ᠮᠠᠨ ᠤ ᠤᠷᠤᠨ ︽ᠭᠤᠷᠪᠠᠨ ᠣᠷᠣᠨ︾ ᠤ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢ ᠡᠬᠢᠯᠡᠭᠦᠯᠵᠡᠢ
ᠨᠡᠶᠢᠲᠡᠯᠡᠭᠰᠡᠨ ᠴᠠᠭ᠄
2024/8/13
   ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠪᠥᠬᠦ ᠣᠷᠣᠨ ᠤ 2024 ᠣᠨ ᠤ ᠬᠤᠪᠢᠰᠬᠠᠯ ᠤᠨ ᠬᠠᠭᠤᠴᠢᠨ ᠰᠠᠭᠤᠷᠢᠨ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ ᠤ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠳᠡᠮᠵᠢᠬᠦ ᠲᠥᠯᠥᠪᠯᠡᠭᠡ ︵︽ᠭᠤᠷᠪᠠᠨ ᠣᠷᠣᠨ︾ ᠢ ᠲᠡᠮᠵᠢᠬᠦ ᠲᠥᠯᠥᠪᠯᠡᠭᠡ ᠭᠡᠵᠦ ᠲᠣᠪᠴᠢᠯᠠᠨ᠎ᠠ︶ ᠶᠢ ᠡᠬᠢᠯᠡᠬᠦᠯᠪᠡ᠃   ᠤᠶᠢᠯᠠᠭᠠᠭᠰᠠᠨ ᠢᠶᠠᠷ᠂ ︽ᠭᠤᠷᠪᠠᠨ ᠤᠷᠤᠨ︾ ᠢ ᠲᠡᠮᠵᠢᠬᠦ ᠲᠦᠯᠦᠪᠯᠡᠭᠡ ᠨᠢ ᠪᠥᠬᠦ ᠣᠷᠣᠨ ᠤ ᠬᠡᠪᠴᠢᠶᠡᠨ ᠠᠴᠠ 8 ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠰᠢᠯᠢᠨ ᠰᠣᠩᠭᠤᠵᠤ᠂ ᠲᠤᠰᠠᠯᠠᠮᠵᠢ ᠭᠥᠷᠳᠡᠭᠡᠬᠦ ᠬᠤᠰᠢᠭᠤ ᠰᠢᠶᠠᠨ ︵ᠬᠤᠲᠠ︶ ᠳᠤ ᠲᠤᠮᠢᠯᠠᠵᠤ ᠨᠢᠭᠡ ᠵᠢᠯ ᠤᠨ ᠬᠤᠭᠤᠴᠠᠭ᠎ᠠ ᠲᠠᠢ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠦᠢᠯᠡᠴᠢᠯᠡᠭᠡ ᠬᠠᠩᠭᠠᠬᠤ ᠪᠤᠯᠤᠨ᠎ᠠ᠃ ᠲᠦᠷᠦᠯ ᠵᠦᠢᠯ ᠤᠨ ᠦᠶᠡᠯᠡᠯ ᠤᠨ ᠬᠤᠭᠤᠴᠠᠭᠠᠨ ᠳᠤ᠂ ᠲᠥᠪ ᠤᠨ ᠨᠡᠶᠢᠭᠡᠮ ᠤᠨ ᠠᠵᠢᠯ ᠤᠨ ᠶᠠᠮᠤᠨ ᠪᠠᠰᠠ ᠮᠠᠨ ᠤ ᠤᠷᠤᠨ ᠳᠤ ᠨᠡᠶᠢᠭᠡᠮ ᠤᠨ ᠠᠵᠢᠯ ᠤᠨ 20 ᠠᠵᠢᠯᠳᠠᠨ ᠳᠤ ᠬᠦᠮᠦᠵᠢᠯ ᠪᠤᠯᠪᠠᠰᠤᠷᠠᠯ ᠬᠦᠷᠳᠡᠭᠡᠵᠦ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠡᠩᠴᠡᠭᠦᠷᠢᠲᠡᠢ ᠬᠥᠭᠵᠢᠯᠲᠡ ᠶᠢ ᠳᠠᠶᠢᠴᠢᠯᠠᠬᠤ ᠪᠣᠯᠤᠨ᠎ᠠ᠃ ᠡᠨᠡ ᠪᠤᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠪᠠᠶᠢᠭᠤᠯᠤᠭᠳᠠᠭᠰᠠᠨ ᠤ ᠳᠠᠷᠠᠭ᠎ᠠ ᠠᠩᠬ᠎ᠠ ᠤᠳᠠᠭ᠎ᠠ ︽ᠭᠤᠷᠪᠠᠨ ᠣᠷᠣᠨ︾ ᠢ ᠲᠡᠮᠵᠢᠬᠦ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠠᠶᠢᠭ᠎ᠠ ᠶᠠᠪᠤᠳᠠᠯ ᠪᠤᠯᠤᠨ᠎ᠠ᠃   ︽ᠰᠠᠶᠢᠨ ᠳᠤᠷ᠎ᠠ ᠠᠴᠠ ᠪᠠᠨ ᠣᠷᠣᠯᠴᠠᠬᠤ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ᠂ ᠰᠢᠯᠢᠳᠡᠭ ᠢ ᠨᠢ ᠰᠣᠩᠭᠤᠬᠤ᠂ ᠲᠤᠰ ᠭᠠᠵᠠᠷ ᠣᠷᠣᠨ ᠳᠤᠨᠢ ᠲᠣᠬᠢᠷᠠᠭᠤᠯᠬᠤ᠂ ᠣᠶᠢᠷ᠎ᠠ ᠬᠠᠪᠢ ᠳᠤᠨᠢ ᠳᠥᠭᠦᠮ ᠦᠵᠡᠭᠦᠯᠬᠦ︾ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠣᠷᠣᠨ ᠤ ᠳᠣᠲᠣᠷᠠᠬᠢ ᠬᠠᠮᠢᠶ᠎ᠠ ᠪᠦᠬᠦᠢ ᠠᠵᠢᠯ ᠦᠢᠯᠡᠰ ᠤᠨ ᠨᠢᠭᠡᠴᠢ᠂ ᠨᠡᠶᠢᠭᠡᠮ ᠲᠣᠭᠤᠷᠢᠭ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠪᠣᠯᠤᠨ ᠳᠡᠭᠡᠳᠦ ᠰᠤᠷᠭᠠᠭᠤᠯᠢ ᠶᠢᠨ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠬᠦᠯᠵᠦ᠂ 8 ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠠᠴᠠ 25 ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠰᠢᠯᠢᠵᠦ᠂ ᠦᠴᠦᠸᠠᠨ ᠰᠢᠶᠠᠨ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠤᠯᠠᠭᠠᠨᠬᠤᠲᠠ᠂ ᠨᠢᠩᠴᠧᠩ ᠰᠢᠶᠠᠨ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠳᠥᠷᠪᠡᠳ ᠬᠤᠰᠢᠭᠤ᠂ ᠦᠦᠰᠢᠨ ᠬᠤᠰᠢᠭᠤ᠂ ᠠᠯᠠᠱᠨ ᠵᠡᠭᠦᠨ ᠬᠤᠰᠢᠭᠤᠨ ᠳᠤ ᠳᠤᠮᠢᠯᠠᠵᠦ ᠦᠢᠯᠡᠴᠢᠯᠡᠭᠡ ᠦᠷᠨᠢᠬᠦᠯᠦᠨ᠎ᠡ᠃ ︽ᠭᠤᠷᠪᠠᠨ ᠤᠷᠤᠨ︾ ᠢ ᠲᠡᠮᠵᠢᠬᠦ ᠲᠦᠯᠦᠪᠯᠡᠭᠡ ᠶᠢᠨ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯᠳᠡᠳ ᠠᠴᠠ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ︽ᠨᠠᠰᠤᠳᠠᠶᠢᠴᠤᠳ᠂ ᠨᠢᠯᠬᠠᠰ᠂ ᠵᠡᠮᠳᠡᠭᠴᠤᠳ᠂ ᠬᠦᠴᠢᠷᠳᠡᠯᠳᠠᠢ ᠬᠦᠮᠤᠰ︾᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠬᠡᠦᠬᠡᠳ ᠤᠨ ᠰᠤᠷᠭᠠᠨ ᠬᠥᠮᠦᠵᠢᠯ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠲᠠᠯ᠎ᠠ ᠶᠢᠨ᠂ ᠨᠡᠩ ᠰᠢᠯᠢᠳᠡᠭ ᠨᠡᠶᠢᠭᠡᠮ ᠤᠨ ᠠᠵᠢᠯ ᠤᠨ ᠲᠤᠰᠬᠠᠢ ᠦᠢᠯᠡᠴᠢᠯᠡᠭᠡ ᠬᠠᠩᠭᠠᠵᠤ ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠲᠤᠰᠬᠠᠶᠢᠵᠢᠭᠰᠠᠨ᠂ ᠠᠵᠢᠯ ᠮᠡᠷᠭᠡᠵᠢᠯ ᠢᠶᠠᠷ ᠴᠠᠭᠠᠷᠠᠬᠰᠠᠨ ᠂ ᠣᠷᠣᠨ ᠨᠤᠲᠤᠭᠴᠢᠯᠠᠭᠰᠠᠨ ᠬᠥᠭᠵᠢᠯᠲᠡ ᠶᠢ ᠠᠬᠢᠭᠤᠯᠬᠤ ᠪᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号