ᠸᠠᠩ ᠯᠢ ᠰᠢᠶᠠ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠡᠭᠰᠢᠪᠤᠯᠠᠭ ᠪᠠᠯᠭᠠᠰᠤᠨ ᠳᠤ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/8/13
    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠤᠬᠢᠷᠠᠭᠤᠯᠤᠯᠳᠠ ᠪᠠᠷ᠂ 8 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠪᠠᠶᠢᠴᠠᠭᠠᠨ ᠰᠤᠳᠤᠯᠪᠠ᠃    ᠲᠡᠭᠰᠢᠪᠤᠯᠠᠭ ᠪᠠᠯᠭᠠᠰᠤᠨ ᠤ ᠡᠮᠦᠨ᠎ᠡ ᠠᠶᠢᠯ ᠲᠣᠰᠬᠤᠨ ᠳᠤ᠂ ᠸᠠᠩ ᠯᠢ ᠰᠢᠶᠠ ᠲᠤᠬᠠᠢ ᠶᠢᠨ ᠭᠠᠵᠠᠷ ᠤᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠲᠥᠯᠥᠭᠡᠯᠡᠭᠴᠢᠳ ᠲᠠᠢ ᠬᠠᠮᠲᠤ ᠪᠦᠬᠦᠳᠠ ᠬᠤᠷᠠᠯ ᠤᠨ ᠵᠣᠷᠢᠭ ᠰᠠᠨᠠᠭᠠᠨ ᠤ ᠲᠣᠭᠤᠷᠢᠨ ᠳᠤ ᠲᠦᠷᠦᠭᠳᠡᠯ᠂ ᠰᠡᠳᠭᠢᠴᠡ ᠪᠠᠨ ᠶᠠᠷᠢᠪᠠ᠃ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠠᠷᠤᠭ᠎ᠠ ᠪᠠᠨ ᠰᠢᠤ ᠫᠢᠩ᠂ ᠲᠡᠭᠰᠢᠪᠤᠯᠠᠭ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠶᠦᠩ᠂ ᠡᠮᠦᠨ᠎ᠡ ᠠᠶᠢᠯ ᠲᠣᠰᠬᠤᠨ ᠤ ᠨᠠᠮ ᠤᠨ ᠡᠭᠦᠷ ᠤᠨ ᠱᠦᠵᠢ ᠶᠠᠩ ᠰᠢᠶᠤᠤ ᠵᠢᠶᠦ᠋ᠨ᠂ ᠡᠮᠦᠨ᠎ᠡ ᠠᠶᠢᠯ ᠲᠣᠰᠬᠤᠨ ᠤ ᠨᠠᠮ ᠤᠨ ᠭᠡᠰᠢᠭᠦᠨ ᠤ ᠲᠥᠯᠥᠭᠡᠯᠡᠭᠴᠢ ᠵᠠᠩ ᠰᠢᠶᠤᠤ ᠯᠢᠩ᠂ ᠲᠣᠰᠬᠤᠨ ᠤ ᠠᠷᠠᠳ ᠤᠨ ᠲᠥᠯᠥᠭᠡᠯᠡᠭᠴᠢ ᠭᠤᠤ ᠳ᠋ᠠ ᠬᠤᠩ᠂ ᠠᠵᠤ ᠠᠬᠤᠶᠢᠯᠠᠯ ᠤᠨ ᠲᠥᠯᠥᠭᠡᠯᠡᠭᠴᠢ ᠯᠢ ᠶᠢᠨ ᠯᠦᠩ᠂ ᠸᠠᠩ ᠢ ᠤᠷᠢᠳ ᠬᠤᠵᠢᠳ ᠦᠭᠡ ᠬᠡᠯᠡᠵᠦ᠂ ᠸᠠᠩ ᠯᠢ ᠰᠢᠶᠠ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠶ ᠣᠯᠠᠨ ᠲᠠᠢ ᠪᠠᠶᠢᠨ ᠪᠠᠶᠢᠨ ᠰᠠᠨᠠᠯ ᠢᠶᠠᠨ ᠰᠣᠯᠢᠯᠴᠠᠪᠠ᠃    ᠣᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠸᠠᠩ ᠯᠢ ᠰᠢᠶᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠠᠶᠢᠯᠪᠤᠷᠢᠯᠠᠪᠠ᠃ ᠲᠡᠷᠡ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠪᠣᠯ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠳᠠᠷᠠᠭᠠᠬᠢ ᠪᠠᠰᠠ ᠨᠢᠭᠡ ᠤᠳᠠᠭ᠎ᠠ ᠶᠢᠨ ᠴᠠᠭ ᠦᠶ᠎ᠡ ᠶᠢ ᠵᠠᠭᠠᠭᠯᠠᠭᠰᠠᠨ ᠠᠴᠢ ᠬᠤᠯᠪᠣᠭᠳᠠᠯ ᠲᠠᠢ ᠴᠢᠬᠤᠯᠠ ᠬᠤᠷᠠᠯ ᠪᠣᠯᠤᠨ᠎ᠠ᠂ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠰᠠᠨᠠᠯ︾ ᠲᠠᠢ ᠤᠶᠠᠯᠳᠤᠭᠤᠯᠵᠤ᠂ ᠬᠤᠳᠠ ᠶᠢᠨ ᠪᠠᠶᠢᠳᠠᠯ᠂ ᠬᠤᠰᠢᠭᠤᠨ ᠤ ᠪᠠᠶᠢᠳᠠᠯ᠂ ᠪᠠᠯᠭᠠᠰᠤᠨ ᠤ ᠪᠠᠶᠢᠳᠠᠯ᠂ ᠲᠣᠰᠬᠤᠨ ᠤ ᠪᠠᠶᠢᠳᠠᠯ ᠢᠶᠠᠨ ᠭᠦᠨᠵᠡᠭᠡᠢ ᠰᠤᠳᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠲᠠᠷᠢᠶᠠᠯᠠᠩ ᠢ ᠬᠡᠷᠬᠢᠨ ᠬᠥᠭᠵᠢᠭᠦᠯᠬᠦ᠂ ᠲᠠᠷᠢᠶᠠᠴᠢᠳ ᠢ ᠬᠡᠷᠬᠢᠨ ᠪᠠᠶᠠᠵᠢᠭᠤᠯᠬᠤ᠂ ᠬᠥᠳᠡᠭᠡ ᠲᠣᠰᠬᠤᠨ ᠢ ᠬᠡᠷᠬᠢᠨ ᠰᠠᠶᠢᠲᠤᠷ ᠵᠠᠰᠠᠬᠤ ᠡᠨᠡ ᠬᠦ ᠬᠠᠷᠠᠯᠲᠠ ᠲᠠᠢ ᠨᠢᠭᠲᠠ ᠤᠶᠠᠯᠳᠤᠭᠤᠯᠤᠨ᠂ ᠬᠠᠨᠳᠤᠯᠭᠠᠲᠤ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠬᠤ ᠬᠡᠷᠡᠭᠲᠡᠢ᠃ ᠬᠠᠮᠤᠭ ᠤᠨ ᠲᠣᠪᠤᠶᠢᠮ᠎ᠠ᠂ ᠬᠠᠮᠤᠭ ᠤᠨ ᠲᠤᠯᠭᠠᠮ ᠠᠰᠠᠭᠤᠳᠠᠯ ᠠᠴᠠ ᠭᠠᠷᠳᠠᠵᠤ ᠥᠭᠡᠷᠡᠴᠢᠯᠡᠯᠲᠡ ᠶᠢ ᠠᠳᠬᠤᠨ᠂ ᠬᠥᠳᠡᠭᠡ ᠲᠣᠰᠬᠤᠨ ᠤ ᠰᠤᠯᠠ ᠲᠠᠯᠪᠢᠭᠳᠠᠵᠤ ᠪᠠᠶᠢᠭ᠎ᠠ ᠤᠷᠤᠨ ᠰᠠᠭᠤᠴᠠ ᠶᠢᠨ ᠭᠠᠵᠠᠷ ᠵᠡᠷᠭᠡ ᠡᠳ᠋ ᠬᠥᠷᠥᠩᠭᠡ ᠡᠬᠢ ᠪᠠᠶᠠᠯᠢᠭ ᠢ ᠠᠮᠢᠳᠤᠯᠢᠭᠵᠢᠭᠤᠯᠤᠨ ᠨᠡᠶᠢᠳᠭᠡᠵᠦ᠂ ᠭᠠᠵᠠᠷ ᠰᠢᠷᠣᠶ ᠶᠢ ᠭᠦᠢᠯᠭᠡᠭᠡᠬᠦ ᠲᠦᠷᠢᠮ ᠢ ᠲᠡᠭᠦᠯᠳᠡᠷᠵᠢᠭᠦᠯᠦᠨ᠂ ᠨᠠᠷᠢᠯᠢᠭ ᠭᠦᠨᠵᠡᠭᠡᠶ ᠡᠳ᠋ᠰᠢᠭᠦᠯᠬᠦ ᠶᠢ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠮᠠᠯ ᠠᠵᠤ ᠠᠬᠤᠶ ᠲᠠᠷᠢᠶᠠᠯᠠᠩ ᠤᠨ ᠬᠡᠪᠴᠢᠶᠡᠵᠢᠭᠰᠡᠨ᠂ ᠠᠵᠤ ᠦᠢᠯᠡᠰᠵᠢᠭᠰᠡᠨ᠂ ᠲᠥᠷᠥᠯ ᠲᠡᠮᠳᠡᠭᠵᠢᠭᠰᠡᠨ ᠬᠥᠭᠵᠢᠯᠲᠡ ᠶᠢ ᠠᠬᠢᠭᠤᠯᠵᠤ᠂ ᠮᠠᠯᠴᠢᠨ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠤᠯᠠᠨ ᠲᠦᠮᠡᠨ᠂ ᠠᠵᠤ ᠠᠬᠤᠶᠢᠯᠠᠯ ᠵᠡᠷᠭᠡ ᠡᠯ᠎ᠡ ᠲᠠᠯ᠎ᠠ ᠶᠢᠨ ᠢᠳᠡᠪᠬᠢᠵᠢᠯ ᠢ ᠥᠷᠭᠡᠨ ᠢᠶᠠᠷ ᠲᠠᠶᠢᠴᠢᠯᠠᠵᠤ᠂ ᠥᠭᠡᠷᠡᠴᠢᠯᠡᠯᠲᠡ ᠶᠢ ᠠᠳᠬᠤᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠪᠡ᠃    ᠵᠢᠩ ᠰᠢ ᠮᠠᠯ ᠠᠵᠤ ᠠᠬᠤᠶ ᠲᠠᠷᠢᠶᠠᠯᠠᠩ ᠤᠨ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠰᠠᠭᠤᠷᠢᠨ ᠪᠣᠯᠤᠨ ᠦᠬᠡᠷ ᠲᠡᠵᠢᠭᠡᠬᠦ ᠲᠣᠰᠬᠤᠨ ᠳᠤ᠂ ᠸᠠᠩ ᠯᠢ ᠰᠢᠶᠠ ᠳᠠᠷᠢᠬᠤ᠂ ᠲᠡᠵᠢᠭᠡᠬᠦ᠂ ᠪᠣᠯᠪᠠᠰᠤᠷᠠᠭᠤᠯᠬᠤ᠂ ᠪᠣᠷᠣᠯᠠᠭᠤᠯᠬᠤ ᠵᠢᠴᠢ ᠰᠣᠶᠣᠯ ᠵᠢᠭᠤᠯᠴᠢᠯᠠᠯ ᠢ ᠭᠦᠨᠵᠡᠭᠡᠶ ᠠᠭᠤᠰᠤᠯᠴᠠᠭᠤᠯᠤᠭᠰᠠᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠵᠠᠭᠪᠤᠷ ᠢ ᠮᠠᠭᠲᠠᠨ ᠰᠠᠶᠢᠰᠢᠶᠠᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠳᠠᠭᠠᠭᠤᠯᠤᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠪᠣᠯᠤᠨ ᠬᠥᠳᠡᠭᠡ ᠲᠣᠰᠬᠤᠨ ᠤ ᠴᠢᠳᠠᠪᠤᠷᠢᠲᠠᠨ ᠤ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠡᠴᠡ ᠶᠢ ᠪᠦᠷᠢᠨᠰᠢᠬᠦᠯᠵᠤ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠦᠷᠢᠯᠳᠦᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃    ᠸᠠᠩ ᠯᠢ ᠰᠢᠶᠠ ᠪᠠᠰᠠ ᠲᠠᠰᠢᠷᠠᠮ ᠢᠶᠠᠷ ᠤᠯᠠᠭᠠᠨᠴᠠᠪ ᠤᠨ ᠰᠥᠨᠢ ᠶᠢᠨ ᠵᠡᠭᠡᠯᠢ ᠲᠣᠭᠤᠷᠢᠭ ᠲᠤ ᠬᠦᠷᠴᠦ᠂ ᠵᠡᠭᠡᠯᠢ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠭᠦᠢᠴᠡᠳ ᠨᠤᠲᠠᠯᠠᠵᠤ᠂ ᠡᠵᠡᠩᠨᠡᠯᠲᠡ ᠶᠢᠨ ᠬᠡᠯᠪᠡᠷᠢ ᠪᠠᠨ ᠪᠠᠶᠠᠯᠢᠭᠵᠢᠭᠤᠯᠵᠤ᠂ ᠨᠠᠷᠢᠨ ᠵᠦᠢᠯᠡᠰ ᠢ ᠠᠩᠬᠠᠷᠴᠤ᠂ ᠬᠡᠷᠡᠭᠯᠡᠭᠡ ᠶᠢ ᠡᠭᠦᠳᠴᠦ᠂ ᠬᠡᠷᠡᠭᠯᠡᠭᠡ ᠶᠢ ᠬᠥᠲᠥᠯᠥᠨ ᠳᠠᠭᠠᠭᠤᠯᠵᠤ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠡᠭᠦᠷᠢᠳᠡ ᠥᠨᠳᠥᠷᠯᠡᠬᠦ ᠥᠬᠡᠶ ᠤᠯᠠᠭᠠᠨᠴᠠᠪ ᠤᠨ ᠰᠦᠨᠢ ᠶᠢ ᠴᠣᠭᠴᠠᠯᠠᠬᠤ ᠬᠡᠷᠡᠭᠲᠡᠶ ᠭᠡᠵᠦ ᠵᠠᠬᠢᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号