ᠤᠶᠤᠳᠠᠳ ᠠᠵᠢᠯ ᠡᠷᠢᠬᠦ ︽ᠤᠨᠠᠭᠤᠯᠢ︾᠎ ᠠᠴᠠ ᠬᠢᠴᠢᠶᠡᠭᠡᠷᠡᠢ
ᠨᠡᠶᠢᠲᠡᠯᠡᠭᠰᠡᠨ ᠴᠠᠭ᠄
2024/8/1
    ᠤᠶᠢᠷ᠎ᠠ ᠳᠤ᠂ ᠦᠬᠠᠢ ᠨᠤᠳᠤᠬᠳᠠᠢ ᠤᠶᠤᠳᠠᠨ ᠯᠢ ᠤᠪᠤᠬᠳᠤ ᠦᠬᠠᠢ ᠬᠤᠳᠠ ᠶᠢᠨ ᠲᠤᠬᠠᠢ ᠶᠢᠨ ᠭᠠᠵᠠᠷ ᠤᠨ ᠨᠢᠬᠡᠨ ᠵᠢᠷᠬᠢᠶ᠎ᠡ ᠶᠢᠨ ᠤᠯᠠᠨ ᠨᠡᠶᠢᠳᠡ ᠶᠢᠨ ᠳ᠋ᠤᠭᠠᠷ ᠠᠴᠠ ᠨᠢᠬᠡᠨ ᠺᠤᠮᠫᠠᠨᠢ ᠶᠢᠨ ᠠᠵᠢᠯᠳᠠᠨ ᠡᠯᠰᠡᠬᠦ ᠮᠡᠳᠡᠭᠡ ᠵᠠᠩᠬᠢ ᠶᠢ ᠤᠯᠵᠤ ᠦᠵᠡᠬᠡᠳ᠂ ᠴᠠᠯᠢᠩ ᠮᠦᠩᠬᠦ ᠨᠢ ᠦᠨᠳᠦᠷ ᠪᠤᠯᠬᠤᠷ ᠰᠦᠯᠵᠢᠶᠡᠨ ᠲᠡᠭᠡᠷ᠎ᠡ ᠬᠤᠪᠢ ᠬᠦᠮᠦᠨ ᠤ ᠲᠤᠪᠴᠢ ᠨᠠᠮᠳᠠᠷ ᠢᠶᠠᠨ ᠲᠡᠪᠰᠢᠬᠦᠯᠪᠡ᠃ ᠳᠡᠮᠡᠢ ᠤᠳᠠᠯ ᠦᠭᠡᠢ ᠨᠢᠭᠤᠷᠳᠠᠨ ᠰᠢᠯᠭᠠᠬᠤ ᠭᠤᠬᠴᠤᠭ᠎ᠠ ᠪᠤᠯᠵᠦ᠂ ᠳᠤᠰ ᠺᠤᠮᠫᠠᠨᠢ ᠶᠢᠨ ︽ᠨᠢᠭᠤᠷᠳᠠᠨ ᠰᠢᠯᠭᠠᠬᠤ ᠳᠠᠷᠤᠭ᠎ᠠ︾᠎ ᠠᠴᠠ ᠲᠡᠬᠦᠨ ᠢ ᠺᠤᠮᠫᠠᠨᠢ ᠳᠤ ᠠᠵᠢᠯᠯᠠᠵᠤ ᠪᠤᠯᠤᠨ᠎ᠠ᠂ ᠬᠡᠪᠡᠴᠦ ᠤᠳᠤᠬᠠᠨ ᠳᠤ ᠺᠤᠮᠫᠠᠨᠢ ᠶᠢᠨ ᠠᠯᠪᠠᠯᠠᠬᠤ ᠭᠠᠵᠠᠷ ᠢ ᠶᠠᠬ ᠵᠠᠰᠠᠨ ᠴᠢᠮᠡᠭᠯᠡᠵᠦ ᠪᠠᠶᠢᠭ᠎ᠠ ᠪᠤᠯᠬᠤᠷ ᠰᠦᠯᠵᠢᠶᠡᠨ ᠲᠡᠭᠡᠷ᠎ᠡ ᠠᠵᠢᠯᠯᠠᠪᠠᠯ ᠪᠤᠯᠴᠢᠬᠠᠨ᠎ᠠ ᠬᠡᠵᠡᠢ᠃    ᠯᠢ ᠤᠪᠤᠬᠳᠤ ᠡᠬᠢᠯᠡᠨ ᠠᠵᠢᠯᠯᠠᠬᠰᠠᠨ ᠤ ᠳᠠᠷᠠᠭ᠎ᠠ᠂ ︽ᠺᠤᠮᠫᠠᠨᠢ ᠶᠢᠨ ᠲᠠᠭᠠᠭᠠᠮᠠᠯ︾᠎ ᠠᠴᠠ ᠲᠡᠭᠦᠨ ᠢ ᠲᠤᠬᠳᠠᠬᠰᠠᠨ ᠪᠠᠩᠬᠢ ᠳᠤ ᠬᠦᠷᠴᠦ ᠪᠠᠶ᠎ᠠ ᠶᠢᠨ ᠦᠨᠡᠮᠯᠡᠯ ᠢᠶᠠᠷ ᠢᠶᠠᠨ ᠪᠠᠩᠬᠢ ᠶᠢᠨ ᠺᠠᠷᠲ ᠬᠢᠯᠬᠡᠬᠦ ᠶᠢ ᠱᠠᠭᠠᠷᠳᠠᠪᠠ᠃ ᠯᠢ ᠤᠪᠤᠬᠳᠤ ᠺᠠᠷᠲ ᠬᠢᠯᠭᠡᠭᠰᠡᠨ ᠤ ᠲᠠᠷᠠᠭ᠎ᠠ᠂ ᠲᠡᠭᠦᠨ ᠳᠤ ᠺᠤᠮᠫᠠᠨᠢ ᠶᠢᠨ ︽ᠪᠠᠷᠠᠭᠠᠨ ᠤ ᠵᠤᠭᠤᠰ︾᠎ ᠢ ᠲᠤᠰᠴᠤ ᠠᠪᠬᠤ ᠠᠵᠢᠯ ᠳᠤᠬᠢᠷᠠᠭᠤᠯᠵᠦ᠂ ᠯᠢ ᠤᠪᠤᠬᠳᠦ ᠶᠢᠨ ᠪᠠᠩᠬᠢ ᠶᠢᠨ ᠺᠠᠷᠲ ᠲᠤ ᠵᠤᠭᠤᠰ ᠰᠢᠯᠵᠢᠬᠦᠯᠪᠡ᠃    ᠦᠨᠡᠨ ᠳᠡᠭᠡᠨ᠂ ᠳᠤᠰ ᠤᠳᠠᠭ᠎ᠠ ᠶᠢᠨ ᠠᠵᠢᠯᠳᠠᠨ ᠡᠯᠰᠡᠬᠦ ᠶᠠᠪᠤᠳᠠᠯ ᠢ ᠮᠡᠬᠡᠯᠡᠭᠴᠢ ᠠᠴᠠ ᠬᠠᠭᠤᠷᠮᠠᠬᠯᠠᠨ ᠵᠤᠬᠢᠶᠠᠵᠤ᠂ ︽ᠪᠠᠷᠠᠭᠠᠨ ᠤ ᠵᠤᠭᠤᠰ︾᠎ ᠨᠢ ᠶᠠᠯᠠᠳᠤ ᠠᠵᠢᠯᠯᠠᠭ᠎ᠠ ᠳᠤ ᠬᠤᠯᠪᠤᠬᠳᠠᠬᠤ ᠬᠠᠤᠯᠢ ᠪᠤᠰᠤ ᠪᠡᠯᠡ ᠮᠦᠩᠬᠦ ᠪᠠᠶᠢᠵᠤ᠂ ᠯᠢ ᠤᠪᠤᠬᠳᠤ ᠶᠢᠨ ᠪᠠᠩᠬᠢ ᠶᠢᠨ ᠺᠠᠷᠲ ᠨᠢ ︽ᠬᠡᠷᠡᠭ ᠲᠤ ᠬᠤᠯᠪᠤᠬᠳᠠᠬᠰᠠᠨ ᠪᠠᠩᠬᠢ ᠶᠢᠨ ᠺᠠᠷᠲ︾ ᠪᠤᠯᠵᠦ᠂ ᠯᠢ ᠤᠪᠤᠬᠳᠦ ᠴᠦ ᠮᠡᠬᠡᠯᠡᠯ ᠤᠨ ᠬᠡᠷᠡᠭ ᠲᠤ ᠬᠤᠯᠪᠤᠬᠳᠠᠬᠰᠠᠨ ᠪᠠᠶᠢᠨ᠎ᠠ᠃    ᠴᠠᠬᠳᠠᠭ᠎ᠠ ᠶᠢᠨ ᠰᠠᠨᠠᠭᠤᠯᠤᠮᠵᠢ᠄ ᠤᠶᠤᠳᠠᠳ ᠠᠵᠢᠯ ᠡᠷᠢᠬᠦ ᠳᠡᠭᠡᠨ ᠦᠪᠡᠷ ᠤᠨ ᠤᠷ᠎ᠠ ᠴᠢᠳᠠᠪᠤᠷᠢ ᠶᠢᠨ ᠲᠦᠪᠰᠢᠨ ᠢᠶᠠᠨ ᠦᠨᠳᠦᠰᠦᠯᠡᠨ᠂ ᠦᠪᠡᠷ ᠤᠨ ᠬᠦᠰᠡᠵᠦ ᠪᠠᠶᠢᠭ᠎ᠠ ᠬᠦᠯᠦᠰᠦ ᠤᠯᠭᠤᠮᠵᠢ ᠪᠠᠨ ᠵᠤᠬᠢᠰᠳᠠᠢ ᠲᠤᠬᠳᠠᠭᠠᠵᠤ᠂ ᠦᠨᠳᠦᠷ ᠴᠠᠯᠢᠩ ᠬᠦᠯᠦᠰᠦ ᠶᠢᠨ ᠦᠳᠦᠬᠡᠯᠬᠡ ᠠᠴᠠ ᠪᠤᠯᠵᠤ ᠮᠡᠬᠡᠯᠡᠯ ᠤᠨ ︽ᠤᠨᠠᠭᠤᠯᠢ︾᠎ ᠳᠤ ᠤᠨᠠᠬᠤ ᠠᠴᠠ ᠵᠠᠶᠢᠯᠠᠰᠬᠢᠬᠦ ᠬᠡᠷᠡᠭᠳᠡᠢ᠃ ᠰᠡᠵᠢᠭᠯᠡᠯᠳᠡᠢ ᠬᠤᠯᠪᠤᠭᠠᠰᠤ ᠶᠢ ᠬᠢᠴᠢᠶᠡᠮᠵᠢᠳᠡᠢ ᠬᠤᠯᠪᠤᠵᠦ᠂ ᠦᠨᠳᠦᠷ ᠬᠦᠯᠦᠰᠦ ᠤᠯᠭᠤᠮᠵᠢ ᠪᠠᠷ ᠠᠵᠢᠯᠳᠠᠨ ᠡᠯᠰᠡᠬᠦ ᠶᠠᠪᠤᠳᠠᠯ ᠳᠤ ᠰᠡᠷᠡᠮᠵᠢᠳᠡᠢ ᠬᠠᠨᠳᠤᠵᠤ᠂ ᠰᠦᠯᠵᠢᠶᠡᠨ ᠤ ᠮᠡᠳᠡᠭᠡ ᠵᠠᠩᠬᠢ ᠶᠢ ᠪᠤᠯᠭᠤᠮᠵᠢᠳᠠᠢ ᠬᠢᠨᠠᠨ ᠬᠠᠷᠭᠤᠭᠤᠯᠵᠤ᠂ ᠰᠤᠨᠤᠷ ᠰᠡᠷᠡᠮᠵᠢ ᠪᠠᠨ ᠳᠡᠭᠡᠭᠰᠢᠯᠡᠬᠦᠯᠬᠦ ᠬᠡᠷᠡᠭᠳᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号