠨᠠᠢᠮᠠ︶ ᠰᠢᠢᠳᠪᠦᠷᠢᠲᠦ ᠪᠤᠳᠣᠯᠭ᠎ᠠ ᠶᠢ ᠬᠡᠷᠡᠭᠵᠢᠬᠦᠯᠬᠦ ᠪᠠ ᠳᠣᠬᠢᠷᠠᠭᠤᠯᠬᠤ᠃ ᠠᠶᠢᠮᠠᠭ ᠤᠨ ᠵᠠᠬᠢᠷᠭ᠎ᠠ ᠶᠢᠨ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠠᠴᠠ | ᠬᠡᠷᠡᠭᠵᠢᠭᠦᠯᠦᠨ᠎ᠡ᠃ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠡ ᠨᠢ ᠰᠢᠢᠳᠪᠦᠷᠢᠲᠦ ᠪᠣᠳᠣᠯᠭ᠎ᠠ ᠶᠢ | ᠬᠡᠷᠡᠭᠵᠢᠭᠦᠯᠬᠦ ᠬᠡᠷᠡᠭᠴᠡᠭᠡ ᠪᠤᠶᠤ ᠠᠶᠢᠮᠠᠭ ᠤᠨ ᠵᠠᠬᠢᠷᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠰᠢᠢᠳᠪᠦᠷᠢᠲᠦ | ᠪᠣᠳᠣᠯᠭ᠎ᠠ ᠶᠢ ᠬᠡᠷᠡᠭᠵᠢᠭᠦᠯᠬᠦ ᠲᠥᠰᠦᠯ ᠲᠣᠭᠲᠠᠭᠠᠵᠤ᠂ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ | ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠠᠶᠢᠮᠠᠭ ᠤᠨ ᠵᠠᠬᠢᠷᠭ᠎ᠠ ᠳᠤ ᠮᠡᠳᠡᠭᠦᠯᠬᠦ ᠬᠡᠷᠡᠭᠲᠡᠶ᠃ ᠬᠠᠤᠯᠢ | ᠶᠣᠰᠣᠭᠠᠷ ᠭᠠᠷᠭᠠᠭᠰᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠠᠤᠯᠢ ᠪᠠᠷ | ᠲᠣᠭᠲᠠᠭᠠᠭᠰᠠᠨ ᠳᠡᠰ ᠳᠠᠷᠠᠭᠠᠯᠠᠯ ᠢᠶᠠᠷ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠬᠡᠷᠡᠭᠵᠢᠭᠦᠯᠬᠦ ᠶᠢ ᠨᠢ ᠵᠣᠭᠰᠣᠭᠠᠵᠤ | ᠪᠣᠯᠬᠤ ᠦᠭᠡᠶ᠃ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠲᠤ ᠴᠢᠬᠤᠯᠠ ᠶᠡᠭᠡ ᠲᠣᠬᠢᠷᠠᠭᠤᠯᠤᠯᠲᠠ ᠬᠢᠬᠦ | ᠴᠢᠬᠤᠯᠠᠲᠠᠶ ᠪᠣᠯ᠂ ᠲᠣᠭᠲᠠᠭᠠᠯ ᠶᠣᠰᠣᠭᠠᠷ ᠬᠠᠮᠢᠶ᠎ᠠ ᠪᠦᠬᠦᠢ ᠳᠡᠰ ᠳᠠᠷᠠᠭᠠᠯᠠᠯ ᠢ ᠳᠠᠬᠢᠵᠤ ᠭᠦᠢᠴᠡᠳᠬᠡᠬᠦ ᠬᠡᠷᠡᠭᠲᠡᠶ᠃ | ︵ᠶᠢᠰᠦ︶ ᠬᠠᠤᠯᠢ ᠶᠢᠨ ᠬᠠᠷᠢᠭᠤᠴᠠᠯᠭ᠎ᠠ᠃ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ᠬᠠᠮᠢᠶ᠎ᠠ | ᠪᠦᠬᠦᠢ ᠲᠣᠭᠲᠠᠭᠠᠯ ᠢ ᠵᠥᠷᠢᠴᠡᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠦᠨᠳᠦ ᠨᠣᠴᠢᠲᠠᠶ ᠠᠯᠳᠠᠰᠢ | ᠭᠠᠷᠭᠠᠭᠰᠠᠨ ᠪᠤᠶᠤ ᠬᠠᠤᠯᠢ ᠶᠣᠰᠣᠭᠠᠷ ᠴᠠᠭ ᠲᠤᠬᠠᠶ ᠳᠤᠨᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠬᠤᠯᠠ ᠲᠠᠢ | ᠪᠠᠶᠢᠲᠠᠯ᠎ᠠ ᠤᠳᠠᠭᠠᠰᠢᠷᠠᠭᠤᠯᠤᠭᠠᠳ ᠪᠡᠶᠡᠯᠡᠬᠦᠯᠬᠦ ᠦᠭᠡᠶ᠂ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ᠂ ᠮᠠᠭᠤ | ᠨᠥᠯᠥᠭᠡ ᠭᠠᠷᠭᠠᠭᠰᠠᠨ ᠪᠣᠯ᠂ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠵᠤ᠂ ᠨᠠᠰᠤᠨ ᠲᠤᠷᠰᠢᠳᠠ ᠬᠠᠷᠢᠭᠤᠴᠠᠯᠭ᠎ᠠ | ᠨᠡᠬᠡᠮᠵᠢᠯᠡᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠲᠠᠨ᠂ | ᠬᠠᠷᠢᠭᠤᠴᠠᠯᠭ᠎ᠠ ᠡᠭᠦᠷᠭᠡᠯᠡᠵᠦ ᠪᠦᠬᠦᠢ ᠪᠤᠰᠤᠳ ᠣᠳᠣᠷᠢᠳᠣᠯᠭ᠎ᠠ ᠪᠣᠯᠤᠨ ᠰᠢᠭᠤᠳ ᠬᠠᠷᠢᠭᠤᠴᠠᠯᠭ᠎ᠠ | ᠡᠭᠦᠷᠭᠡᠯᠡᠭᠴᠢ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠰᠢᠢᠳᠪᠦᠷᠢᠲᠦ ᠪᠤᠳᠤᠯᠭ᠎ᠠ ᠲᠣᠭᠲᠠᠭᠠᠬᠤ | ᠪᠠᠶᠢᠭᠤᠯᠭ᠎ᠠ ᠨᠢ ᠰᠢᠢᠳᠪᠦᠷᠢᠲᠦ ᠪᠤᠳᠤᠯᠭ᠎ᠠ ᠶᠢᠨ ᠲᠥᠰᠦᠯ ᠢ ᠬᠠᠮᠲᠤ ᠪᠠᠷ ᠶᠠᠷᠢᠯᠴᠠᠬᠤ ᠦᠶ᠎ᠡ ᠳᠤ᠂ ᠬᠤᠯᠪᠣᠭᠳᠠᠯ | ᠪᠦᠬᠦᠢ ᠬᠥᠮᠦᠰ ᠬᠦᠨᠳᠦ ᠨᠣᠴᠢᠲᠠᠢ ᠠᠯᠳᠠᠰᠢ ᠭᠠᠷᠭᠠᠭᠰᠠᠨ ᠰᠢᠢᠳᠪᠦᠷᠢᠲᠦ ᠪᠤᠳᠤᠯᠭ᠎ᠠ ᠳᠤ ᠠᠳᠠᠯᠢ ᠪᠤᠰᠤ | ᠰᠠᠨᠠᠯ ᠢᠶᠠᠨ ᠢᠯᠡᠳᠭᠡᠭᠰᠡᠨ ᠪᠣᠯ ᠲᠣᠭᠲᠠᠭᠠᠯ ᠶᠣᠰᠣᠭᠠᠷ ᠬᠠᠷᠢᠭᠤᠴᠠᠯᠭ᠎ᠠ ᠶᠢ ᠬᠠᠰᠤᠵᠤ ᠬᠡᠯᠲᠦᠷᠢᠭᠦᠯᠦᠨ᠎ᠡ᠃ ᠦᠨᠡᠯᠡᠨ | ᠵᠢᠱᠢᠬᠦ ᠠᠵᠢᠯ ᠢ ᠨᠤᠲᠠᠯᠠᠭᠰᠠᠨ ᠲᠤᠰᠬᠠᠶ ᠮᠡᠷᠭᠡᠵᠢᠯᠲᠡᠨ᠂ ᠲᠤᠰᠬᠠᠶ ᠪᠠᠶᠢᠭᠤᠯᠤᠮᠵᠢ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠵᠡᠷᠭᠡ ᠨᠢ ᠡᠷᠬᠢᠯᠡᠭᠰᠡᠨ ᠠᠵᠢᠯ ᠤᠨ ᠶᠣᠰᠣ ᠮᠣᠷᠠᠯ ᠪᠣᠯᠤᠨ ᠬᠠᠮᠢᠶ᠎ᠠ ᠪᠦᠬᠦᠢ ᠲᠣᠭᠲᠠᠭᠠᠯ ᠠᠴᠠ | ᠵᠥᠷᠢᠴᠡᠭᠰᠡᠨ ᠪᠣᠯ ᠳᠣᠩᠭᠤᠳᠣᠨ ᠰᠢᠭᠦᠮᠵᠢᠯᠡᠵᠦ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ | ᠥᠭᠡᠷᠡᠴᠢᠯᠡᠭᠦᠯᠦᠨ᠎ᠡ︔ ᠬᠦᠨᠳᠦ ᠨᠣᠴᠢᠲᠠᠶ ᠦᠷ᠎ᠡ ᠳᠠᠭᠠᠪᠣᠷᠢ ᠭᠠᠷᠭᠠᠭᠰᠠᠨ ᠪᠣᠯ ᠦᠨᠡᠯᠡᠨ ᠵᠢᠱᠢᠬᠦ ᠬᠢᠷᠢ ᠭᠡᠮ ᠢ ᠨᠢ | ᠬᠦᠴᠦᠨ ᠦᠭᠡᠶ ᠪᠣᠯᠭᠠᠵᠤ᠂ ᠬᠠᠮᠢᠶ᠎ᠠ ᠪᠦᠬᠦᠢ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ ᠰᠢᠢᠳᠪᠦᠷᠢᠲᠦ | ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠠᠴᠠ ᠬᠠᠤᠯᠢ ᠶᠣᠰᠣᠭᠠᠷ ᠬᠤᠯᠪᠣᠭᠳᠠᠯ ᠪᠦᠬᠦᠢ | ᠨᠢᠭᠡᠴᠡ ᠳᠤ ᠳᠡᠪᠰᠢᠭᠦᠯᠵᠦ ᠲᠡᠭᠦᠨ ᠢ ᠢᠲᠡᠭᠡᠯ ᠠᠯᠳᠠᠭᠰᠠᠨ ᠲᠡᠮᠳᠡᠭᠯᠡᠯ ᠳᠤ ᠣᠷᠣᠭᠤᠯᠤᠨ᠎ᠠ᠃ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠨᠢᠭᠡᠴᠡ ᠶᠢᠨ ᠭᠤᠣᠯ | ᠤᠳᠤᠷᠢᠳᠤᠯᠭ᠎ᠠ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯ ᠤᠨ | ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠬᠠᠤᠯᠢ ᠪᠠᠷ ᠤᠯᠤᠰ ᠢᠶᠠᠨ ᠵᠠᠰᠠᠬᠤ ᠠᠷᠭ᠎ᠠ | ᠪᠣᠳᠣᠯᠭ᠎ᠠ ᠶᠢ ᠲᠤᠤᠱᠯᠠᠭᠤᠯᠬᠤ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ | ᠳᠡᠭᠡᠳᠦ ᠦᠨᠳᠦᠷᠴᠡ ᠳᠤ ᠵᠣᠭᠰᠣᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠠᠵᠢᠯ ᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠵᠣᠬᠢᠶᠠᠨ ᠪᠠᠶᠢᠭᠤᠯᠵᠤ ᠤᠳᠤᠷᠢᠳᠬᠤ ᠡᠭᠦᠷᠭᠡ | ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ | ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠲᠤᠰ ᠨᠢᠭᠡᠴᠡ ᠶᠢᠨ ᠢᠶᠠᠨ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠠᠬᠢᠭᠤᠯᠬᠤ | ᠬᠡᠷᠡᠭᠲᠡᠢ᠃ | ︵ᠬᠤᠶᠠᠷ︶ ᠳᠡᠰ ᠳᠠᠷᠠᠭᠠᠯᠠᠯ ᠤᠨ ᠬᠠᠮᠢᠶᠠᠷᠤᠯᠲᠠ ᠶᠢ ᠴᠢᠩᠳᠠᠯᠠᠨ᠎ᠠ᠃ ᠰᠢᠢᠳᠪᠦᠷᠢᠲᠦ ᠪᠣᠳᠣᠯᠭ᠎ᠠ ᠶᠢ ᠳᠠᠭᠠᠭᠠᠨ | ᠠᠪᠴᠤ ᠭᠦᠢᠴᠡᠳᠭᠡᠬᠦ ᠨᠢᠭᠡᠴᠡ ᠨᠢ ᠠᠶᠢᠮᠠᠭ ᠤᠨ ᠵᠠᠬᠢᠷᠭ᠎ᠠ ᠳᠤ ᠮᠡᠳᠡᠭᠦᠯᠦᠨ ᠰᠢᠢᠳᠪᠦᠷᠢᠲᠦ ᠪᠣᠳᠣᠯᠭ᠎ᠠ ᠲᠣᠭᠲᠠᠭᠠᠬᠤ | ᠵᠦᠢᠯᠡᠰ ᠢ ᠬᠢᠨᠠᠨ ᠶᠠᠷᠢᠯᠴᠠᠭᠤᠯᠵᠦ᠂ ᠵᠢᠷᠤᠮᠵᠢᠭᠤᠨ᠂ ᠴᠢᠩᠭ᠎ᠠ᠂ ᠪᠣᠯᠭᠤᠮᠵᠢᠲᠠᠶ ᠠᠵᠢᠯ ᠤᠨ ᠱᠠᠭᠠᠷᠳᠠᠯᠭ᠎ᠠ ᠶᠣᠰᠣᠭᠠᠷ | ᠂ ᠬᠠᠮᠢᠶ᠎ᠠ ᠪᠦᠬᠦᠢ ᠮᠠᠲ᠋ᠧᠷᠢᠶᠠᠯ ᠢ ᠲᠤᠰᠢᠶᠠᠬᠤ ᠬᠡᠷᠡᠭᠲᠡᠶ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠱᠠᠭᠠᠷᠳᠠᠯᠭ᠎ᠠ ᠳᠤ ᠨᠡᠶᠢᠴᠡᠬᠦ ᠥᠬᠡᠶ ᠰᠢᠢᠳᠪᠦᠷᠢᠲᠦ ᠪᠣᠳᠣᠯᠭ᠎ᠠ ᠶᠢᠨ | ᠵᠦᠢᠯᠡᠰ ᠢ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠭᠥᠯᠢᠶᠡᠨ ᠠᠪᠴᠤ ᠬᠦᠢᠴᠡᠳᠭᠡᠬᠦ ᠥᠬᠡᠶ ᠪᠠᠶᠢᠵᠤ᠂ | ᠵᠢᠷᠤᠮᠵᠢᠯ ᠤᠨ ᠱᠠᠭᠠᠷᠳᠠᠯᠭ᠎ᠠ ᠶᠣᠰᠣᠭᠠᠷ ᠪᠤᠴᠠᠭᠠᠬᠤ ᠶᠢᠨ ᠬᠠᠮᠲᠤ ᠲᠠᠰ ᠳᠠᠷᠠᠭᠠᠯᠠᠯ ᠤᠨ ᠳᠠᠯ᠎ᠠ ᠪᠠᠷ ᠬᠢ ᠳᠤᠲᠠᠭᠳᠠᠯ᠂ | ᠮᠠᠲ᠋ᠧᠷᠢᠶᠠᠯ ᠢ ᠨᠥᠬᠦᠪᠥᠷᠢᠯᠡᠨ ᠵᠠᠯᠠᠷᠠᠭᠤᠯᠬᠤ ᠵᠡᠷᠭᠡ ᠲᠠᠯ᠎ᠠ ᠪᠠᠷ ᠲᠡᠭᠦᠯᠳᠡᠷᠵᠢᠭᠦᠯᠬᠦ ᠳᠣᠬᠠᠢ ᠵᠠᠷᠯᠢᠭᠳᠠᠨ᠎ᠠ᠃ | ︵ᠭᠤᠷᠪᠠ︶ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠨ᠎ᠠ᠃ ᠠᠶᠢᠮᠠᠭ ᠤᠨ ᠵᠠᠬᠢᠷᠭ᠎ᠠ ᠶᠢᠨ | ᠠᠯᠪᠠᠨ ᠬᠡᠷ ᠨᠢ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠬᠦ ᠪᠠ ᠭᠤᠤᠯᠳᠠᠯᠭ᠎ᠠ ᠲᠠᠢ ᠵᠦᠢᠯᠡᠰ ᠢ | ᠰᠢᠮᠳᠠᠭᠤᠯᠤᠨ ᠪᠠᠶᠢᠴᠠᠭᠠᠬᠤ ᠶᠢ ᠤᠶᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠨᠢᠭᠡᠴᠡ ᠶᠢᠨ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ ᠤᠨ | ᠠᠵᠢᠯ ᠢ ᠥᠷᠨᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠳᠠᠭᠠᠭᠠᠨ ᠠᠪᠴᠦ | ᠭᠦᠢᠴᠡᠳᠭᠡᠬᠦ ᠨᠢᠭᠡᠴᠡ ᠶᠢ ᠵᠢᠯᠣᠭᠤᠳᠤᠨ ᠲᠠᠰ ᠳᠠᠷᠠᠭᠠᠯᠠᠯ ᠤᠨ ᠱᠠᠭᠠᠷᠳᠠᠯᠭ᠎ᠠ ᠪᠠ ᠴᠠᠭ ᠤᠨ ᠵᠠᠩᠭᠢᠯᠠᠭ᠎ᠠ ᠶᠢ ᠴᠢᠩᠭ᠎ᠠ | ᠵᠢᠷᠤᠮᠯᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠣᠨ ᠤ ᠵᠦᠢᠯᠡᠰ ᠤᠨ ᠴᠢᠨᠠᠷ ᠴᠢᠨᠰᠠᠭ᠎ᠠ ᠪᠠ ᠲᠤᠭ᠎ᠠ | ᠬᠡᠮᠵᠢᠶ᠎ᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠠᠵᠢᠯ ᠢ | ᠨᠠᠶᠢᠳᠠᠪᠤᠷᠢᠵᠢᠭᠤᠯᠤᠭᠰᠠᠨ ᠥᠬᠡᠶ ᠨᠢᠭᠡᠴᠡ ᠶᠢ ᠪᠠᠶᠢᠳᠠᠯ ᠢ ᠨᠢ ᠦᠵᠡᠵᠦ ᠪᠠᠶᠢᠭᠠᠳ ᠳᠣᠩᠭᠤᠳᠣᠨ ᠰᠢᠬᠦᠮᠵᠢᠯᠡᠨ᠎ᠡ᠃ |