ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠶᠢ ᠨᠡᠩ ᠴᠢᠬᠤᠯᠠᠴᠢᠯᠠᠵᠤ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ
ᠨᠡᠶᠢᠲᠡᠯᠡᠭᠰᠡᠨ ᠴᠠᠭ᠄
2024/8/1
    ︽ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠶᠢ ᠨᠡᠩ ᠢᠯᠡᠭᠦᠦ ᠴᠢᠬᠤᠯᠠᠴᠢᠯᠠᠬᠤ ᠬᠡᠷᠡᠭᠲᠡᠶ︾᠂ ︽ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ︾᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠬᠢᠨᠠᠨ ᠶᠠᠷᠢᠯᠴᠠᠵᠤ ᠪᠠᠲᠤᠯᠠᠭᠠᠳ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠶ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠤᠬᠠᠭᠠᠯᠠᠨ ᠲᠥᠯᠥᠪᠯᠡᠵᠦ᠂ ︽ᠪᠦᠬᠦ ᠨᠠᠮ ᠢᠶᠠᠷ ᠢᠶᠠᠨ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ︿ᠲᠣᠭᠲᠠᠭᠠᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ︾ ᠭᠡᠵᠦ ᠴᠢᠬᠤᠯᠠᠴᠢᠯᠠᠵᠠᠶ᠃    ︽ᠦᠭᠡᠷᠡᠴᠢᠯᠡᠯᠲᠡ ᠶᠢᠨ ᠠᠬᠢᠭᠤᠯᠤᠭᠴᠢ ᠪᠤᠯᠬᠤ ᠮᠦᠷᠲᠡᠭᠡᠨ ᠪᠠᠰᠠ ᠦᠭᠡᠷᠡᠴᠢᠯᠡᠯᠲᠡ ᠶᠢᠨ ᠪᠤᠲᠠᠲᠠᠢ ᠠᠵᠢᠯᠯᠠᠭᠴᠢ ᠪᠤᠯᠬᠤ ᠬᠡᠷᠡᠭᠲᠡᠢ︾᠂ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠲᠡᠦᠬᠡᠲᠦ ᠴᠢᠨᠠᠷᠲᠠᠢ ᠠᠭᠤᠤ ᠶᠡᠭᠡ ᠠᠮᠵᠢᠯᠲᠠ ᠣᠯᠤᠭᠰᠠᠨ ᠤ ᠵᠠᠩᠭᠢᠯᠠᠭ᠎ᠠ ᠨᠢ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠪᠠᠶᠢᠷᠢᠯᠠᠭᠤᠯᠤᠯᠲᠠ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠱᠠᠯᠠᠪᠳᠠᠭᠤᠯᠤᠨ ᠪᠠᠶᠢᠴᠠᠭᠠᠯᠲᠠ ᠶᠢ ᠠᠳᠬᠤᠭᠰᠠᠨ ᠳᠤ ᠪᠠᠶᠢᠨ᠎ᠠ᠃ ᠲᠥᠪ ᠤᠨ ᠲᠠᠯ᠎ᠠ ᠠᠴᠠ ᠶᠡᠷᠦᠩᠬᠡᠢ ᠳᠤᠨᠢ ᠵᠢᠷᠤᠵᠤ ᠲᠥᠯᠥᠪᠯᠡᠵᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠦ᠂ ᠪᠦᠬᠦᠯᠢ ᠴᠣᠭᠴᠠ ᠪᠠᠷ ᠠᠬᠢᠭᠤᠯᠵᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠠᠴᠠ ᠠᠪᠤᠭᠠᠳ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠵᠢᠯ ᠤᠨ ᠬᠤᠭᠤᠴᠠᠭ᠎ᠠ ᠶᠢ ᠤᠷᠢᠳᠴᠢᠯᠠᠨ ᠲᠤᠬᠢᠷᠠᠭᠤᠯᠵᠤ᠂ ᠠᠯᠬᠤᠮ ᠠᠯᠬᠤᠮ ᠢᠶᠠᠷ ᠠᠬᠢᠭᠤᠯᠬᠤ ᠬᠦᠷᠲᠡᠯ᠎ᠡ᠂ ᠲᠠᠬᠢᠭᠠᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠦᠨᠵᠡᠭᠡᠢ ᠱᠠᠯᠠᠪᠳᠠᠭᠤᠯᠤᠨ ᠪᠠᠶᠢᠴᠠᠭᠠᠵᠤ᠂ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠦᠨᠡᠨ ᠪᠤᠲᠠᠲᠠᠢ ᠠᠬᠢᠭᠤᠯᠬᠤ ᠬᠦᠷᠲᠡᠯ᠎ᠡ ᠁ ᠪᠦᠬᠦ ᠨᠠᠮ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠪᠠᠷ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠶᠢᠨ ᠭᠤᠣᠯᠳᠠᠯᠭ᠎ᠠ ᠪᠣᠯᠭᠠᠵᠤ᠂ ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ ᠶᠢ ᠪᠠᠷᠢᠮᠲᠠᠯᠠᠵᠤ᠂ ᠲᠡᠮᠦᠷ ᠪᠠᠷᠢᠪᠠᠯ ᠤᠷᠤᠮ ᠲᠠᠢ᠂ ᠴᠢᠯᠠᠭᠤᠨ ᠳᠡᠭᠡᠷ᠎ᠡ ᠬᠢᠰᠭᠢᠪᠡᠯ ᠮᠥᠷ ᠲᠠᠢ ᠪᠠᠶᠢᠵᠤ᠂ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠵᠤ᠂ ᠮᠠᠰᠢ ᠤᠯᠠᠨ ᠬᠦᠷᠢᠶᠡᠨ ᠳᠤ ᠲᠡᠦᠬᠡᠲᠦ ᠴᠢᠨᠠᠷᠲᠠᠢ ᠬᠤᠪᠢᠰᠤᠯᠲᠠ᠂ ᠰᠢᠰᠲ᠋ᠧᠮᠲᠦ ᠴᠢᠨᠠᠷᠲᠠᠢ ᠲᠠᠬᠢᠨ ᠴᠣᠭᠴᠠᠯᠠᠯᠲᠠ᠂ ᠪᠦᠬᠦᠯᠢ ᠴᠣᠭᠴᠠ ᠶᠢᠨ ᠴᠢᠨᠠᠷᠲᠠᠢ ᠲᠠᠬᠢᠨ ᠴᠣᠭᠴᠠᠯᠠᠯᠲᠠ ᠶᠢ ᠪᠡᠶᠡᠯᠡᠭᠦᠯᠪᠡ᠃ ᠰᠠᠶᠢᠨ ᠰᠢᠢᠳᠪᠦᠷᠢᠲᠦ ᠪᠤᠳᠤᠯᠭ᠎ᠠ᠂ ᠰᠠᠶᠢᠨ ᠵᠢᠷᠤᠭ ᠲᠥᠰᠦᠪ ᠲᠠᠢ ᠪᠣᠯᠤᠭᠰᠠᠨ ᠤ ᠲᠠᠷᠠᠭ᠎ᠠ ᠵᠠᠩᠭᠢᠯᠠᠭ᠎ᠠ ᠨᠢ ᠨᠠᠶᠢᠳᠠᠪᠤᠷᠢᠵᠢᠭᠤᠯᠬᠤ ᠳᠤ ᠪᠠᠶᠢᠨ᠎ᠠ᠃ ᠭᠠᠭᠴᠠ ᠬᠦ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠪᠠᠯ ᠰᠠᠶ᠋ᠢ ᠥᠭᠡᠷᠡᠴᠢᠯᠡᠯᠲᠡ ᠶᠢᠨ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠤ ᠴᠢᠳᠠᠨ᠎ᠠ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠪᠡ᠃    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠰᠠᠶᠢᠳᠤᠷ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠦᠬᠦ ᠨᠠᠮ ᠪᠦᠬᠦ ᠤᠯᠤᠰ ᠤᠨ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠃ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠵᠦ᠂ ᠥᠭᠡᠷᠡᠴᠢᠯᠡᠯᠲᠡ ᠶᠢ ᠠᠳᠬᠤᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠥᠭᠡᠷᠡᠴᠢᠯᠡᠯᠲᠡ ᠶᠢ ᠠᠬᠢᠭᠤᠯᠬᠤ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠥᠭᠡᠷᠡᠴᠢᠯᠡᠯᠲᠡ ᠶᠢ ᠠᠬᠢᠭᠤᠯᠬᠤ ᠦᠵᠡᠯ ᠰᠠᠨᠠᠭᠠᠨ ᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠨᠠᠮ ᠢᠶᠠᠷ ᠢᠶᠠᠨ ᠡᠷᠬᠡᠪᠰᠢ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠣᠷᠢᠭᠲᠠᠢ ᠪᠠᠷ ᠬᠢᠵᠦ ᠴᠢᠳᠠᠮᠠᠭᠠᠢ ᠪᠠᠷ ᠠᠵᠢᠯᠯᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠥᠭᠡᠷᠡᠴᠢᠯᠡᠯᠲᠡ ᠶᠢ ᠠᠬᠢᠭᠤᠯᠬᠤ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃    ᠶᠡᠷᠦᠩᠬᠡᠢ ᠱᠦᠵᠢ ᠰᠢ ᠶᠢᠨ ᠫᠢᠩ᠄ ︽ᠥᠭᠡᠷᠡᠴᠢᠯᠡᠯᠲᠡ ᠬᠢᠬᠦ ᠳᠤ ᠤᠬᠠᠭᠠᠯᠠᠨ ᠲᠥᠯᠥᠪᠯᠡᠬᠦ ᠶᠢ ᠴᠢᠬᠤᠯᠠᠴᠢᠯᠠᠵᠤ᠂ ᠨᠠᠶᠢᠳᠠᠪᠤᠷᠢᠵᠢᠭᠤᠯᠤᠯᠲᠠ ᠶᠢ ᠨᠡᠩ ᠰᠠᠶᠢᠲᠤᠷ ᠠᠳᠬᠤᠬᠤ ᠬᠡᠷᠡᠭᠲᠡᠢ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠠᠰᠠᠭ ᠤᠨ ᠠᠵᠢᠯ ᠤᠨ ᠠᠮᠵᠢᠯᠲᠠ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠪᠣᠳᠠᠲᠤ ᠪᠠᠶᠢᠳᠠᠯ ᠢ ᠪᠠᠶᠢᠴᠠᠭᠠᠨ᠂ ᠪᠣᠳᠠᠲᠠᠢ ᠠᠷᠭ᠎ᠠ ᠭᠠᠷᠭᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠬᠡᠯᠪᠡᠷᠢ ᠶᠢᠨ ᠦᠵᠡᠯ ᠢ ᠡᠷᠡᠰ ᠰᠡᠷᠭᠡᠶᠢᠯᠡᠨ ᠲᠡᠪᠴᠢᠵᠦ᠂ ᠥᠩᠭᠡᠪᠴᠢ ᠲᠡᠳᠦᠢ ᠳᠦᠷᠢ ᠲᠥᠷᠬᠦ ᠶᠢᠨ ᠢᠨᠵᠧᠨᠧᠷᠢᠩ᠂ ᠠᠷᠠᠳ ᠢ ᠵᠦᠳᠡᠭᠡᠵᠦ ᠡᠳ᠋ ᠢ ᠰᠦᠢᠳᠭᠡᠬᠦ ᠵᠠᠰᠠᠭ ᠤᠨ ᠠᠵᠢᠯ ᠤᠨ ᠠᠮᠵᠢᠯᠲᠠ ᠶᠢᠨ ᠢᠨᠵᠧᠨᠧᠷᠢᠩ ᠢ ᠬᠢᠬᠦ ᠶᠢ ᠡᠷᠡᠰ ᠴᠡᠭᠡᠷᠯᠡᠬᠦ ᠬᠡᠷᠡᠭᠲᠡᠢ︾ ᠭᠡᠵᠦ ᠴᠢᠬᠤᠯᠠᠴᠢᠯᠠᠪᠠ᠃ ᠨᠠᠶᠢᠳᠠᠪᠤᠷᠢᠵᠢᠭᠤᠯᠤᠯᠲᠠ ᠶᠢ ᠠᠳᠬᠤᠬᠤ ᠪᠣᠯ ᠨᠠᠮ ᠤᠨ ᠤᠯᠤᠰ ᠲᠦᠷᠦ ᠶᠢᠨ ᠱᠤᠭᠤᠮ᠂ ᠦᠵᠡᠯ ᠰᠠᠨᠠᠭᠠᠨ ᠤ ᠱᠤᠭᠤᠮ᠂ ᠤᠯᠠᠨ ᠲᠦᠮᠡᠨᠴᠢ ᠱᠤᠭᠤᠮ ᠤᠨ ᠦᠨᠳᠦᠰᠦᠨ ᠱᠠᠭᠠᠷᠳᠠᠯᠭ᠎ᠠ ᠮᠥᠨ᠂ ᠪᠠᠰᠠ ᠴᠤ ᠤᠳᠤᠷᠢᠳᠬᠤ ᠺᠠᠳ᠋ᠷ ᠤᠨ ᠨᠠᠮᠴᠢ ᠴᠢᠨᠠᠷ ᠪᠠ ᠵᠠᠰᠠᠭ ᠤᠨ ᠠᠵᠢᠯ ᠤᠨ ᠠᠮᠵᠢᠯᠲᠠ ᠶᠢᠨ ᠦᠵᠡᠯᠲᠡ ᠶᠢ ᠬᠡᠮᠵᠢᠬᠦ ᠴᠢᠬᠤᠯᠠ ᠰᠢᠨᠵᠢ ᠲᠡᠮᠳᠡᠭ ᠮᠥᠨ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃ ᠬᠡᠷᠡᠭᠵᠢᠭᠦᠯᠬᠦ ᠲᠥᠰᠦᠯ ᠢ ᠰᠠᠶᠢᠲᠤᠷ ᠲᠣᠭᠲᠠᠭᠠᠵᠤ᠂ ᠨᠠᠷᠢᠯᠢᠭ ᠤᠨᠤᠴᠠᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ᠂ ᠴᠠᠭ ᠲᠤᠨᠢ ᠲᠤᠬᠢᠷᠠᠭᠤᠯᠤᠨ ᠵᠣᠬᠢᠰᠲᠠᠢ ᠪᠠᠶᠢᠯᠭᠠᠬᠤ᠂ ᠴᠢᠳᠠᠯ ᠤᠨ ᠬᠢᠷᠢ ᠪᠠᠷ ᠢᠶᠠᠨ ᠬᠢᠬᠦ᠂ ᠪᠣᠳᠠᠲᠠᠢ ᠠᠴᠠ ᠰᠠᠯᠤᠩᠭᠢᠷᠠᠬᠤ ᠶᠢ ᠴᠢᠩᠭ᠎ᠠ ᠴᠡᠭᠡᠷᠯᠡᠬᠦ ᠬᠡᠷᠡᠭᠲᠡᠢ᠃ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠦᠵᠡᠯ ᠰᠠᠨᠠᠭ᠎ᠠ ᠪᠠᠨ ᠴᠢᠯᠥᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠬᠤ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠺᠠᠳ᠋ᠷᠴᠤᠳ ᠤᠨ ᠵᠠᠮ ᠨᠡᠭᠡᠭᠡᠨ ᠤᠷᠤᠭᠰᠢᠯᠠᠬᠤ᠂ ᠠᠵᠢᠯ ᠬᠢᠵᠦ ᠦᠢᠯᠡᠰ ᠪᠤᠰᠬᠠᠬᠤ ᠶᠢ ᠵᠣᠷᠢᠭᠵᠢᠭᠤᠯᠵᠤ᠂ ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠡ ᠬᠦ ᠪᠠᠲᠤᠯᠠᠬᠤ ᠬᠡᠷᠡᠭᠲᠡᠢ᠃    ᠬᠠᠮᠲᠤ ᠶᠢᠨ ᠲᠠᠨᠢᠯᠲᠠ ᠪᠣᠯ ᠡᠷᠡᠮᠡᠬᠡᠶᠢᠯᠡᠨ ᠤᠷᠤᠭᠰᠢᠯᠠᠬᠤ ᠬᠥᠳᠡᠯᠭᠡᠭᠴᠢ ᠬᠦᠴᠦᠨ ᠮᠥᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠬᠦ ᠬᠡᠷᠡᠭᠲᠡᠢ᠃ ᠪᠦᠬᠦ ᠨᠠᠮ ᠪᠦᠬᠦ ᠤᠯᠤᠰ ᠤᠨ ᠠᠷᠠᠳ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ ᠰᠡᠳᠭᠢᠯ ᠨᠢᠭᠡᠲᠦᠨ ᠬᠦᠴᠦ ᠪᠠᠨ ᠬᠠᠮᠲᠤᠳᠬᠠᠬᠤ ᠬᠡᠷᠡᠭᠲᠡᠢ᠃ ︽ᠠᠷᠠᠳ ᠤᠯᠠᠨ ᠪᠣᠯ ᠬᠦᠴᠦᠨ ᠴᠢᠳᠠᠯ ᠤᠨ ᠨᠡᠯᠦᠭᠡᠷ ᠶᠡᠭᠡ ᠳᠠᠯᠠᠢ ᠪᠣᠯᠬᠤ ᠪᠠᠷ ᠪᠠᠷᠠᠬᠤ ᠦᠭᠡᠢ ᠪᠠᠰᠠ ᠴᠤ ᠤᠶᠤᠨ ᠤᠬᠠᠭᠠᠨ ᠤ ᠨᠡᠯᠦᠭᠡᠷ ᠶᠡᠭᠡ ᠳᠠᠯᠠᠢ ᠪᠣᠯᠤᠨ᠎ᠠ︾᠃ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠵᠦ᠂ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠬᠡᠷᠡᠭᠴᠡᠭᠡ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠵᠤ᠂ ᠦᠨᠳᠦᠰᠦᠨ ᠱᠠᠲᠤ ᠪᠠ ᠣᠯᠠᠨ ᠲᠦᠮᠡᠨ ᠤ ᠤᠤᠭᠠᠯ ᠡᠭᠦᠳᠦᠯᠲᠡ ᠶᠢᠨ ᠵᠣᠷᠢᠭ ᠰᠠᠨᠠᠭ᠎ᠠ ᠶᠢ ᠬᠦᠨᠳᠦᠳᠭᠡᠵᠦ᠂ ᠠᠷᠠᠳ ᠣᠯᠠᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠶᠠᠪᠤᠳᠠᠯ ᠤᠨ ᠳᠤᠮᠳᠠ ᠠᠴᠠ ᠥᠭᠡᠷᠡᠴᠢᠯᠡᠯᠲᠡ ᠶᠢᠨ ᠬᠦᠴᠦᠯᠡᠬᠦ ᠴᠡᠭ ᠪᠠ ᠰᠢᠪᠲᠤᠯᠤᠯᠲᠠ ᠶᠢᠨ ᠴᠡᠭ ᠢ ᠣᠨᠣᠪᠴᠢᠲᠠᠶ ᠣᠯᠬᠤ ᠶᠢ ᠴᠢᠬᠤᠯᠠᠴᠢᠯᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠮᠡᠳᠡᠷᠡᠮᠵᠢ ᠶᠢ ᠨᠡᠮᠡᠭᠳᠡᠭᠦᠯᠬᠦ ᠬᠡᠷᠡᠭᠲᠡᠶ᠃ ᠠᠷᠠᠳᠴᠢᠯᠠᠯ ᠢ ᠪᠠᠳᠠᠷᠠᠭᠤᠯᠬᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠬᠦ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠰᠢᠢᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ ᠪᠠ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠬᠦᠴᠦᠨ ᠢ ᠴᠢᠩᠭᠠᠳᠬᠠᠬᠤ ᠬᠡᠷᠡᠭᠲᠡᠢ᠃ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠥᠭᠡᠷᠡᠴᠢᠯᠡᠯᠲᠡ ᠶᠢᠨ ᠬᠠᠮᠲᠤ ᠶᠢᠨ ᠲᠠᠨᠢᠯᠲᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠪᠣᠳᠠᠲᠤ ᠠᠮᠵᠢᠯᠲᠠ ᠪᠦᠲᠦᠮᠵᠢ ᠪᠣᠯᠤᠨ ᠠᠷᠠᠳ ᠣᠯᠠᠨ ᠤ ᠬᠠᠨᠤᠮᠵᠢ ᠲᠠᠢ ᠪᠠᠶᠢᠬᠤ ᠬᠡᠮᠵᠢᠶ᠎ᠡ ᠪᠠᠷ ᠥᠭᠡᠷᠡᠴᠢᠯᠡᠯᠲᠡ ᠶᠢ ᠰᠢᠯᠭᠠᠪᠠᠯ᠂ ᠥᠭᠡᠷᠡᠴᠢᠯᠡᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠯᠠᠪᠲᠠᠶ ᠪᠦᠷᠢᠯᠳᠦᠭᠦᠯᠵᠦ ᠴᠢᠳᠠᠬᠤ ᠶᠤᠮ᠃    ᠰᠢᠨ᠎ᠡ ᠭᠠᠷᠤᠭ᠎ᠠ᠂ ᠰᠢᠨ᠎ᠡ ᠪᠠᠶᠢᠷᠢᠯᠠᠭᠤᠯᠤᠯᠲᠠ᠂ ᠰᠢᠨ᠎ᠡ ᠡᠬᠢᠯᠡᠯᠲᠡ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠷᠠᠭᠤᠯ ᠢᠷᠡᠭᠡᠳᠦᠶ ᠶᠢ ᠨᠡᠭᠡᠭᠡᠬᠦ ᠴᠠᠭ ᠦᠶ᠎ᠡ ᠶᠢᠨ ᠪᠦᠷᠢᠶ᠎ᠡ ᠶᠢ ᠬᠠᠩᠭᠢᠨᠠᠭᠤᠯᠪᠠ᠃ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠥᠨᠳᠥᠷ ᠮᠠᠨᠳᠤᠭᠤᠯᠵᠤ᠂ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠵᠤ᠂ ᠵᠠᠮ ᠨᠡᠭᠡᠭᠡᠨ ᠤᠷᠤᠭᠰᠢᠯᠠᠪᠠᠯ᠂ ᠪᠢᠳᠡ ᠯᠠᠪᠲᠠᠶ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠨ ᠳᠤ ᠨᠠᠩ ᠶᠡᠭᠡ ᠰᠢᠨ᠎ᠡ ᠭᠠᠶᠢᠬᠠᠮᠰᠢᠭ ᠢ ᠡᠭᠦᠳᠴᠦ ᠴᠢᠳᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号