ᠰᠦᠨ ᠱᠤᠤ ᠴᠧᠩ ᠸᠠᠩ ᠯᠢ ᠰᠢᠶᠠ ᠳᠤᠮᠳᠠᠳᠤ ᠤᠯᠤᠰ ᠤᠨ ᠨᠡᠶᠢᠳᠡᠮ ᠤᠨ ᠬᠡᠷᠡᠭᠯᠡᠬᠡᠨ ᠤ ᠮᠡᠷᠭᠡᠵᠢᠯ ︵ᠪᠦᠯᠦᠭᠯᠡᠯ︶ ᠤᠨ ᠬᠡᠷᠡᠭ ᠮᠡᠳᠡᠭᠴᠢᠳ ᠤᠨ ᠳᠠᠷᠤᠭ᠎ᠠ ᠢᠦᠢ ᠰᠢᠤᠢ ᠪᠥᠸᠧ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/9
    7 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠳᠤᠮᠳᠠᠳᠤ ᠤᠯᠤᠰ ᠤᠨ ᠨᠡᠶᠢᠳᠡᠮ ᠤᠨ ᠬᠡᠷᠡᠭᠯᠡᠬᠡᠨ ᠤ ᠮᠡᠷᠭᠡᠵᠢᠯ ︵ᠪᠦᠯᠦᠭᠯᠡᠯ︶ ᠤᠨ ᠬᠤᠪᠢ ᠡᠵᠡᠮᠳᠡᠭᠰᠡᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠢᠦᠶ ᠰᠢᠤᠢ ᠪᠥᠸᠧ ᠨᠡᠷ ᠲᠠᠢ ᠠᠭᠤᠯᠵᠠᠪᠠ᠃ ᠬᠤᠶᠠᠷ ᠲᠠᠯ᠎ᠠ ᠪᠠᠷ ᠢᠶᠠᠨ ᠤᠯᠠᠨ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠡᠮ ᠡᠮᠨᠡᠯᠭᠡ ᠡᠷᠡᠭᠦᠯ ᠮᠡᠨᠳᠦ᠂ ᠲᠣᠨᠣᠭᠯᠠᠯ ᠦᠢᠯᠡᠳᠬᠦ ᠵᠡᠷᠭᠡ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠪᠠ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ᠂ ᠳᠤᠮᠳᠠᠳᠤ ᠤᠯᠤᠰ ᠤᠨ ᠨᠡᠶᠢᠳᠡᠮ ᠤᠨ ᠬᠡᠷᠡᠭᠯᠡᠬᠡᠨ ᠤ ᠮᠡᠷᠭᠡᠵᠢᠯ ︵ᠪᠦᠯᠦᠭᠯᠡᠯ︶ ᠤᠨ ᠶᠡᠷᠦᠩᠬᠡᠢ ᠳᠠᠭᠠᠭᠠᠮᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠼᠦᠢ ᡁᠢ ᠴᠧᠩ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号