ᠰᠠᠶᠢᠬᠠᠨᠲᠤᠤᠷᠠᠢ ᠰᠤᠮᠤᠨ ᠤ ᠨᠠᠮ ᠤᠨ ᠬᠤᠷᠢᠶ᠎ᠠ᠄ ᠰᠠᠶᠢᠨ ᠶᠠᠪᠤᠳᠠᠯ ᠪᠤᠳᠠᠳᠤ ᠶᠠᠪᠤᠳᠠᠯ ᠢ ᠮᠠᠯᠴᠢᠨ ᠲᠠᠷᠢᠶᠠᠴᠢᠨ ᠤ ᠰᠠᠨᠠᠭᠠᠨ ᠳᠤ ᠨᠠᠶᠢᠴᠠᠳᠠᠯ᠎ᠠ ᠬᠢᠨ᠎ᠠ
ᠨᠡᠶᠢᠲᠡᠯᠡᠭᠰᠡᠨ ᠴᠠᠭ᠄
2024/7/9
    ᠡᠨᠡ ᠬᠡᠳᠦᠨ ᠡᠳᠦᠷ᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠰᠠᠶᠢᠬᠠᠨᠲᠤᠤᠷᠠᠢ ᠰᠤᠮᠤ ᠶᠢᠨ ᠨᠠᠮ ᠤᠨ ᠬᠤᠷᠢᠶ᠎ᠠ ᠶᠢᠨ ᠱᠦᠵᠢ ᠡᠷᠳᠡᠨᠢᠴᠢᠮᠡᠭ ᠰᠤᠮᠤᠨ ᠤ ᠪᠠᠨ ᠤᠳᠤᠷᠢᠳᠬᠤ ᠺᠠᠳ᠋ᠷᠴᠤᠳ ᠢ ᠳᠠᠭᠠᠭᠤᠯᠤᠨ ᠭᠠᠴᠠᠭᠠᠨ ᠳᠤ ᠬᠦᠷᠴᠦ ᠲᠠᠷᠢᠶᠠᠴᠢᠨ ᠡᠷᠦᠬᠡ ᠪᠠᠷ ᠬᠦᠨᠵᠡᠭᠡᠶᠢᠷᠡᠨ᠂ ᠡᠯ᠎ᠡ ᠭᠠᠴᠠᠭ᠎ᠠ ᠶᠢᠨ ᠲᠠᠷᠢᠶᠠᠯᠠᠩ ᠮᠠᠯ ᠠᠵᠤ ᠠᠬᠤᠢ ᠵᠢᠴᠢ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠢ ᠣᠶᠢᠯᠠᠭᠠᠬᠰᠠᠨ ᠪᠠᠶᠢᠨ᠎ᠠ᠃ ︽ᠰᠤᠮᠤ ᠶᠢᠨ ᠨᠠᠮ ᠤᠨ ᠬᠤᠷᠢᠶ᠎ᠠ ᠶᠢᠨ ᠤᠳᠤᠷᠢᠳᠬᠤ ᠺᠠᠳ᠋ᠷ ᠪᠣᠯᠤᠭᠰᠠᠨ ᠤ ᠬᠤᠪᠢ ᠳᠤ᠂ ᠭᠠᠭᠴᠠ ᠬᠦ ᠰᠤᠮᠤ ᠶᠢᠨ ᠡᠯ᠎ᠡ ᠭᠠᠴᠠᠭ᠎ᠠ ᠶᠢᠨ ᠬᠥᠭᠵᠢᠯᠲᠡ ᠶᠢᠨ ᠣᠳᠣᠬᠢ ᠪᠠᠶᠢᠳᠠᠯ ᠢ ᠴᠠᠭ ᠢᠮᠠᠭᠲᠠ ᠰᠠᠶᠢᠳᠤᠷ ᠣᠶᠢᠯᠠᠭᠠᠵᠤ᠂ ᠰᠡᠳᠬᠢᠯ ᠳᠡᠭᠡᠨ ᠬᠠᠳᠠᠩᠰᠢᠭᠤᠯᠪᠠᠯ  ᠰᠠᠶ᠋ᠢ ᠰᠤᠮᠤ ᠶᠢᠨ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠵᠠᠮ ᠢ ᠦᠷᠬᠦᠯᠵᠢᠯᠡᠨ ᠰᠦᠪᠡᠭᠴᠢᠯᠡᠵᠦ᠂ ᠠᠵᠤ ᠦᠢᠯᠡᠰ ᠤᠨ ᠬᠥᠭᠵᠢᠯᠲᠡ ᠪᠠᠷ ᠳᠠᠮᠵᠢᠭᠤᠯᠤᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠯ ᠤᠨ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ᠂ ᠮᠠᠯᠴᠢᠨ ᠲᠠᠷᠢᠶᠠᠴᠢᠨ ᠢ ᠤᠯᠠᠮ ᠪᠠᠶᠠᠨ ᠴᠢᠨᠡᠭᠡᠯᠢᠭ ᠪᠣᠯᠭᠠᠵᠤ ᠴᠢᠳᠠᠨ᠎ᠠ︕︾ ᠭᠡᠵᠦ ᠡᠷᠳᠡᠨᠢᠴᠢᠮᠡᠭ ᠬᠡᠯᠡᠵᠦ ᠪᠠᠶᠢᠯ᠎ᠠ᠃    ᠰᠠᠶᠢᠬᠠᠨᠲᠤᠤᠷᠠᠢ ᠰᠤᠮᠤ ᠮᠠᠨ ᠤ ᠣᠷᠣᠨ ᠤ ᠬᠠᠮᠤᠭ ᠤᠨ ᠪᠠᠷᠠᠭᠤᠨ ᠵᠠᠬ᠎ᠠ ᠶᠢᠨ ᠡᠵᠡᠨ᠎ᠡ ᠬᠤᠰᠢᠭᠤᠨ ᠳᠤ ᠪᠠᠶᠢᠷᠢᠯᠠᠵᠤ᠂ ᠤᠮᠠᠷᠠᠰᠢ ᠪᠠᠨ ᠮᠣᠩᠭᠤᠯ ᠤᠯᠤᠰ ᠲᠠᠢ ᠬᠢᠯᠢ ᠨᠡᠶᠢᠯᠡᠵᠦ᠂ ᠬᠢᠯᠢ ᠶᠢᠨ ᠱᠤᠭᠤᠮ ᠤᠨ ᠤᠷᠳᠤ ᠨᠢ 141.8 ᠺᠢᠯᠣᠮᠧᠲᠷ᠂ ᠶᠡᠷᠦᠩᠬᠡᠢ ᠲᠠᠯᠠᠪᠠᠢ ᠨᠢ 2.4 ᠲᠦᠮᠡᠨ ᠬᠠᠪᠳᠠᠭᠠᠢ ᠳᠥᠷᠪᠡᠯᠵᠢᠨ ᠺᠢᠯᠣᠮᠧᠲᠷ ᠪᠠᠶᠢᠵᠤ᠂ ᠪᠦᠬᠦ ᠬᠥᠮᠥᠨ ᠠᠮᠠ ᠶᠢᠨ ᠲᠤᠭ᠎ᠠ ᠨᠢ 1880 ᠪᠠᠶᠢᠵᠤ᠂ 2 ᠭᠠᠴᠠᠭ᠎ᠠ ᠶᠢ ᠬᠠᠷᠢᠶᠠᠯᠠᠵᠤ ᠪᠤᠢ᠃    ︽ᠣᠶᠢᠷ᠎ᠠ ᠶᠢᠨ ᠵᠢᠯ ᠠᠴᠠ ᠰᠤᠮᠤ ᠶᠢᠨ ᠨᠠᠮ ᠤᠨ ᠬᠤᠷᠢᠶ᠎ᠠ ᠶᠢᠨ ᠬᠢᠨ ᠤᠬᠠᠮᠰᠠᠷ ᠠᠴᠠ ᠪᠠᠨ ︿ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ﹀ ᠪᠠ ︿ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ﹀ ᠶᠢ ᠪᠠᠲᠤ ᠴᠣᠭᠴᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠪᠡ᠃ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠰᠢᠨ᠎ᠡ ᠴᠠᠭ ᠦᠶ᠎ᠡ ᠶᠢᠨ ᠠᠭᠤᠤ ᠶᠡᠭᠡ ᠦᠢᠯᠡᠳᠦᠯᠭᠡ ᠳᠤ ᠠᠭᠤᠰᠤᠯᠴᠠᠭᠤᠯᠵᠤ᠂ ᠵᠣᠷᠢᠭ ᠰᠠᠨᠠᠭ᠎ᠠ ᠪᠠᠷ ᠰᠦᠭ ᠰᠦᠨᠡᠰᠦ ᠶᠢ ᠱᠤᠭᠤᠨ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠲᠦᠮᠡᠨ ᠠᠭᠲᠠ ᠶᠢᠨ ᠲᠦᠪᠡᠷᠭᠡᠨ ᠤ ᠰᠦᠷ ᠬᠦᠴᠦᠨ ᠢᠶᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠵᠦ᠂ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠤᠷᠤᠬᠤ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠵᠤ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ ᠠᠮᠤᠷ ᠠᠮᠤᠭᠤᠯᠠᠩ ᠪᠠᠶᠢᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠵᠠᠢ︾ ᠭᠡᠵᠦ ᠡᠷᠳᠡᠨᠢᠴᠢᠮᠡᠭ ᠰᠤᠷᠪᠤᠯᠵᠢᠯᠠᠭᠴᠢ ᠳᠤ ᠬᠡᠯᠡᠪᠡ᠃    ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠰᠡᠳᠬᠢᠯ ᠨᠢᠭᠡᠲᠦᠨ ᠬᠦᠰᠡᠯ ᠢᠶᠠᠨ ᠲᠡᠷᠭᠡᠯᠰᠢᠭᠦᠯᠬᠦ ᠪᠠᠷ ᠬᠦᠴᠦᠯᠡᠬᠦ ᠴᠡᠭ ᠪᠣᠯᠭᠠᠵᠤ᠂ ᠣᠶᠢᠷ᠎ᠠ ᠶᠢᠨ ᠵᠢᠯ ᠤᠳ ᠲᠤ᠂ ᠲᠣᠰ ᠰᠤᠮᠤ ᠶᠢᠨ ᠨᠠᠮ ᠤᠨ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦᠳᠬᠠᠬᠤ ᠡᠨᠡ ᠬᠦ ᠭᠤᠣᠯ ᠰᠢᠵᠢᠮ ᠢ ᠴᠢᠩᠭ᠎ᠠ ᠠᠳᠬᠤᠨ᠂ ᠦᠨᠳᠦᠰᠦᠲᠡᠨ ᠨᠦᠭᠦᠳ ᠤᠨ ︽ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ︾ ᠭᠤᠣᠯ ᠰᠡᠳᠦᠪ ᠤᠨ ᠲᠣᠭᠤᠷᠢᠨ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠂ ᠴᠠᠭ ᠦᠶ᠎ᠡ ᠶᠢᠨ ᠣᠨᠴᠠᠯᠢᠭ ᠢᠶᠠᠷ ᠪᠠᠶᠠᠯᠢᠭ᠂ ᠭᠠᠵᠠᠷ ᠣᠷᠣᠨ ᠤ ᠣᠨᠴᠠᠯᠢᠭ ᠲᠠᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠠᠮ ᠢ ᠨᠡᠭᠡᠭᠡᠭᠰᠡᠨ ᠪᠠᠶᠢᠨ᠎ᠠ᠃    ᠨᠡᠶᠢᠲᠡᠯᠢᠭ ᠵᠢᠱᠢᠶ᠎ᠡ ᠪᠠᠷ ᠬᠥᠲᠥᠯᠥᠨ ᠳᠠᠭᠠᠭᠤᠯᠬᠤ ᠶᠢ ᠴᠢᠬᠤᠯᠠᠴᠢᠯᠠᠵᠤ᠂ ᠲᠣᠰ ᠰᠤᠮᠤ ︽ᠨᠠᠮ ᠤᠨ ᠪᠠᠶᠢᠭᠤᠯᠤᠯᠲᠠ +︾ ᠵᠠᠭᠪᠤᠷ ᠢ ᠬᠡᠷᠡᠭᠯᠡᠨ᠂ ᠤᠶᠤᠨᠰᠤᠶᠤᠯ ᠵᠡᠷᠭᠡ 3 ᠪᠥᠬᠦ ᠤᠯᠤᠰ ᠤᠨ ᠨᠠᠮ ᠤᠨ ᠲᠥᠯᠥᠭᠡᠯᠡᠭᠴᠢ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ᠂ ᠠᠵᠤ ᠦᠢᠯᠡᠰ ᠤᠨ ᠬᠥᠭᠵᠢᠯᠲᠡ᠂ ᠨᠡᠶᠢᠭᠡᠮ ᠤᠨ ᠵᠠᠰᠠᠯᠲᠠ ᠵᠡᠷᠭᠡ ᠲᠠᠯ᠎ᠠ ᠪᠠᠷ ᠬᠢ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ 2016 ᠣᠨ ᠤ 12 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠳᠠᠭᠤ ᠬᠦᠴᠢᠷᠳᠡᠯᠲᠡᠢ ᠭᠠᠴᠠᠭ᠎ᠠ ᠰᠠᠶᠢᠬᠠᠨᠲᠤᠤᠷᠠᠢ ᠭᠠᠴᠠᠭ᠎ᠠ ᠶᠢ ᠠᠮᠵᠢᠯᠲᠠ ᠲᠠᠢ ᠪᠠᠷ ᠶᠠᠳᠠᠭᠤ ᠠᠴᠠ ᠠᠩᠭᠢᠵᠢᠷᠠᠭᠤᠯᠪᠠ︔ 2019 ᠣᠨ ᠤ 10 ᠰᠠᠷ᠎ᠠ ᠳᠤ᠂ ᠰᠤᠮᠤ ᠶᠢᠨ ᠶᠠᠳᠠᠭᠤ ᠬᠦᠴᠢᠷᠳᠡᠯᠲᠡᠢ ᠡᠷᠦᠬᠡ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ︔ 2023 ᠣᠨ ᠤ ᠡᠴᠦᠰ ᠲᠤ᠂ ᠬᠠᠷᠢᠶᠠᠨ ᠳᠠᠬᠢ 2 ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠨᠢ ᠴᠥᠮ 20 ᠲᠦᠮᠡᠨ ᠲᠥᠭᠦᠷᠢᠭ ᠢ ᠳᠠᠪᠠᠭᠰᠠᠨ ᠪᠠᠶᠢᠨ᠎ᠠ᠃    ᠪᠣᠬᠢᠷᠲᠤᠯ ᠦᠭᠡᠢ ᠬᠥᠭᠵᠢᠭᠦᠯᠤᠨ᠂ ᠨᠣᠭᠤᠭᠠᠷᠠᠭᠤᠯᠬᠤ ᠪᠠᠶᠠᠵᠢᠭᠤᠯᠬᠤ ᠶᠢ ᠵᠡᠷᠭᠡ ᠪᠠᠷ ᠮᠠᠨᠳᠤᠭᠤᠯᠬᠤ ᠶᠢ ᠪᠡᠶᠡᠯᠡᠭᠦᠯᠤᠨ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠥᠯᠥᠭᠡ᠂ ᠲᠤᠰ ᠰᠤᠮᠤ ᠶᠢᠨ ᠨᠠᠮ ᠤᠨ ᠬᠤᠷᠢᠶ᠎ᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠂ ᠤᠢ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠤᠮᠠᠷᠠᠲᠤ ᠶᠢᠨ ᠭᠤᠷᠪᠠᠨ ᠤᠷᠤᠨ︾ ᠤ ᠬᠠᠯᠬᠠᠪᠴᠢ ᠤᠢ᠂ ᠲᠠᠷᠢᠶᠠᠯᠠᠬᠤ ᠶᠢ ᠵᠣᠭᠰᠣᠭᠠᠵᠤ ᠤᠶᠢᠵᠢᠭᠤᠯᠬᠤ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠵᠦ᠂ 35 ᠲᠦᠮᠡᠨ ᠮᠦ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ᠂ 50 ᠲᠦᠮᠡᠨ ᠮᠦ ᠤᠢ ᠰᠢᠭᠤᠢ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠬᠠᠷ᠎ᠠ ᠭᠤᠣᠯ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠭᠤᠣᠯ ᠳᠠᠭᠠᠤ ᠶᠢᠨ 70 ᠲᠦᠮᠡᠨ ᠮᠤ᠋ ᠪᠡᠯᠴᠢᠭᠡᠷ ᠢ ᠪᠦᠲᠦᠮᠵᠢᠲᠡᠶ ᠪᠠᠷ ᠤᠰᠤᠯᠠᠪᠠ᠃ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠲᠠᠷᠢᠮᠠᠯ ᠤᠨ ᠪᠦᠲᠦᠴᠡ ᠳᠤ ᠰᠠᠨᠠᠭᠠᠴᠢᠯᠠᠭ᠎ᠠ ᠠᠴᠠ ᠪᠠᠨ ᠲᠣᠬᠢᠷᠠᠭᠤᠯᠤᠯᠲᠠ ᠬᠢᠵᠦ᠂ 2.2 ᠲᠦᠮᠡᠨ ᠮᠦ ᠭᠠᠵᠠᠷ ᠤᠨ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠨ᠂ 10 ᠲᠦᠮᠡᠨ ᠮᠦ ᠵᠠᠬ ᠤᠨ ᠣᠶ ᠶᠢᠨ ᠠᠵᠤ ᠠᠬᠤᠢ ᠶᠢ ᠬᠥᠭᠵᠢᠭᠦᠯᠦᠨ᠂ 42 ᠡᠷᠦᠬᠡ ᠭᠡᠷ ᠪᠦᠯᠢ ᠶᠢᠨ ᠠᠮᠢ ᠠᠬᠤᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠪᠠᠶᠢᠭᠤᠯᠵᠤ ᠂ ᠮᠠᠯᠴᠢᠨ ᠲᠠᠷᠢᠶᠠᠴᠢᠨ ᠤ ᠬᠥᠮᠥᠨ ᠳᠤᠮᠳᠠᠴᠢ ᠶᠢᠨ ᠣᠷᠣᠯᠭ᠎ᠠ ᠶᠢ 1.5 ᠲᠦᠮᠡᠨ ᠲᠥᠭᠦᠷᠢᠭ ᠨᠡᠮᠡᠭᠳᠡᠬᠦᠯᠪᠡ᠃    ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠬᠢᠯᠢ ᠬᠢᠵᠠᠭᠠᠷ ᠣᠷᠣᠨ ᠳᠤ ᠦᠨᠳᠦᠰᠦᠯᠡᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠤ ᠦᠢᠯᠡᠴᠢᠯᠡᠨ ᠪᠠᠲᠤᠯᠠᠬᠤ ᠪᠠᠷ ᠭᠤᠣᠯᠳᠠᠯᠭ᠎ᠠ ᠪᠤᠯᠭᠠᠪᠠ᠃ ᠣᠶᠢᠷ᠎ᠠ ᠶᠢᠨ ᠵᠢᠯ ᠳᠤ ᠲᠣᠰ ᠰᠤᠮᠤ ᠶᠢᠨ ᠨᠠᠮ ᠤᠨ ᠬᠤᠷᠢᠶ᠎ᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠶᠢ ᠥᠪᠡᠷ ᠤᠨ ᠡᠭᠦᠷᠭᠡ ᠪᠠᠨ ᠪᠣᠯᠭᠠᠵᠤ᠂ ᠤᠯᠤᠰ ᠤᠨ ᠪᠠᠲᠤᠯᠠᠨ ᠬᠠᠮᠠᠭᠠᠯᠠᠯᠳᠠ ᠶᠢᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠢᠳᠡᠪᠬᠢᠲᠡᠢ ᠥᠷᠨᠢᠭᠦᠯᠦᠨ᠂ ᠲᠠᠩᠨᠠᠭᠤᠯ ᠢ ᠰᠡᠷᠬᠡᠶᠢᠯᠡᠨ ᠨᠢᠭᠤᠴᠠ ᠶᠢ ᠬᠠᠮᠠᠭᠠᠯᠠᠬᠤ᠂ ᠴᠡᠷᠢᠭ ᠤᠨ ᠶᠠᠪᠤᠳᠠᠯ ᠤᠨ ᠲᠥᠬᠦᠭᠡᠷᠦᠮᠵᠢ ᠶᠢ ᠬᠠᠮᠠᠭᠠᠯᠠᠬᠤ᠂ ᠬᠢᠯᠢ ᠬᠢᠵᠠᠭᠠᠷ ᠢ ᠬᠠᠮᠢᠶᠠᠷᠴᠤ ᠬᠢᠯᠢ ᠬᠢᠵᠠᠭᠠᠷ ᠢ ᠡᠵᠡᠮᠳᠡᠬᠦ ᠬᠢᠯᠢ ᠬᠢᠵᠠᠭᠠᠷ ᠢᠶᠠᠨ ᠪᠦᠲᠦᠭᠡᠨ ᠪᠠᠶᠢᠭᠤᠯᠬᠤ ᠵᠡᠷᠭᠡ ᠠᠵᠢᠯ ᠢ ᠪᠠᠶᠢᠩᠭᠤ ᠥᠷᠨᠢᠭᠦᠯᠵᠦ᠂ 2021 ᠣᠨ ᠳᠤ ᠤᠯᠤᠰ ᠠᠴᠠ ᠡᠵᠡᠨ᠎ᠡ ᠶᠢᠨ ᠳ᠋ᠦᠩᠹᠧᠩ ᠭᠠᠵᠠᠷᠳᠠᠬᠤ ᠲᠠᠯᠠᠪᠤᠷ ᠢ ᠭᠤᠤᠯ ᠭᠠᠵᠠᠷᠳᠠᠬᠤ ᠲᠠᠯᠠᠪᠤᠷ ᠪᠤᠯᠭᠠᠬᠰᠠᠨ ᠤ ᠲᠠᠷᠠᠭ᠎ᠠ᠂ ᠰᠤᠮᠤ ᠨᠢ ᠭᠤᠤᠯ ᠭᠠᠵᠠᠷᠳᠠᠬᠤ ᠤᠷᠤᠨ ᠪᠤᠯᠤᠬᠰᠠᠨ ᠤ ᠬᠤᠪᠢ ᠳᠤ᠂ ᠤᠯᠤᠰ ᠤᠨ ᠪᠠᠲᠤᠯᠠᠨ ᠬᠠᠮᠠᠭᠠᠯᠠᠯᠲᠠ ᠰᠠᠨᠰᠠᠷ ᠤᠨ ᠠᠶᠠᠯᠠᠯ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠰᠢᠨ᠎ᠡ ᠡᠬᠢᠯᠡᠯᠲᠡ ᠶᠢᠨ ᠴᠡᠭ ᠢ ᠨᠡᠭᠡᠭᠡᠪᠡ᠃ ᠰᠠᠭᠤᠭ᠎ᠠ ᠴᠡᠷᠢᠭ ᠠᠩᠭᠢ ᠲᠠᠢ ᠬᠠᠮᠵᠢᠯᠴᠠᠨ ᠤᠷᠢᠳ ᠬᠤᠵᠢᠳ ᠬᠤᠪᠢᠯᠭᠠᠨ ᠣᠩᠭᠤᠴᠠ ︽ᠠᠷᠪᠠᠨ ᠬᠤᠶᠠᠳᠤᠭᠠᠷ︾ ᠠᠴᠠ ︽ᠠᠷᠪᠠᠨ ᠳᠣᠯᠣᠳᠤᠭᠠᠷ︾ ᠬᠦᠷᠲᠡᠯᠡᠬᠢ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠨᠢᠰᠬᠦ ᠣᠩᠭᠤᠴᠠ ᠶᠢᠨ ᠪᠤᠴᠠᠯᠳᠠ ᠶᠢᠨ ᠦᠷᠦᠭᠡ ᠶᠢ ᠡᠷᠢᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃    ︽ᠨᠠᠮ ᠤᠨ ᠰᠡᠳᠬᠢᠯ ᠠᠷᠠᠳ ᠤᠨ ᠰᠡᠳᠬᠢᠯ ᠲᠠᠢ ᠬᠤᠯᠪᠣᠯᠳᠤᠵᠤ ᠪᠠᠶᠢᠳᠠᠭ᠂ ᠠᠷᠠᠳ ᠤᠨ ᠠᠮᠢᠳᠤᠷᠠᠯ ᠪᠣᠯ ᠳᠠᠷᠤᠢ ᠬᠠᠷᠢᠭᠤᠴᠠᠯᠭ᠎ᠠ ᠮᠥᠨ︾᠃ ᠲᠤᠰ ᠰᠤᠮᠤ ᠶᠢᠨ ᠨᠠᠮ ᠤᠨ ᠬᠤᠷᠢᠶ᠎ᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠡᠷᠡᠰ ᠭᠤᠶᠢᠪᠢᠰᠢ ᠦᠭᠡᠢ ᠨᠡᠮᠡᠭᠳᠡᠭᠦᠯᠪᠡ᠃    ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠪᠠᠷ ᠭᠤᠣᠯᠳᠠᠯᠭ᠎ᠠ ᠪᠣᠯᠭᠠᠵᠤ᠂ 43 ᠲᠥᠷᠥᠯ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠵᠤ᠂ 56 ᠡᠷᠦᠬᠡ ᠪᠤᠶᠢᠳᠠ ᠪᠥᠭᠯᠡᠭᠦᠦ ᠲᠠᠷᠠᠬᠠᠢ ᠪᠤᠲᠠᠷᠬᠠᠢ ᠡᠷᠦᠬᠡ ᠶᠢᠨ ᠬᠥᠮᠥᠨ ᠮᠠᠯ ᠤᠨ ᠠᠮᠤᠷ ᠲᠦᠪᠰᠢᠨ ᠤᠰᠤ ᠤᠮᠳᠠ ᠶᠢᠨ ᠠᠰᠠᠭᠤᠳᠠᠯ ᠢ ᠰᠶᠢᠳᠪᠦᠷᠢᠯᠡᠵᠡᠢ︔ 92 ᠺᠢᠯᠣᠮᠧᠲᠷ ᠤᠨ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠵᠠᠰᠠᠵᠤ᠂ 77 ᠢᠵᠢ ᠭᠡᠷᠡᠯ ᠰᠠᠯᠬᠢ ᠶᠢ ᠬᠠᠪᠰᠤᠷᠭᠠᠭᠰᠠᠨ ᠲᠥᠬᠦᠭᠡᠷᠦᠮᠵᠢ ᠤᠭᠰᠠᠷᠠᠨ᠂ ᠭᠤᠣᠯ ᠳᠠᠭᠠᠤ ᠲᠠᠷᠠᠬᠠᠢ ᠪᠤᠲᠠᠷᠬᠠᠢ 17 ᠡᠷᠦᠬᠡ ᠳᠤ ᠪᠠᠶᠢᠩᠭᠤ ᠶᠢᠨ ᠴᠠᠬᠢᠯᠭᠠᠨ ᠬᠠᠩᠭᠠᠪᠠ︔ ᠰᠤᠮᠤ ᠶᠢᠨ ᠬᠢᠯᠢ ᠳᠣᠲᠣᠷᠠᠬᠢ ᠪᠡᠭᠡᠵᠢᠩ ᠠᠴᠠ ᠦᠷᠦᠮᠴᠢ ᠬᠦᠷᠬᠦ ᠲᠦᠷᠬᠡᠨ ᠤ ᠵᠠᠰᠠᠮᠠᠯ ᠵᠠᠮ᠂ 331 ᠤᠯᠤᠰ ᠤᠨ ᠵᠠᠰᠠᠮᠠᠯ ᠵᠠᠮ᠂ ᠤᠯᠤᠰ ᠤᠨ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ᠂ ᠲᠣᠰᠬᠤᠨ ᠳᠤ ᠨᠡᠪᠲᠡᠷᠡᠬᠦ ᠵᠠᠰᠠᠮᠠᠯ ᠵᠠᠮ ᠵᠡᠷᠭᠡ 16 ᠲᠥᠷᠦᠯ ᠵᠦᠢᠯ ᠢ ᠬᠡᠷᠡᠭᠵᠢᠭᠦᠯᠵᠦ᠂ 1 ᠳ᠋ᠦᠩᠰᠢᠭᠤᠷ ᠲᠥᠭᠦᠷᠢᠭ ᠤᠨ ᠪᠡᠯᠡ ᠮᠦᠩᠬᠦ ᠶᠢ ᠣᠷᠣᠭᠤᠯᠤᠨ ᠠᠪᠴᠢᠷᠠᠵᠦ᠂ ᠵᠠᠮ ᠳᠠᠭᠠᠤ ᠶᠢᠨ ᠠᠵᠤ ᠠᠬᠤᠢ ᠶᠢᠨ ᠦᠢᠯᠡᠴᠢᠯᠡᠭᠡᠨ ᠤ ᠲᠣᠭᠤᠷᠢᠭ ᠢ ᠶᠡᠭᠡ ᠪᠠᠷ ᠬᠥᠭᠵᠢᠭᠦᠯᠵᠦ᠂ ᠦᠢᠯᠡᠰ ᠪᠣᠰᠬᠠᠨ ᠠᠷᠠᠳ ᠢᠶᠠᠨ ᠪᠠᠶᠠᠵᠢᠭᠤᠯᠬᠤ ᠵᠢᠷᠭᠠᠯ ᠤᠨ ᠵᠠᠮ ᠢ ᠲᠡᠪᠢᠰᠪᠡ︔ ᠴᠢᠮᠡᠭᠡ ᠬᠤᠯᠪᠣᠭᠠᠨ ᠤ ᠰᠠᠭᠤᠷᠢ ᠥᠷᠲᠡᠭᠡ ᠶᠢ ᠰᠢᠨ᠎ᠡ ᠪᠠᠷ 8 ᠪᠠᠶᠢᠭᠤᠯᠵᠤ᠂ ᠤᠲᠠᠰᠤᠲᠤ ᠲᠧᠯᠸᠢᠰ ᠵᠢᠴᠢ ᠥᠷᠭᠡᠨ ᠪᠦᠰᠡᠲᠦ ᠰᠦᠯᠵᠢᠶ᠎ᠡ ᠵᠠᠯᠭᠠᠬᠤ ᠢᠨᠵᠧᠨᠧᠷᠢᠩ ᠢ ᠬᠡᠷᠡᠭᠵᠢᠭᠦᠯᠵᠦ᠂ ᠮᠠᠯᠴᠢᠨ ᠲᠠᠷᠢᠶᠠᠴᠢᠨ ᠤ ᠤᠷᠲᠤ ᠬᠤᠭᠤᠴᠠᠭ᠎ᠠ ᠪᠠᠷ ᠳᠣᠬᠢᠶ᠎ᠠ ᠦᠭᠡᠢ ᠣᠷᠣᠨ ᠳᠤ ᠣᠷᠣᠰᠢᠵᠤ ᠪᠠᠶᠢᠭᠰᠠᠨ ᠬᠦᠴᠢᠷᠳᠡᠯ ᠢ ᠰᠶᠢᠳᠪᠦᠷᠢᠯᠡᠪᠡ᠃ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠵᠤ᠂ 51 ᠢᠵᠢ ᠠᠰᠠᠷ ᠪᠠᠶᠢᠰᠢᠩ᠂ 144 ᠢᠵᠢ ᠲᠣᠭᠤᠰᠬᠠᠨ ᠪᠠᠶᠢᠰᠢᠩ ᠢ ᠰᠢᠨ᠎ᠡ ᠪᠠᠷ ᠪᠠᠷᠢᠵᠤ᠂ 38 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ 71 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠪᠠ ᠁ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢᠬᠡᠪᠦᠷᠢ ᠨᠢ ᠮᠠᠯᠴᠢᠨ ᠲᠠᠷᠢᠶᠠᠴᠢᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠪᠡ᠃    ᠣᠶᠢᠷ᠎ᠠ ᠶᠢᠨ ᠵᠢᠯ ᠳᠤ ᠲᠣᠰ ᠰᠤᠮᠤ ᠤᠷᠢᠳ ᠬᠤᠵᠢᠳ ︽ᠪᠥᠬᠦ ᠤᠯᠤᠰ ᠤᠨ ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ ᠤ ᠬᠠᠮᠲᠤ︾᠂ ︽ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠰᠤᠮᠤ︾᠂ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠲᠣᠰᠬᠤᠨ ᠪᠠᠯᠭᠠᠰᠤ︾᠂ ︽ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠬᠤᠭᠤᠴᠠᠭᠠᠨ ᠤ ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ ᠤ ᠬᠠᠮᠲᠤ︾ ᠵᠡᠷᠭᠡ ᠢᠷᠠᠭᠤ ᠠᠯᠳᠠᠷ ᠢ ᠭᠥᠷᠳᠡᠪᠡ᠃    ᠡᠳᠦᠭᠡ ᠰᠠᠶᠢᠬᠠᠨᠲᠤᠤᠷᠠᠢ ᠰᠤᠮᠤ ᠶᠢᠨ ᠡᠯ᠎ᠡ ᠭᠠᠴᠠᠭ᠎ᠠ ᠲᠣᠰᠬᠤᠨ ᠢᠶᠠᠷ ᠲᠤᠭᠤᠷᠢᠬᠤ ᠳᠤ᠂ ᠲᠡᠭᠰᠢ ᠳᠠᠷᠳᠠᠩ ᠵᠠᠰᠠᠮᠠᠯ ᠵᠠᠮ ᠤᠨ ᠬᠤᠶᠠᠷ ᠬᠠᠵᠠᠭᠤ ᠪᠠᠷ ᠡᠮᠬᠢ ᠴᠡᠭᠴᠡ ᠲᠠᠢ᠂ ᠲᠥᠬᠦᠭᠡᠷᠦᠮᠵᠢ ᠪᠦᠷᠢᠨ ᠲᠡᠭᠦᠯᠳᠡᠷ ᠰᠢᠨ᠎ᠡ ᠲᠣᠰᠬᠤᠨ ᠤ ᠭᠡᠷ ᠪᠠᠶᠢᠰᠢᠩ ᠳᠤ ᠠᠮᠢᠳᠤᠷᠠᠯ ᠨᠢ ᠵᠣᠯ ᠵᠢᠷᠭᠠᠯ ᠲᠠᠢ᠂ ᠠᠵᠤ ᠦᠢᠯᠡᠰ ᠨᠢ ᠬᠥᠭᠵᠢᠨ ᠮᠠᠨᠳᠤᠭᠰᠠᠨ ᠰᠢᠨ᠎ᠠ ᠦᠵᠡᠮᠵᠢ ᠪᠠᠶᠢᠳᠠᠯ ᠢᠯᠡᠷᠡᠨ᠎ᠡ᠃    ︽ᠲᠠᠷᠠᠭᠠᠴᠢ ᠶᠢᠨ ᠠᠯᠬᠤᠮ ᠳᠤ ᠮᠠᠨ ᠤ ᠰᠤᠮᠤ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠢᠮᠠᠭᠲᠠ ᠪᠠᠷᠢᠮᠲᠠᠯᠠᠵᠤ᠂ ᠴᠠᠭ ᠢᠮᠠᠭᠲᠠ ᠠᠷᠠᠳ ᠣᠯᠠᠨ ᠤ ᠪᠠᠶᠠᠷ ᠭᠤᠨᠢᠬ ᠢ ᠰᠡᠳᠬᠢᠯ ᠳᠡᠭᠡᠨ ᠪᠤᠳᠤᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠡᠳᠦᠭᠡᠷ ᠳᠣᠬᠢᠶ᠎ᠠ ᠪᠣᠯᠭᠠᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠶᠢ ᠨᠢᠭᠡᠳᠦᠭᠡᠷ ᠪᠠᠷᠢᠮᠵᠢᠶ᠎ᠠ ᠪᠣᠯᠭᠠᠵᠤ᠂ ᠮᠠᠨ ᠤ ︿ᠶᠠᠳᠠᠷᠠᠯ ᠵᠦᠳᠡᠷᠡᠯ ᠤᠨ ᠵᠢᠭᠠᠯᠲᠠ ᠲᠤᠭ᠎ᠠ﹀ ᠪᠠᠷ ᠣᠯᠠᠨ ᠲᠦᠮᠡᠨ ᠤ ︿ᠵᠣᠯ ᠵᠢᠷᠭᠠᠯ ᠤᠨ ᠵᠢᠭᠠᠯᠲᠠ ᠲᠤᠭ᠎ᠠ﹀ ᠶᠢ ᠦᠷᠭᠦᠯᠵᠢᠯᠡᠨ ᠳᠡᠭᠡᠭᠰᠢᠯᠡᠭᠦᠯᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠨᠠᠩ ᠠᠮᠢᠵᠢᠷᠠᠯ ᠤᠨ ᠬᠦᠴᠦᠨ ᠲᠠᠢ᠂ ᠨᠠᠩ ᠦᠷᠭᠦᠯᠵᠢᠯᠡᠬᠦ ᠬᠥᠭᠵᠢᠯᠲᠡ ᠲᠠᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠬᠥᠭᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠦᠨ᠎ᠡ︾ ᠭᠡᠵᠦ ᠡᠷᠳᠡᠨᠢᠴᠢᠮᠡᠭ ᠬᠡᠯᠡᠨ᠎ᠡ᠃ 
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号