ᠡᠨᠡ ᠵᠢᠯ ᠪᠠᠶᠠᠨᠬᠤᠲᠠ ᠳᠤ ᠰᠢᠨ᠎ᠡ ᠪᠠᠷ 1057 ᠲᠡᠷᠭᠡ ᠵᠣᠭᠰᠤᠭᠠᠬᠤ ᠭᠠᠵᠠᠷ ᠢ ᠨᠡᠮᠡᠭᠳᠡᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2024/8/14
    ᠲᠡᠷᠭᠡ ᠵᠣᠭᠰᠤᠭᠠᠬᠤ ᠳᠤ ᠬᠦᠴᠢᠷ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠡᠨᠡ ᠵᠢᠯ ᠠᠴᠠ ᠨᠠᠭᠠᠰᠢ ᠠᠯᠠᠱᠠ ᠵᠡᠭᠦᠨ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠬᠢᠨ ᠬᠠᠮᠵᠢᠯᠴᠠᠨ ᠬᠦᠴᠦᠯᠡᠵᠦ᠂ ᠰᠤᠯᠠ ᠪᠠᠶᠢᠭ᠎ᠠ ᠡᠬᠢ ᠪᠠᠶᠠᠯᠢᠭ ᠢ ᠠᠮᠢᠳᠤᠯᠢᠭ ᠪᠣᠯᠭᠠᠬᠤ ᠪᠠᠷ ᠰᠢᠨᠵᠢᠯᠡᠬᠦ ᠤᠬᠠᠭᠠᠨᠴᠢ ᠪᠠᠷ ᠳᠦᠯᠦᠪᠵᠢᠬᠦᠯᠣᠨ᠂ ᠣᠯᠠᠨ ᠨᠡᠶᠢᠲᠡ ᠶᠢᠨ ᠲᠡᠷᠭᠡ ᠵᠣᠭᠰᠤᠭᠠᠬᠤ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠣᠯᠠᠨ ᠲᠦᠮᠡᠨ ᠤ ᠬᠦᠷᠳᠡᠮᠵᠢ ᠶᠢᠨ ᠲᠥᠷᠥᠭᠳᠡᠯ ᠪᠠ ᠵᠣᠯ ᠵᠢᠷᠭᠠᠯᠳᠣ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠬᠦᠯᠵᠣ ᠪᠠᠶᠢᠨ᠎ᠠ᠃    ᠣᠶᠢᠷ᠎ᠠ ᠳᠤ ᠲᠢᠶᠠᠨ ᠱᠧᠩ ᠲᠠᠯᠠᠪᠠᠶ ᠶᠢᠨ ᠪᠠᠷᠠᠭᠤᠨ ᠲᠠᠯ᠎ᠠ ᠳᠤ ᠪᠠᠶᠢᠭ᠎ᠠ ᠲᠡᠷᠭᠡ ᠵᠣᠭᠰᠤᠭᠠᠬᠤ ᠭᠠᠵᠠᠷ ᠢ ᠲᠠᠰ ᠳᠡᠪᠰᠢᠭᠦᠯᠦᠨ ᠥᠭᠡᠷᠡᠴᠢᠯᠡᠭᠰᠡᠨ ᠤ ᠳᠠᠷᠠᠭ᠎ᠠ ᠨᠢᠭᠡᠨᠲᠡ ᠠᠰᠢᠭᠯᠠᠯᠲᠠ ᠳᠤ ᠣᠷᠣᠭᠤᠯᠣᠭᠰᠠᠨ ᠪᠠᠶᠢᠯ᠎ᠠ᠃ ︽ᠣᠣᠯ ᠨᠢ ᠲᠢᠶᠠᠨ ᠱᠧᠩ ᠲᠠᠯᠠᠪᠠᠶ ᠶᠢᠨ ᠲᠡᠷᠭᠡ ᠵᠣᠭᠰᠤᠭᠠᠬᠤ ᠭᠠᠵᠠᠷ ᠲᠤ ᠲᠣᠭᠤᠷᠢᠭ ᠬᠡᠯᠪᠡᠷᠢ ᠶᠢᠨ ᠴᠡᠴᠡᠭ ᠤᠨ ᠦᠵᠡᠮᠦᠷᠢ ᠪᠠᠶᠢᠭᠰᠠᠨ᠂ ᠨᠢᠭᠡ ᠤᠳᠠᠭ᠎ᠠ ᠤᠨᠠᠵᠤ ᠢᠷᠡᠭᠡᠳ ᠮᠢᠨᠣ ᠳᠡᠷᠭᠡ ᠶᠢ ᠱᠦᠷᠬᠦᠭᠡᠵᠡᠢ᠂ ᠣᠳᠣ ᠲᠡᠷᠭᠡ ᠵᠣᠭᠰᠤᠭᠠᠬᠤ ᠭᠠᠵᠠᠷ ᠢ ᠥᠭᠡᠷᠡᠴᠢᠯᠡᠭᠰᠡᠨ ᠤ ᠳᠠᠷᠠᠭ᠎ᠠ ᠣᠯᠠᠮ ᠳᠥᠭᠦᠮ ᠪᠣᠯᠵᠡᠢ︾ ᠭᠡᠵᠦ ᠰᠠᠭᠤᠭᠠᠯᠢ ᠠᠷᠠᠳ ᠭᠤᠣ ᠴᠢᠶᠠᠨ ᠶᠠᠷᠢᠨ᠎ᠠ᠃    ᠡᠨᠡ ᠵᠢᠯ ᠠᠯᠠᠱᠠ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠶᠠᠪᠤᠳᠠᠯ ᠤᠨ ᠲᠣᠪᠴᠢᠶ᠎ᠠ ᠠᠴᠠ ᠣᠯᠠᠨ ᠨᠡᠶᠢᠲᠡ ᠶᠢᠨ ᠲᠡᠷᠭᠡ ᠵᠣᠭᠰᠤᠭᠠᠬᠤ ᠭᠠᠵᠠᠷ ᠢ ᠰᠢᠨ᠎ᠡ ᠪᠠᠷ ᠪᠠᠶᠢᠭᠤᠯᠬᠤ ᠪᠠᠷ ᠳᠠᠮᠵᠢᠭᠤᠯᠤᠨ ᠲᠡᠷᠭᠡ ᠵᠣᠭᠰᠤᠭᠠᠬᠤ ᠪᠠᠶᠢᠷᠢ ᠶᠢ ᠬᠠᠮᠲᠤ ᠪᠠᠷ ᠡᠳ᠋ᠯᠡᠬᠦ ᠶᠢ ᠵᠣᠷᠢᠭᠵᠢᠭᠤᠯᠤᠨ᠂ ᠲᠡᠷᠭᠡ ᠵᠣᠭᠰᠤᠭᠠᠬᠤ ᠡᠮᠬᠢ ᠵᠢᠷᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠲᠡᠷᠭᠡ ᠵᠣᠭᠰᠤᠭᠠᠬᠤ ᠳᠤ ᠬᠦᠴᠢᠷ ᠪᠠᠶᠢᠬᠤ ᠠᠰᠠᠭᠤᠳᠠᠯ ᠢ ᠵᠣᠬᠢᠬᠤ ᠬᠡᠮᠵᠢᠶ᠎ᠡ ᠪᠠᠷ ᠨᠠᠮᠳᠠᠭᠤᠯᠪᠠ᠃    ᠣᠶᠢᠯᠠᠭᠠᠭᠰᠠᠨ ᠢᠶᠠᠷ᠂ ᠡᠨᠡ ᠵᠢᠯ ᠪᠠᠶᠠᠨᠬᠤᠲᠠ ᠪᠠᠯᠭᠠᠰᠤ ᠨᠡᠶᠢᠲᠡ 7 ᠣᠯᠠᠨ ᠨᠡᠶᠢᠲᠡ ᠶᠢᠨ ᠲᠡᠷᠭᠡ ᠵᠣᠭᠰᠤᠭᠠᠬᠤ ᠭᠠᠵᠠᠷ ᠢ ᠡᠬᠢᠯᠡᠵᠣ ᠪᠠᠶᠢᠭᠤᠯᠣᠨ᠂ ᠲᠥᠯᠦᠪᠵᠢᠭᠦᠯᠭᠡ ᠶᠢᠨ ᠶᠡᠷᠦᠩᠬᠡᠢ ᠲᠠᠯᠠᠪᠠᠶ ᠨᠢ 4.2 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠣ᠂ 1057 ᠲᠡᠷᠭᠡ ᠵᠣᠭᠰᠤᠭᠠᠬᠤ ᠭᠠᠵᠠᠷ ᠢ ᠪᠠᠶᠢᠭᠤᠯᠬᠤ ᠪᠠᠷ ᠪᠠᠶᠢᠨ᠎ᠠ᠃    ᠣᠳᠣᠬᠠᠨ ᠳᠤ᠂ ᠬᠤᠩ ᠸᠧᠢ ᠴᠢᠶᠣᠤ ᠲᠡᠷᠭᠡ ᠵᠣᠭᠰᠤᠭᠠᠬᠤ ᠭᠠᠵᠠᠷ᠂ ᠡᠶ᠎ᠡ ᠵᠣᠬᠢᠴᠠᠯᠳᠤ ᠵᠠᠮ ᠤᠨ ᠡᠮᠦᠨ᠎ᠡ ᠲᠠᠯ᠎ᠠ ᠶᠢᠨ ᠲᠡᠷᠭᠡ ᠵᠣᠭᠰᠤᠭᠠᠬᠤ ᠭᠠᠵᠠᠷ᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠡᠮᠨᠡᠯᠭᠡ ᠶᠢᠨ ᠵᠡᠭᠦᠨ ᠲᠠᠯ᠎ᠠ ᠶᠢᠨ ᠲᠡᠷᠭᠡ ᠵᠣᠭᠰᠤᠭᠠᠬᠤ ᠭᠠᠵᠠᠷ ᠢ ᠪᠠᠶᠢᠭᠤᠯᠵᠤ ᠳᠠᠭᠤᠰᠬᠠᠭᠠᠳ ᠨᠢᠭᠡᠨᠲᠡ ᠠᠰᠢᠭᠯᠠᠯᠲᠠ ᠳᠤ ᠣᠷᠣᠭᠤᠯᠪᠠ᠃ ᠶᠢᠰᠦᠳᠦᠭᠡᠷ ᠳᠣᠮᠳᠠᠳᠣ ᠰᠣᠷᠭᠠᠭᠤᠯᠢ ᠶᠢᠨ ᠡᠮᠦᠨ᠎ᠡ ᠲᠠᠯ᠎ᠠ ᠶᠢᠨ ᠲᠡᠷᠭᠡ ᠵᠣᠭᠰᠤᠭᠠᠬᠤ ᠭᠠᠵᠠᠷ᠂ ᠢᠯᠴᠢ ᠰᠣᠯᠢᠯᠴᠠᠬᠤ ᠥᠷᠲᠡᠭᠡᠨ ᠤ ᠲᠡᠷᠭᠡ ᠵᠣᠭᠰᠤᠭᠠᠬᠤ ᠭᠠᠵᠠᠷ᠂ ᠤᠤᠯ ᠤᠨ ᠬᠢᠵᠢᠭ ᠢ ᠰᠡᠷᠭᠡᠶᠢᠯᠡᠬᠦ ᠥᠷᠲᠡᠭᠡᠨ ᠤ ᠲᠡᠷᠭᠡ ᠵᠣᠭᠰᠤᠭᠠᠬᠤ ᠭᠠᠵᠠᠷ᠂ ᠲᠠᠶᠢᠰᠢ ᠪᠠᠭᠤᠳᠠᠯ ᠤᠨ ᠲᠡᠷᠭᠡ ᠵᠣᠭᠰᠤᠭᠠᠬᠤ ᠭᠠᠵᠠᠷ ᠢ ᠵᠢᠯ ᠤᠨ ᠡᠴᠦᠰ ᠠᠴᠠ ᠡᠮᠦᠨ᠎ᠡ ᠪᠠᠶᠢᠭᠤᠯᠵᠤ ᠳᠠᠭᠤᠰᠬᠠᠬᠤ ᠪᠣᠯᠣᠨ᠎ᠠ᠃ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠪᠠᠷᠠᠭᠤᠨ ᠬᠤᠶᠢᠲᠤ ᠭᠠᠵᠠᠷ᠂ ᠸᠠᠨ ᠬᠤᠸᠠ ᠴᠦᠨ ᠢᠦᠢ ᠶᠢᠨ ᠡᠮᠦᠨ᠎ᠡ ᠲᠠᠯ᠎ᠠ᠂ ᠣᠣᠯ ᠤᠨ ᠷᠠᠳᠢᠣ᠋ ᠨᠡᠪᠲᠡᠷᠡᠭᠦᠯᠭᠡ ᠶᠢᠨ ᠦᠷᠲᠡᠭᠡ᠂ ᠬᠤᠸᠠ ᠶᠤᠸᠠᠨ ᠵᠠᠬ᠎ᠠ ᠳᠡᠯᠭᠡᠭᠦᠷ ᠤᠨ ᠪᠠᠷᠠᠭᠤᠨ ᠲᠠᠯ᠎ᠠ ᠵᠡᠷᠭᠡ 4 ᠰᠤᠯᠠ ᠭᠠᠵᠠᠷ ᠢ ᠬᠤᠲᠠ ᠶᠢᠨ ᠬᠠᠮᠢᠶᠠᠷᠤᠯᠲᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠬᠡᠯᠲᠡᠰ ᠤᠨ ᠬᠠᠮᠵᠢᠯᠴᠠᠭ᠎ᠠ ᠳᠣᠣᠷ᠎ᠠ ᠲᠦᠷ ᠴᠠᠭ ᠲᠡᠷᠭᠡ ᠵᠣᠭᠰᠣᠭᠠᠬᠤ ᠭᠠᠵᠠᠷ ᠪᠣᠯᠭᠠᠨ ᠳᠣᠬᠢᠷᠠᠭᠤᠯᠵᠣ᠂ ᠨᠡᠶᠢᠲᠡ 400 ᠭᠠᠷᠤᠢ ᠲᠦᠷ ᠵᠣᠭᠰᠣᠭᠠᠬᠤ ᠪᠠᠶᠢᠷᠢ ᠶᠢ ᠲᠤᠬᠢᠷᠠᠭᠤᠯᠪᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号