ᠠᠯᠠᠱᠠ ᠵᠡᠭᠦᠨ ᠬᠤᠰᠢᠭᠤ ᠮᠠᠯ ᠰᠦᠷᠦᠭ ᠤᠨ ᠬᠢᠵᠢᠭ ᠢ ᠰᠡᠷᠬᠡᠶᠢᠯᠡᠬᠦ ᠠᠵᠢᠯ ᠢ ᠢᠳᠡᠪᠬᠢᠳᠡᠢ ᠦᠷᠨᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2024/8/1
    ᠡᠨᠡ ᠵᠢᠯ ᠠᠴᠠ ᠨᠠᠭᠠᠰᠢ᠂ ᠠᠯᠠᠱᠠ ᠵᠡᠭᠦᠨ ᠬᠤᠰᠢᠭᠤᠨ ᠤ ᠶᠡᠬᠡᠩᠬᠢ ᠬᠡᠰᠡᠭ ᠭᠠᠵᠠᠷ ᠣᠷᠣᠨ ᠳᠤ ᠭᠠᠩ ᠬᠠᠭᠰᠠᠷᠭᠠᠨ ᠬᠡᠴᠡᠭᠦᠳᠡᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠢ ᠶᠡᠬᠡᠪᠡᠷ ᠨᠦᠯᠦᠭᠡᠯᠡᠨ᠂ ᠮᠠᠯ ᠠᠮᠢᠳᠠᠨ ᠤ ᠡᠯ᠎ᠡ ᠵᠦᠢᠯ ᠤᠨ ᠬᠢᠵᠢᠭ ᠡᠪᠡᠳᠴᠢᠨ ᠡᠭᠦᠰᠭᠡᠬᠦ ᠨᠤᠷᠮ᠎ᠠ ᠶᠢ ᠲᠡᠭᠡᠭᠰᠢᠯᠡᠭᠦᠯᠦᠭᠰᠡᠨ ᠪᠠᠶᠢᠨ᠎ᠠ᠃ ᠠᠯᠠᠱᠠ ᠵᠡᠭᠦᠨ ᠬᠤᠰᠢᠭᠤᠨ ᠤ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠦᠪ ᠤᠨ ᠬᠢᠨ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠬᠦ᠂ ᠬᠠᠯᠳᠠᠪᠤᠷᠢᠳᠤ ᠲᠠᠬᠤᠯ ᠤᠨ ᠪᠠᠶᠢᠴᠠᠭᠠᠯᠳᠠ ᠪᠠ ᠬᠢᠨᠠᠨ ᠬᠡᠮᠵᠢᠯᠳᠡ ᠬᠢᠬᠦ᠂ ᠬᠢᠵᠢᠭ ᠢᠶᠠᠷ ᠦᠭᠦᠭᠰᠡᠨ ᠮᠠᠯ ᠢ ᠵᠤᠬᠢᠰᠳᠠᠢ ᠰᠢᠢᠳᠪᠦᠷᠢᠯᠡᠨ ᠠᠷᠢᠭᠤᠳᠬᠠᠯ ᠬᠢᠬᠦ ᠵᠡᠷᠭᠡ ᠠᠵᠢᠯ ᠢ ᠢᠳᠡᠪᠬᠢᠳᠡᠢ ᠦᠷᠨᠢᠭᠦᠯᠵᠤ᠂ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠡᠭᠦᠰᠭᠦ ᠶᠢ ᠰᠡᠷᠭᠡᠶᠢᠯᠡᠨ᠂ ᠮᠠᠯᠴᠢᠳ ᠤᠨ ᠬᠤᠬᠢᠷᠠᠯ ᠢ ᠬᠠᠮᠤᠭ ᠤᠨ ᠲᠤᠤᠷ᠎ᠠ ᠬᠡᠮᠵᠢᠶᠡᠨ ᠳᠤ ᠬᠦᠷᠬᠡᠬᠦ ᠪᠠᠷ ᠴᠢᠷᠮᠠᠶᠢᠵᠦ ᠪᠠᠶᠢᠨ᠎ᠠ᠃    ᠬᠠᠪᠤᠷ ᠤᠨ ᠤᠯᠠᠷᠢᠯ ᠤᠨ ᠠᠮᠢᠳᠠᠨ ᠤ ᠬᠦᠨᠳᠦ ᠬᠢᠵᠢᠭ ᠲᠠᠬᠤᠯ ᠤᠨ ᠬᠠᠯᠳᠠᠪᠤᠷᠢᠯᠠᠬᠤ ᠶᠢ ᠰᠡᠷᠭᠡᠶᠢᠯᠡᠬᠦ ᠶᠢᠨ ᠲᠦᠯᠦᠭᠡ ᠪᠦᠬᠦ ᠬᠤᠰᠢᠭᠤᠨ ᠤ 56.3 ᠲᠦᠮᠡᠨ ᠪᠤᠭ ᠮᠠᠯ᠂ 7.6 ᠲᠦᠮᠡᠨ ᠦᠬᠡᠷ᠂ 3.3 ᠲᠦᠮᠡᠨ ᠲᠡᠮᠡᠭᠡ᠂ 1.4 ᠲᠦᠮᠡᠨ ᠭᠠᠭ᠋ᠠᠢ ᠳᠤ ᠰᠢᠯᠦᠭᠡᠢ ᠡᠪᠡᠳᠴᠢᠨ ᠢ ᠰᠡᠷᠭᠡᠶᠢᠯᠡᠬᠦ ᠲᠠᠷᠢᠯᠭ᠎ᠠ ᠳᠠᠷᠢᠨ᠂ 79 ᠲᠦᠮᠡᠨ ᠵᠢᠭᠦᠷᠳᠡᠨ ᠳᠤ ᠵᠢᠭᠦᠷᠳᠡᠨ ᠤ ᠬᠠᠯᠳᠠᠪᠤᠷᠢᠳᠤ ᠲᠠᠬᠰᠢᠭᠤᠷ ᠢ ᠰᠡᠷᠭᠡᠶᠢᠯᠡᠬᠦ ᠲᠠᠷᠢᠯᠭ᠎ᠠ ᠬᠢᠭᠰᠡᠨ ᠪᠠᠶᠢᠨ᠎ᠠ᠃7 ᠰᠠᠷ᠎ᠠ ᠶᠢᠨ ᠡᠬᠢ ᠪᠤᠯᠳᠠᠯ᠎ᠠ᠂ ᠪᠦᠬᠦ ᠬᠤᠰᠢᠭᠤᠨ ᠤ ᠬᠡᠪᠴᠢᠶᠡᠨ ᠳᠤ 0.67 ᠲᠦᠮᠡᠨ ᠭᠠᠭ᠋ᠠᠢ᠂ 2. 2 ᠲᠦᠮᠡᠨ ᠦᠬᠡᠷ᠂ 4.4 ᠲᠦᠮᠡᠨ ᠪᠤᠭ ᠮᠠᠯ᠂ 2.4 ᠲᠦᠮᠡᠨ ᠲᠠᠬᠢᠶ᠎ᠠ ᠳᠤ ᠭᠠᠭ᠋ᠠᠢ ᠶᠢᠨ ᠰᠢᠯᠦᠬᠡᠢ ᠡᠪᠡᠳᠴᠢᠨ᠂ ᠸᠢᠷᠦ᠋ᠰ᠂ ᠬᠥᠬᠡ ᠴᠢᠬᠢ᠂ ᠪᠣᠭᠤᠮ᠎ᠠ᠂ ᠭᠠᠯᠵᠠᠭᠤ ᠡᠪᠡᠳᠴᠢᠨ᠂ ᠦᠬᠡᠷ ᠤᠨ ᠰᠢᠯᠦᠬᠡᠢ ᠡᠪᠡᠳᠴᠢᠨ᠂ ᠰᠦᠷᠢᠶ᠎ᠡ ᠡᠪᠡᠳᠴᠢᠨ᠂ ᠬᠥᠬᠡ ᠬᠡᠯᠡᠲᠦ ᠡᠪᠡᠳᠴᠢᠨ᠂ ᠬᠤᠨᠢ ᠢᠮᠠᠭᠠᠨ ᠤ ᠰᠢᠯᠦᠬᠡᠢ ᠡᠪᠡᠳᠴᠢᠨ᠂ ᠪᠷᠦ᠋ᠼᠧᠯ ᠡᠪᠡᠳᠴᠢᠨ᠂ ᠵᠠᠭᠠᠲᠤᠨᠠᠬᠤ ᠡᠪᠡᠳᠴᠢᠨ᠂ ᠲᠠᠬᠢᠶ᠎ᠠ ᠶᠢᠨ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠵᠡᠷᠭᠡ ᠶᠢᠨ ᠪᠦᠬᠦ ᠲᠠᠯ᠎ᠠ ᠶᠢᠨ ᠪᠠᠶᠢᠴᠠᠭᠠᠨ ᠬᠡᠮᠵᠢᠯᠳᠡ ᠬᠢᠵᠡᠢ᠃ ᠪᠠᠶᠢᠴᠠᠭᠠᠯᠳᠠ ᠶᠢᠨ ᠳ᠋ᠦᠩ ᠠᠴᠠ ᠦᠵᠡᠪᠡᠯ᠂ ᠤᠳᠤᠬᠠᠨ ᠪᠤᠯᠳᠠᠯ᠎ᠠ ᠪᠦᠬᠦ ᠬᠤᠰᠢᠭᠤᠨ ᠳᠤ ᠠᠮᠢᠳᠠᠨ ᠤ ᠡᠯ᠎ᠡ ᠵᠦᠢᠯ ᠤᠨ ᠬᠢᠵᠢᠭ ᠡᠪᠡᠳᠴᠢᠨ ᠤ ᠪᠠᠶᠢᠳᠠᠯ ᠭᠠᠷᠤᠬᠰᠠᠨ ᠦᠭᠡᠢ᠃    ᠲᠡᠭᠡᠳᠦ ᠬᠠᠭᠠᠰ ᠵᠢᠯ ᠳᠤ᠂ ᠠᠯᠠᠱᠠ ᠵᠡᠭᠦᠨ ᠬᠤᠰᠢᠭᠤᠨ ᠤ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠦᠪ ᠤᠨ ᠰᠢᠨᠵᠢᠯᠡᠭᠡ ᠮᠡᠷᠭᠡᠵᠢᠯ ᠤᠨ ᠤᠨᠴᠠ ᠲᠤᠮᠢᠯᠠᠬᠴᠢ ᠶᠢᠨ ᠠᠵᠢᠯ ᠤᠨ ᠦᠷᠳᠡᠭᠡ ᠶᠢᠨ ᠬᠢᠨ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠤ ᠦᠯᠦ ᠬᠠᠯᠳᠠᠭᠠᠬᠤ ᠡᠰᠡᠷᠭᠦᠴᠡᠭᠴᠢ ᠶᠢᠨ ᠦᠷ᠎ᠡ ᠠᠰᠢᠭ ᠢ ᠬᠢᠨᠠᠨ ᠬᠡᠮᠵᠢᠬᠦ᠂ ᠠᠮᠢᠲᠠᠨ ᠤ ᠬᠢᠵᠢᠭ ᠡᠪᠡᠳᠴᠢᠨ ᠢ ᠣᠨᠣᠰᠢᠯᠠᠨ ᠵᠠᠰᠠᠬᠤ᠂ ᠨᠤᠳᠤᠭ ᠤᠨ ᠰᠢᠷ᠎ᠠ ᠦᠭᠡᠷ ᠤᠨ ᠡᠪᠡᠳᠴᠢᠨ ᠢ ᠰᠡᠷᠭᠡᠶᠢᠯᠡᠨ ᠵᠠᠰᠠᠬᠤ᠂ ᠮᠠᠯ ᠤᠨ ᠡᠮ ᠤᠨ ᠡᠵᠡᠩᠨᠡᠯᠲᠡ ᠶᠢ ᠵᠢᠷᠤᠮᠵᠢᠭᠤᠯᠬᠤ᠂ ᠰᠠᠭᠠᠯᠢ ᠶᠢᠨ ᠢᠩᠭᠡᠨ ᠤ ᠡᠪᠡᠳᠴᠢᠨ ᠢ ᠬᠢᠨᠠᠨ ᠬᠡᠮᠵᠢᠬᠦ ᠵᠡᠷᠭᠡ ᠲᠠᠯ᠎ᠠ ᠪᠠᠷ ᠮᠠᠯᠴᠢᠳ ᠲᠤ ᠦᠢᠯᠡᠴᠢᠯᠡᠨ᠂ 200 ᠭᠠᠷᠤᠢ ᠬᠥᠮᠥᠨ ᠤᠳᠠᠭ᠎ᠠ ᠦᠨᠳᠦᠰᠦᠨ ᠱᠠᠳᠤᠨ ᠳᠤ ᠪᠠᠭᠤᠵᠤ᠂ 1000 ᠭᠠᠷᠤᠢ ᠬᠥᠮᠥᠨ ᠳᠤ ᠦᠢᠯᠡᠴᠢᠯᠡᠭᠡ ᠬᠠᠩᠭᠠᠵᠡᠢ᠃ ᠡᠭᠦᠨ ᠠᠴᠠ ᠭᠠᠳᠠᠨ᠎ᠠ ᠭᠠᠷ ᠤᠲᠠᠰᠤ᠂ ᠸᠢᠴᠠᠲ ᠢᠶᠠᠷ ᠮᠠᠯᠴᠢᠨ ᠲᠠᠷᠢᠶᠠᠴᠢᠨ ᠳᠤ ᠮᠠᠯ ᠵᠢᠭᠦᠷᠳᠡᠨ ᠤ ᠡᠯ᠎ᠡ ᠵᠦᠢᠯ ᠤᠨ ᠬᠢᠵᠢᠭ ᠢ ᠰᠡᠷᠭᠡᠶᠢᠯᠡᠨ ᠵᠠᠰᠠᠬᠤ ᠲᠤᠬᠠᠢ ᠵᠦᠪᠯᠡᠯᠭᠡ ᠶᠢ 2000 ᠭᠠᠷᠤᠢ ᠬᠥᠮᠥᠨ ᠤᠳᠠᠭ᠎ᠠ ᠬᠦᠷᠭᠡᠵᠤ᠂ ᠠᠮᠢᠳᠠᠨ ᠤ ᠬᠢᠵᠢᠭ ᠢ ᠰᠡᠷᠭᠡᠶᠢᠯᠡᠬᠦ ᠮᠡᠷᠭᠡᠵᠢᠯ ᠴᠢᠳᠠᠪᠤᠷᠢ᠂ ᠪᠷᠦ᠋ᠼᠧᠯ ᠡᠪᠡᠳᠴᠢᠨ ᠢ ᠰᠡᠷᠭᠡᠶᠢᠯᠡᠬᠦ ᠮᠡᠳᠡᠯᠭᠡ᠂ ᠡᠬᠡ ᠮᠠᠯ ᠤᠨ ᠬᠦᠩᠭᠡᠵᠢᠬᠦ ᠬᠦᠴᠢᠷᠳᠡᠯ ᠢ ᠰᠢᠢᠳᠪᠦᠷᠢᠯᠡᠬᠦ ᠦᠨᠳᠦᠰᠦᠨ ᠠᠷᠭ᠎ᠠ ᠪᠠᠷᠢᠯ᠂ ᠨᠤᠳᠤᠭ ᠤᠨ ᠰᠢᠷ᠎ᠠ ᠦᠭᠡᠷ ᠤᠨ ᠰᠢᠮ᠎ᠡ ᠲᠡᠵᠢᠭᠡᠯ ᠲᠤᠳᠠᠬᠳᠠᠬᠤ ᠠᠴᠠ ᠪᠤᠯᠤᠬᠰᠠᠨ ᠡᠪᠡᠳᠴᠢᠨ ᠢ ᠰᠡᠷᠭᠡᠶᠢᠯᠡᠬᠦ ᠵᠡᠷᠭᠡ ᠪᠤᠯᠪᠠᠰᠤᠷᠠᠯ ᠢ 12 ᠤᠳᠠᠭ᠎ᠠ ᠡᠷᠬᠢᠯᠡᠨ᠂ ᠭᠠᠴᠠᠭ᠎ᠠ ᠲᠤᠰᠬᠤᠨ ᠤ ᠬᠢᠵᠢᠭ ᠢ ᠰᠡᠷᠭᠡᠶᠢᠯᠡᠬᠦ ᠠᠵᠢᠯᠲᠠᠨ᠂ ᠮᠠᠯᠴᠢᠨ ᠵᠡᠷᠬᠡ 180 ᠭᠠᠷᠤᠢ ᠬᠥᠮᠥᠨ ᠳᠤ ᠪᠤᠯᠪᠠᠰᠤᠷᠠᠯ ᠬᠦᠷᠳᠡᠭᠡᠵᠤ᠂ ᠪᠠᠶᠢᠩᠭᠤ ᠲᠤᠬᠢᠶᠠᠯᠳᠤᠬᠤ ᠡᠯ᠎ᠡ ᠵᠦᠢᠯ ᠤᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢᠨ ᠮᠠᠲ᠋ᠧᠷᠢᠶᠠᠯ ᠢ 490 ᠭᠠᠷᠤᠢ ᠬᠤᠪᠢ ᠲᠠᠷᠬᠠᠭᠠᠠ᠂ ᠮᠠᠯᠴᠢᠨ ᠲᠠᠷᠢᠶᠠᠴᠢᠨ ᠤ ᠮᠠᠯ ᠵᠢᠭᠦᠷᠳᠡᠨ ᠤ ᠬᠢᠵᠢᠭ ᠡᠪᠡᠳᠴᠢᠨ ᠢ ᠰᠡᠷᠭᠡᠶᠢᠯᠡᠬᠦ ᠪᠠ ᠡᠮᠨᠡᠵᠤ ᠵᠠᠰᠠᠬᠤ ᠮᠡᠳᠡᠯᠭᠡ ᠮᠡᠷᠭᠡᠵᠢᠯ ᠢ ᠳᠡᠬᠡᠭᠰᠢᠯᠡᠬᠦᠯᠵᠤ᠂ ᠠᠮᠢᠳᠠᠨ ᠤ ᠬᠢᠵᠢᠭ ᠤᠨ ᠭᠠᠮᠰᠢᠭ ᠢ ᠰᠡᠷᠭᠡᠶᠢᠯᠡᠨ᠂ ᠪᠥᠬᠦ ᠬᠤᠰᠢᠭᠤᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠲᠣᠭᠲᠠᠭᠤᠨ ᠬᠦᠭᠵᠢᠯᠳᠡ ᠳᠤ ᠪᠠᠳᠤᠯᠠᠭ᠎ᠠ ᠬᠠᠩᠭᠠᠵᠤ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号