7 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠳᠤᠭᠠᠷ ᠬᠤᠷᠠᠯ ᠠᠴᠠ | ᠪᠠᠲᠤᠯᠠᠭᠰᠠᠨ ︽ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠢᠭᠤᠯᠴᠢᠯᠠᠯ ᠤᠨ ᠦᠢᠯᠡᠰ ᠤᠨ | ᠬᠠᠮᠵᠢᠯᠴᠠᠨ ᠬᠥᠭᠵᠢᠬᠦ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ︾ ᠢ ᠵᠢᠩᠬᠢᠨᠢ ᠪᠠᠷ | ᠬᠡᠷᠡᠭᠵᠢᠭᠦᠯᠵᠦ᠂ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠢᠭᠤᠯᠴᠢᠯᠠᠯ ᠤᠨ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠳᠤ ᠬᠠᠤᠯᠢᠵᠢᠯ ᠤᠨ ᠪᠠᠲᠤᠯᠠᠭ᠎ᠠ ᠬᠠᠩᠭᠠᠪᠠ᠃ | ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠪᠠᠶᠢᠭᠠᠯᠢ ᠶᠢᠨ ᠦᠵᠡᠮᠵᠢ ᠭᠤᠶᠢᠳᠠ ᠰᠠᠶᠢᠬᠠᠨ᠂ ᠣᠶ | ᠰᠢᠭᠤᠶ᠂ ᠠᠭᠤᠯᠠ ᠤᠰᠤ᠂ ᠨᠤᠭᠤ ᠭᠠᠵᠠᠷ᠂ ᠨᠤᠲᠤᠭ ᠪᠡᠯᠴᠢᠭᠡᠷ᠂ ᠡᠯᠡᠰᠦ ᠮᠠᠩᠬ᠎ᠠ᠂ ᠨᠠᠭᠤᠷ ᠴᠥᠭᠦᠷᠥᠮ ᠵᠡᠷᠭᠡ | ᠪᠠᠶᠢᠭᠠᠯᠢ ᠶᠢᠨ ᠵᠢᠭᠤᠯᠴᠢᠯᠠᠯ ᠤᠨ ᠡᠬᠢ ᠪᠠᠶᠠᠯᠢᠭ ᠡᠯᠪᠡᠭ ᠲᠡᠯᠪᠡᠭ︔ ᠲᠡᠷᠡᠴᠢᠯᠡᠨ ᠦᠨᠳᠦᠰᠦᠲᠡᠨ ᠤ ᠵᠠᠩ ᠠᠷᠠᠨᠰᠢᠨ᠂ | ᠨᠤᠲᠤᠭ ᠤᠰᠤᠨ ᠤ ᠬᠡᠪ ᠨᠠᠮᠪᠠ᠂ ᠭᠠᠳᠠᠭᠠᠳᠤ ᠨᠡᠭᠡᠭᠡᠯᠲᠡ ᠶᠢᠨ ᠳᠦᠷᠢ ᠲᠥᠷᠬᠦ᠂ ᠡᠰᠡᠨᠢᠯ ᠬᠥᠭᠵᠢᠯ ᠤᠨ ᠴᠤᠭ | ᠵᠢᠪᠬᠤᠭ᠎ᠠ ᠵᠡᠷᠭᠡ ᠰᠣᠶᠣᠯ ᠢᠷᠭᠡᠨᠰᠢᠯ ᠤᠨ ᠵᠢᠭᠤᠯᠴᠢᠯᠠᠯ ᠤᠨ ᠡᠬᠢ ᠪᠠᠶᠠᠯᠢᠭ ᠤᠨ ᠣᠨᠴᠠᠯᠢᠭ ᠴᠤ ᠢᠯᠡ ᠲᠣᠳᠣᠬᠠᠨ᠃ | ᠣᠶᠢᠷ᠎ᠠ ᠶᠢᠨ ᠵᠢᠯ ᠳᠤ᠂ ᠡᠨᠡ ᠬᠦ ᠣᠷᠣᠨ ᠪᠦᠰᠡ ᠶᠢᠨ ᠵᠢᠭᠤᠯᠴᠢᠯᠠᠯ ᠤᠨ ᠦᠢᠯᠡᠰ ᠦᠳᠳᠡᠷ ᠲᠦᠷᠭᠡᠨ ᠬᠥᠭᠵᠢᠵᠦ | ᠂ ᠮᠥᠰᠥ ᠴᠠᠰᠤᠨ ᠤ ᠵᠢᠭᠤᠯᠴᠢᠯᠠᠯ᠂ ᠵᠤᠰᠠᠯᠠᠩ ᠤᠨ ᠵᠢᠭᠤᠯᠴᠢᠯᠠᠯ᠂ ᠬᠢᠯᠢ ᠶᠢᠨ ᠵᠢᠭᠤᠯᠴᠢᠯᠠᠯ᠂ ᠥᠪᠡᠰᠦᠪᠡᠨ ᠲᠡᠷᠭᠡ | ᠵᠢᠯᠣᠭᠤᠳᠴᠤ ᠵᠢᠭᠤᠯᠴᠢᠯᠠᠬᠤ ᠵᠡᠷᠭᠡ ᠵᠢᠭᠤᠯᠴᠢᠯᠠᠯ ᠤᠨ ᠨᠠᠷᠠᠲᠤ ᠲᠡᠮᠳᠡᠭᠳᠤ ᠬᠥᠮᠦᠰ ᠲᠤ ᠤᠯᠠᠮ ᠠᠴᠠ ᠤᠯᠠᠮ | ᠮᠡᠳᠡᠷᠡᠭᠳᠡᠵᠦ᠂ ᠮᠠᠨ ᠤ ᠤᠯᠤᠰ ᠤᠨ ᠴᠢᠬᠤᠯᠠ ᠣᠨᠴᠠᠯᠢᠭᠳᠤ ᠵᠢᠭᠤᠯᠴᠢᠯᠠᠯ ᠤᠨ ᠬᠠᠷᠠᠯᠳᠠᠳᠤ ᠭᠠᠵᠠᠷ ᠪᠣᠯᠤᠭᠰᠠᠨ | ᠪᠠᠶᠢᠨ᠎ᠠ᠃ | ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ | ᠬᠦᠴᠦᠯᠡᠬᠦ ᠴᠡᠭ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠵᠢᠭᠤᠯᠴᠢᠯᠠᠯ ᠤᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠮᠠᠨ ᠤ ᠤᠯᠤᠰ ᠤᠨ ᠵᠢᠭᠤᠯᠴᠢᠯᠠᠯ ᠤᠨ ᠬᠥᠭᠵᠢᠯᠲᠡ ᠶᠢ ᠬᠦᠳᠦᠯᠦᠨ ᠳᠠᠭᠠᠭᠤᠯᠵᠤ ᠲᠦᠷᠭᠡᠨ ᠤ | ᠵᠠᠮ ᠳᠤ ᠣᠷᠣᠭᠤᠯᠪᠠ᠃ 2023 ᠣᠨ ᠤ 10 ᠰᠠᠷ᠎ᠠ ᠳᠤ᠂ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠵᠢᠯ ᠤᠨ ᠶᠠᠷᠢᠯᠴᠠᠬᠤ | ᠬᠤᠷᠠᠯ ᠬᠤᠷᠠᠯᠳᠤᠭᠤᠯᠵᠤ᠂ ᠬᠠᠮᠵᠢᠯᠴᠠᠨ ᠬᠠᠤᠯᠢ ᠲᠣᠭᠲᠠᠭᠠᠬᠤ ᠠᠵᠢᠯ ᠤᠨ ᠪᠦᠳᠦᠭᠦᠪᠴᠢ ᠬᠡᠯᠡᠯᠴᠡᠭᠡᠷ ᠲᠤ | ᠬᠠᠮᠲᠤ ᠪᠠᠷ ᠭᠠᠷ ᠤᠨ ᠥᠰᠥᠭ ᠵᠢᠷᠤᠵᠤ᠂ ᠭᠢᠷᠢᠨ ᠮᠤᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠲᠦᠷᠦᠭᠦᠯᠡᠨ᠂ ᠯᠢᠶᠣᠤᠨᠢᠩ ᠮᠤᠵᠢ᠂ ᠬᠠᠷᠠᠮᠥ᠋ᠷᠡᠨ ᠮᠤᠵᠢ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠲᠠᠢ ᠬᠠᠮᠲᠤᠷᠠᠨ 2024 ᠣᠨ ᠤ 5 ᠰᠠᠷ᠎ᠠ ᠳᠤ ᠣᠷᠣᠨ ᠪᠦᠰᠡ ᠶᠢᠨ ᠵᠢᠭᠤᠯᠴᠢᠯᠠᠯ ᠤᠨ | ᠦᠢᠯᠡᠰ ᠢ ᠬᠠᠮᠵᠢᠯᠴᠠᠨ ᠬᠥᠭᠵᠢᠭᠦ ᠶᠢ ᠠᠬᠢᠭᠤᠯᠬᠤ ᠲᠣᠭᠲᠠᠭᠠᠯ ᠢ ᠵᠡᠷᠭᠡ ᠪᠠᠷ ᠨᠡᠶᠢᠲᠡᠯᠡᠪᠡ᠃ | ︽ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠢᠭᠤᠯᠴᠢᠯᠠᠯ ᠤᠨ ᠦᠢᠯᠡᠰ ᠤᠨ ᠬᠠᠮᠵᠢᠯᠴᠠᠨ | ᠬᠥᠭᠵᠢᠬᠦ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ︾ ᠨᠢ ᠨᠡᠶᠢᠲᠡ 16 | ᠵᠦᠢᠯ ᠢᠶᠠᠷ ᠪᠦᠷᠢᠯᠳᠦᠵᠦ᠂ ᠭᠤᠣᠯᠳᠠᠭᠤ ᠲᠤᠤᠷᠠᠬᠢ ᠬᠡᠳᠦᠨ ᠲᠠᠯ᠎ᠠ ᠶᠢᠨ ᠠᠭᠤᠯᠭ᠎ᠠ ᠶᠢ ᠪᠠᠭᠲᠠᠭᠠᠪᠠ᠃ | — ᠬᠠᠮᠵᠢᠯᠴᠠᠨ ᠬᠥᠭᠵᠢᠬᠦ ᠶᠢᠨ ᠵᠢᠯᠣᠭᠤᠳᠬᠤ ᠦᠵᠡᠯ ᠰᠠᠨᠠᠭ᠎ᠠ ᠪᠠ ᠬᠠᠷᠠᠯᠲᠠ ᠪᠠᠶᠢᠷᠢ ᠲᠣᠭᠲᠠᠭᠠᠯᠲᠠ ᠶᠢ | ᠲᠣᠳᠣᠷᠬᠠᠶᠢᠯᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠢᠶᠠᠨ ᠭᠤᠣᠯ ᠰᠢᠵᠢᠮ ᠪᠣᠯᠭᠠᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ | ᠲᠤᠭᠤᠰᠢᠯᠠᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ︽ | ᠮᠥᠩᠭᠦᠨ ᠴᠠᠭᠠᠨ ᠳᠡᠯᠡᠬᠡᠢ ᠪᠣᠯ ᠠᠯᠳᠠ ᠮᠥᠩᠭᠦᠨ ᠠᠭᠤᠯᠠ ᠮᠥᠨ︾ ᠭᠡᠳᠡᠭ ᠢ ᠦᠨᠡᠨᠴᠢ ᠪᠠᠷ | ᠦᠢᠯᠡᠳᠦᠯᠭᠡᠵᠢᠭᠦᠯᠦᠨ᠎ᠠ᠃ ᠤᠯᠤᠰ ᠤᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠢᠭᠤᠯᠴᠢᠯᠠᠯ ᠤᠨ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠵᠡᠭᠦᠨ | ᠬᠤᠶᠢᠲᠤ ᠣᠷᠣᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠲᠦᠷᠭᠡᠳᠭᠡᠨ | ᠬᠡᠷᠡᠭᠵᠢᠭᠦᠯᠵᠦ᠂ ᠵᠡᠭᠦᠨ ᠬᠤᠶᠢᠲᠤ ᠣᠷᠣᠨ ᠤ ᠳᠡᠯᠡᠬᠡᠶ ᠶᠢᠨ ᠲᠠᠰ ᠤᠨ ᠮᠥᠰᠥ ᠴᠠᠰᠤᠨ ᠤ ᠵᠢᠭᠤᠯᠴᠢᠯᠠᠯ ᠤᠨ | ᠠᠮᠠᠷᠠᠯᠲᠠ ᠶᠢᠨ ᠭᠠᠵᠠᠷ᠂ ᠪᠥᠬᠦ ᠤᠯᠤᠰ ᠤᠨ ᠪᠣᠬᠢᠷᠲᠤᠯ ᠥᠬᠡᠶ ᠵᠢᠭᠤᠯᠴᠢᠯᠠᠯ ᠤᠨ ᠬᠥᠭᠵᠢᠯᠲᠡ ᠶᠢᠨ ᠬᠥᠲᠥᠯᠥᠨ | ᠳᠠᠭᠠᠭᠤᠯᠬᠤ ᠭᠠᠵᠠᠷ᠂ ᠬᠢᠯᠢ ᠶᠢᠨ ᠵᠢᠭᠤᠯᠴᠢᠯᠠᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠥᠯᠢᠭᠡᠷ | ᠳᠠᠭᠤᠷᠢᠶᠠᠯ ᠭᠠᠵᠠᠷ ᠪᠠ ᠣᠷᠣᠨ ᠪᠦᠰᠡ ᠠᠯᠤᠰᠯᠠᠭᠰᠠᠨ ᠵᠢᠭᠤᠯᠴᠢᠯᠠᠯ ᠢ ᠨᠢᠭᠡ ᠴᠣᠭᠴᠠᠵᠢᠭᠤᠯᠤᠨ ᠬᠥᠭᠵᠢᠭᠦᠯᠬᠦ | ᠦᠢᠯᠡᠳᠦᠯᠭᠡ ᠶᠢᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ | — ᠵᠢᠭᠤᠯᠴᠢᠯᠠᠯ ᠤᠨ ᠦᠢᠯᠡᠰ ᠤᠨ ᠬᠠᠮᠵᠢᠯᠴᠠᠨ ᠬᠥᠭᠵᠢᠭᠦ ᠠᠵᠢᠯ ᠤᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ ᠮᠤᠵᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠭᠤᠷᠣᠨᠳᠣᠬᠢ | ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠤᠵᠢ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠵᠢᠭᠤᠯᠴᠢᠯᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠠᠶᠢᠩᠭᠤ ᠬᠠᠷᠢᠯᠴᠠᠬᠤ ᠪᠠ | ᠲᠣᠭᠲᠠᠮᠠᠯ ᠬᠤᠭᠤᠴᠠᠭ᠎ᠠ ᠲᠠᠢ ᠵᠥᠪᠳᠡᠯᠴᠡᠬᠦ ᠲᠣᠭᠲᠠᠴᠠ ᠶᠢ ᠪᠠᠶᠢᠭᠤᠯᠬᠤ ᠵᠢᠴᠢ ᠡᠯ᠎ᠡ ᠮᠤᠵᠢ᠂ ᠥᠪᠡᠷᠲᠡᠭᠡᠨ ᠵᠠᠰᠠᠬᠤ | ᠣᠷᠣᠨ ᠤ ᠣᠷᠣᠨ ᠨᠤᠲᠤᠭ ᠤᠨ ᠬᠤᠭᠤᠷᠣᠨᠳᠣ ᠪᠠᠨ ᠣᠷᠣᠨ ᠪᠦᠰᠡ ᠠᠯᠤᠰᠯᠠᠭᠰᠠᠨ ᠵᠢᠭᠤᠯᠴᠢᠯᠠᠯ ᠤᠨ | ᠬᠥᠭᠵᠢᠯᠲᠡ ᠶᠢᠨ ᠬᠠᠮᠲᠤᠷᠠᠯᠴᠠᠭᠠᠨ ᠤ ᠲᠣᠭᠲᠠᠴᠠ ᠪᠠᠶᠢᠭᠤᠯᠬᠤ ᠶᠢ ᠵᠣᠷᠢᠭᠵᠢᠭᠤᠯᠵᠤ᠂ ᠣᠷᠣᠨ ᠪᠦᠰᠡ ᠶᠢᠨ | ᠵᠢᠭᠤᠯᠴᠢᠯᠠᠯ ᠤᠨ ᠬᠥᠭᠵᠢᠯᠲᠡ ᠶᠢᠨ ᠲᠣᠭᠲᠠᠭᠤᠨ ᠡᠮᠬᠢ ᠵᠢᠷᠤᠮ ᠲᠠᠢ ᠣᠷᠴᠢᠨ ᠲᠣᠭᠤᠷᠢᠨ ᠢ ᠬᠠᠮᠲᠤ ᠪᠠᠷ | ᠪᠠᠶᠢᠭᠤᠯᠤᠨ᠎ᠠ᠃ | — ᠵᠡᠭᠦᠨ ᠬᠤᠶᠢᠲᠤ ᠣᠷᠣᠨ ᠪᠣᠯᠤᠨ ᠥᠪᠥᠷ ᠮᠣᠩᠭᠤᠯ ᠤᠨ ᠣᠨᠴᠠᠯᠢᠭ ᠲᠠᠢ ᠵᠢᠭᠤᠯᠴᠢᠯᠠᠯ ᠤᠨ | ᠦᠢᠯᠡᠳᠬᠦᠨ ᠢ ᠬᠤᠷᠰᠢᠨ ᠨᠡᠭᠡᠭᠡᠨ ᠬᠥᠭᠵᠢᠭᠦᠯᠦᠨ᠎ᠡ᠃ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ | ᠳᠠᠪᠠᠭᠤᠯᠢᠭ ᠵᠢᠭᠤᠯᠴᠢᠯᠠᠯ ᠤᠨ ᠡᠬᠢ ᠪᠠᠶᠠᠯᠢᠭ ᠢ ᠳᠣᠪᠤᠶᠢᠯᠭᠠᠬᠤ ᠶᠢᠨ ᠬᠠᠮᠲᠤ ᠣᠳᠣᠬᠠᠨ ᠤ ᠪᠠ ᠢᠷᠡᠭᠡᠳᠦᠶ ᠶᠢᠨ | ᠵᠢᠭᠤᠯᠴᠢᠯᠠᠯ ᠬᠢᠭᠡᠳ ᠪᠤᠰᠤᠳ ᠡᠵᠡᠩᠨᠡᠯᠲᠡ ᠶᠢᠨ ᠪᠠᠶᠢᠳᠠᠯ ᠤᠨ ᠠᠭᠤᠰᠤᠯᠴᠠᠨ ᠬᠥᠭᠵᠢᠬᠦ ᠬᠠᠨᠳᠤᠰᠢ ᠲᠠᠢ | ᠤᠶᠠᠯᠳᠤᠭᠤᠯᠤᠨ᠂ ᠵᠢᠭᠤᠯᠴᠢᠯᠠᠯ ᠤᠨ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ | ᠣᠶᠢᠯᠠᠭᠠᠯᠲᠠ ᠶᠢ ᠬᠠᠮᠵᠢᠯᠴᠠᠨ ᠲᠦᠷᠭᠡᠳᠭᠡᠨ ᠬᠥᠭᠵᠢᠭᠦᠯᠬᠦ ᠲᠤᠬᠠᠶ ᠱᠠᠭᠠᠷᠳᠠᠯᠭ᠎ᠠ ᠳᠤᠷᠠᠳᠪᠠ᠃ | — ᠬᠠᠮᠵᠢᠯᠴᠠᠨ ᠬᠥᠭᠵᠢᠬᠦ ᠪᠣᠳᠠᠲᠠᠶ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠤᠨ᠎ᠠ᠃ | ᠶᠡᠷᠦᠩᠬᠡᠶ ᠵᠢᠷᠤᠭ ᠲᠥᠯᠥᠪᠯᠡᠭᠡ ᠶᠢ ᠰᠠᠶᠢᠲᠤᠷ ᠬᠢᠬᠦ ᠶᠢᠨ ᠬᠠᠮᠲᠤ᠂ ᠵᠢᠭᠤᠯᠴᠢᠯᠠᠯ ᠤᠨ ᠤᠬᠠᠭᠤᠯᠭ᠎ᠠ | ᠳᠡᠯᠭᠡᠷᠡᠭᠦᠯᠦᠯᠲᠡ ᠶᠢ ᠨᠢᠭᠡ ᠴᠣᠭᠴᠠᠵᠢᠭᠤᠯᠬᠤ᠂ ᠵᠢᠭᠤᠯᠴᠢᠯᠠᠯ ᠤᠨ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠬᠤ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠪᠠ ᠵᠢᠭᠤᠯᠴᠢᠯᠠᠯ ᠤᠨ ᠪᠠᠷᠢᠮᠵᠢᠶ᠎ᠠ ᠶᠢ | ᠨᠢᠭᠡ ᠴᠣᠭᠴᠠᠵᠢᠭᠤᠯᠬᠤ ᠶᠢ ᠠᠬᠢᠭᠤᠯᠵᠤ᠂ ᠵᠢᠭᠤᠯᠴᠢᠯᠠᠯ ᠤᠨ ᠢᠲᠡᠭᠡᠮᠵᠢ ᠶᠢᠨ ᠰᠢᠰᠲ᠋ᠧᠮ᠂ ᠣᠶᠤᠨᠴᠢ | ᠵᠢᠭᠤᠯᠴᠢᠯᠠᠯ ᠤᠨ ᠰᠢᠰᠲ᠋ᠧᠮ ᠪᠠ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠵᠡᠷᠭᠡ ᠪᠠᠶᠢᠭᠤᠯᠤᠯᠲᠠ ᠶᠢ | ᠬᠠᠮᠲᠤ ᠪᠠᠷ ᠪᠠᠶᠢᠭᠤᠯᠵᠤ᠂ ᠬᠠᠮᠵᠢᠯᠴᠠᠨ ᠬᠥᠭᠵᠢᠬᠦ ᠰᠠᠭᠤᠷᠢ ᠶᠢ ᠪᠠᠬᠢᠵᠢᠭᠦᠯᠦᠨ᠎ᠡ᠃ | — ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠮᠵᠢᠯᠴᠠᠭ᠎ᠠ ᠶᠢ ᠵᠣᠬᠢᠶᠠᠨ ᠪᠠᠶᠢᠭᠤᠯᠵᠤ | ᠬᠡᠷᠡᠭᠵᠢᠭᠦᠯᠬᠦ ᠶᠢ ᠴᠢᠩᠭᠠᠳᠬᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠬᠠᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠯᠢᠶᠣᠤᠨᠢᠩ ᠮᠤᠵᠢ᠂ ᠭᠢᠷᠢᠨ ᠮᠤᠵᠢ᠂ ᠬᠠᠷᠠᠮᠥ᠋ᠷᠡᠨ ᠮᠤᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠯᠤᠭ᠎ᠠ ᠠᠵᠢᠯ ᠤᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠲᠦᠷᠢᠮ | ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠦ᠂ ᠵᠡᠭᠦᠨ ᠬᠤᠶᠢᠲᠤ ᠶᠢᠨ ᠭᠤᠷᠪᠠᠨ ᠮᠤᠵᠢ | ᠨᠢᠭᠡ ᠣᠷᠣᠨ ᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠠᠮᠵᠢᠯᠴᠠᠨ ᠬᠥᠭᠵᠢᠬᠦ ᠶᠢ ᠵᠢᠷᠤᠮᠵᠢᠭᠤᠯᠤᠨ | ᠠᠬᠢᠭᠤᠯᠤᠨ᠎ᠠ᠃ | ᠲᠣᠰ ︽ᠲᠣᠭᠲᠠᠭᠠᠯ︾ ᠪᠣᠯ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠩᠬᠠᠳᠠᠭᠴᠢ ᠬᠠᠮᠵᠢᠯᠴᠠᠨ ᠬᠠᠤᠯᠢ | ᠲᠣᠭᠲᠠᠭᠠᠬᠰᠠᠨ ᠵᠦᠢᠯᠡᠰ ᠪᠣᠯᠤᠨ᠎ᠠ᠃ ︽ᠲᠣᠭᠲᠠᠭᠠᠯ︾ ᠢ ᠨᠡᠶᠢᠲᠡᠯᠡᠭᠰᠡᠨ ᠨᠢ ᠣᠷᠣᠨ ᠪᠦᠰᠡ ᠶᠢᠨ | ᠵᠢᠭᠤᠯᠴᠢᠯᠠᠯ ᠤᠨ ᠡᠬᠢ ᠪᠠᠶᠠᠯᠢᠭ ᠤᠨ ᠵᠣᠬᠢᠴᠠᠯᠳᠤᠨ ᠬᠠᠷᠢᠯᠴᠠᠨ ᠨᠥᠬᠦᠪᠥᠷᠢᠯᠡᠬᠦ ᠶᠢ ᠠᠬᠢᠭᠤᠯᠵᠤ᠂ ᠪᠦᠬᠦᠯᠢ | ᠴᠣᠭᠴᠠ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ | ᠣᠷᠣᠨ ᠤ ᠵᠢᠭᠤᠯᠴᠢᠯᠠᠯ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠤᠰ ᠤᠨ ᠳᠣᠲᠣᠭᠠᠳᠤ | ᠭᠠᠳᠠᠭᠠᠳᠤ ᠳᠤ ᠨᠥᠯᠥᠭᠡᠯᠡᠬᠦ ᠬᠦᠴᠦᠨ ᠲᠠᠢ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ | ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠱᠤᠭᠤᠬᠤ ᠳᠤ ᠢᠳᠡᠪᠬᠢᠳᠡᠢ ᠦᠢᠯᠡᠳᠦᠯ ᠦᠵᠡᠬᠦᠯᠬᠦ ᠪᠤᠯᠤᠨ᠎ᠠ᠃ |