ᠮᠠᠨ ᠤ ᠤᠷᠤᠨ 15.66 ᠳ᠋ᠦᠩᠰᠢᠭᠤᠷ ᠲᠥᠭᠦᠷᠢᠭ ᠪᠠᠭᠤᠯᠭᠠᠵᠤ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠳᠡ ᠶᠢᠨ ᠭᠤᠤᠯ ᠴᠤᠭᠴᠡ ᠶᠢᠨ ᠴᠢᠳᠠᠪᠤᠷᠢ ᠶᠢ ᠲᠡᠭᠡᠭᠰᠢᠯᠡᠬᠦᠯᠵᠤ ᠪᠤᠢ
ᠨᠡᠶᠢᠲᠡᠯᠡᠭᠰᠡᠨ ᠴᠠᠭ᠄
2024/7/9
    ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢ ᠪᠤᠵᠠᠭᠠᠶᠢᠷᠠᠭᠤᠯᠬᠤ ᠡᠷᠴᠢᠮ ᠢ ᠴᠢᠩᠭᠠᠷᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠡᠨᠡ ᠵᠢᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠᠯᠠ ᠮᠥᠩᠭᠦ ᠶᠢ 15.66 ᠳ᠋ᠦᠩᠰᠢᠭᠤᠷ ᠲᠥᠭᠦᠷᠢᠭ ᠪᠠᠭᠤᠯᠭᠠᠵᠤ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢ ᠪᠤᠶᠢᠵᠢᠭᠤᠯᠬᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ᠂ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ ᠬᠥᠮᠦᠵᠢᠭᠦᠯᠬᠦ ᠪᠠ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠤᠨ ᠥᠭᠡᠷᠡᠴᠢᠯᠡᠯᠲᠡ ᠪᠠ ᠪᠥᠲᠥᠭᠡᠨ ᠪᠠᠶᠢᠭᠤᠯᠤᠯᠲᠠ ᠵᠡᠷᠭᠡ ᠶᠢ ᠲᠡᠮᠵᠢᠵᠤ ᠪᠤᠢ᠃    ᠡᠨᠡ ᠵᠢᠯ ᠮᠠᠨ ᠤ ᠤᠷᠤᠨ ᠪᠡᠯᠡ ᠮᠦᠡᠭᠬᠦ ᠪᠠᠷ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠶ ᠲᠠᠷᠢᠶᠠᠯᠠᠩ ᠤᠨ ᠠᠵᠤ ᠦᠢᠯᠡᠰᠵᠢᠭᠰᠡᠨ ᠲᠠᠭᠠᠭᠤᠯᠤᠭᠴᠢ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠵᠦ᠂ ᠲᠤᠰ ᠭᠠᠵᠠᠷ ᠣᠷᠣᠨ ᠤ ᠲᠠᠭᠠᠭᠤᠯᠤᠭᠴᠢ ᠠᠵᠤ ᠠᠬᠤᠶᠢᠯᠠᠯ ᠤᠨ ᠳᠠᠬᠢᠨ ᠵᠣᠬᠢᠶᠠᠨ ᠪᠠᠶᠢᠭᠤᠯᠬᠤ᠂ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠬᠤ᠂ ᠤᠯᠤᠰ ᠤᠨ ᠲᠠᠰ ᠤᠨ ᠭᠤᠣᠯᠳᠠᠯᠭ᠎ᠠ ᠲᠠᠢ ᠲᠠᠭᠠᠭᠤᠯᠤᠭᠴᠢ ᠠᠵᠤ ᠠᠬᠤᠶᠢᠯᠠᠯ ᠢᠶᠠᠷ ᠮᠡᠳᠡᠭᠦᠯᠬᠦ ᠶᠢ ᠵᠣᠷᠢᠭᠵᠢᠭᠤᠯᠵᠤ ᠪᠤᠢ᠃ ᠮᠦᠨ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠤᠷᠰᠢᠶ᠎ᠠ ᠪᠠᠶᠢᠭᠤᠯᠬᠤ ᠶᠢ ᠵᠤᠷᠢᠭᠵᠢᠭᠤᠯᠵᠤ᠂ 1000 ᠣᠷᠴᠢᠮ ᠰᠢᠨ᠎ᠡ ᠬᠡᠯᠪᠡᠷᠢ ᠶᠢᠨ ᠮᠠᠯ ᠠᠵᠤ ᠠᠬᠤᠶ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢᠨ ᠬᠠᠪᠰᠤᠷᠤᠨ ᠵᠢᠯᠣᠭᠤᠳᠣᠭᠴᠢ ᠶᠢ ᠰᠣᠩᠭᠤᠨ ᠤᠷᠢᠵᠤ᠂ ︽ᠮᠢᠩᠭᠠᠨ ᠬᠥᠮᠦᠨ ᠲᠦᠮᠡᠨ ᠬᠤᠷᠰᠢᠶ᠎ᠠ ᠶᠢ ᠳᠠᠶᠢᠴᠢᠯᠠᠬᠤ︾ ᠠᠵᠢᠯᠯᠠᠭ᠎ᠠ ᠦᠷᠨᠢᠬᠦᠯᠬᠦ ᠶᠢ ᠲᠡᠮᠵᠢᠵᠤ ᠪᠠᠶᠢᠨ᠎ᠠ᠃ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪᠯᠡᠷᠡᠨ ᠵᠠᠯᠭᠠᠯᠳᠤᠭᠰᠠᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠮᠠᠯ ᠠᠵᠤ ᠠᠬᠤᠶ ᠲᠠᠷᠢᠶᠠᠯᠠᠩ ᠳᠤ ᠦᠢᠯᠡᠴᠢᠯᠡᠬᠦ ᠲᠥᠪ ᠪᠠᠶᠢᠭᠤᠯᠬᠤ ᠶᠢ ᠳᠡᠮᠵᠢᠵᠤ ᠪᠤᠢ᠃ ᠣᠷᠳᠣᠰ ᠬᠤᠲᠠ᠂ ᠪᠠᠶᠠᠨᠨᠠᠭᠤᠷ ᠬᠤᠲᠠ᠂ ᠬᠢᠩᠭᠠᠨ ᠠᠶᠢᠮᠠᠭ᠂ ᠦᠬᠠᠶ ᠬᠤᠲᠠ ᠵᠢᠴᠢ ᠦᠬᠡᠷ ᠬᠤᠨᠢ ᠲᠡᠵᠢᠭᠡᠨ ᠦᠷᠡᠵᠢᠭᠦᠯᠬᠦ 22 ᠲᠣᠮᠣ ᠰᠢᠶᠠᠨ ᠳᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠯᠭᠡᠷᠡᠭᠦᠯᠬᠦ ᠶᠢ ᠠᠬᠢᠭᠤᠯᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号