ᠶᠡᠷᠦᠩᠬᠡᠢ ᠱᠦᠵᠢ ᠰᠢ ᠶᠢᠨ ᠫᠢᠩ ᠤᠢᠢᠷ᠎ᠠ ᠶᠢᠨ ᠡᠳᠦᠷ ᠰᠣᠶᠣᠯ ᠪᠠ ᠪᠠᠶᠢᠭᠠᠯᠢ ᠶᠢᠨ ᠥᠪ ᠢ ᠬᠠᠮᠠᠭᠠᠯᠠᠵᠤ | ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠭᠠᠷᠭᠠᠵᠤ᠂ ᠮᠠᠨ ᠤ ᠠᠶᠢᠮᠠᠭ ᠤᠨ | ᠰᠣᠶᠣᠯ ᠵᠢᠭᠤᠯᠴᠢᠯᠠᠯ ᠤᠨ ᠦᠢᠯᠡᠰ ᠡᠷᠬᠢᠯᠡᠭᠰᠡᠳ ᠪᠣᠯᠤᠨ ᠪᠤᠳᠡᠰ ᠤᠨ ᠪᠤᠰᠤ ᠰᠤᠶᠤᠯ ᠤᠨ ᠦᠪ ᠤᠨ | ᠤᠯᠠᠮᠵᠢᠯᠠᠭᠰᠠᠳ ᠤᠨ ᠳᠤᠮᠳᠠ ᠴᠢᠩᠭ᠎ᠠ ᠲᠤᠰᠬᠠᠯ ᠭᠠᠷᠴᠠᠢ᠃ ᠤᠯᠠᠨ ᠢᠶᠠᠷ ᠢᠶᠠᠨ᠂ ᠲᠤᠰ ᠤᠳᠠᠭᠠᠨ ᠤ ᠪᠣᠳᠠᠰ ᠤᠨ | ᠪᠤᠰᠤ ᠰᠣᠶᠣᠯ ᠤᠨ ᠥᠪ ᠢᠶᠠᠷ ᠮᠡᠳᠡᠭᠦᠯᠦᠭᠡᠳ ᠠᠮᠵᠢᠯᠲᠠ ᠣᠯᠤᠭᠰᠠᠨ ᠢᠶᠠᠷ ᠠᠵᠠ ᠲᠣᠬᠢᠶᠠᠯ ᠪᠣᠯᠭᠠᠵᠤ᠂ ᠥᠪ | ᠬᠦᠷᠦᠩᠬᠡ ᠶᠢ ᠬᠠᠮᠠᠭᠠᠯᠠᠬᠤ ᠴᠢᠳᠠᠪᠤᠷᠢ ᠪᠣᠯᠤᠨ ᠬᠢᠷᠢ ᠲᠦᠪᠰᠢᠨ ᠢ ᠳᠡᠭᠡᠭᠰᠢᠯᠡᠭᠦᠯᠤᠨ᠂ ᠰᠣᠶᠣᠯ ᠪᠠ ᠪᠠᠶᠢᠭᠠᠯᠢ ᠶᠢᠨ | ᠥᠪ ᠢ ᠬᠠᠮᠠᠭᠠᠯᠠᠬᠤ᠂ ᠤᠯᠠᠮᠵᠢᠯᠠᠬᠤ᠂ ᠠᠰᠢᠭᠯᠠᠬᠤ ᠠᠵᠢᠯ ᠢ ᠴᠢᠩᠭᠠᠳᠬᠠᠬᠤ ᠳᠤ ᠥᠪᠡᠷ ᠤᠨ ᠬᠦᠴᠦᠨ | ᠴᠢᠳᠠᠯ ᠢᠶᠠᠨ ᠡᠷᠭᠦᠨ᠎ᠡ ᠭᠡᠵᠦ ᠢᠯᠡᠳᠭᠡᠵᠡᠭᠡᠪᠡ᠃ | ᠸᠠᠩ ᠪᠢᠨ ᠪᠠᠳᠠᠢ ᠶᠢᠨ ᠵᠢᠷᠡᠨ ᠡᠯᠡᠰᠦᠨ ᠤ ᠬᠦᠨ ᠳᠤ ᠠᠷᠠᠳ ᠤᠨ ᠤᠷᠤᠨ ᠰᠠᠭᠤᠴᠠ ᠡᠵᠡᠩᠨᠡᠵᠦ ᠪᠤᠢ᠃ ᠲᠡᠷᠡ | ᠂ ᠠᠯᠠᠱᠠ ᠪᠠᠷᠠᠭᠤᠨ ᠬᠤᠰᠢᠭᠤᠨ ᠤ ︽ᠪᠠᠳᠠᠢ ᠶᠢᠨ ᠵᠢᠷᠠᠨ ᠡᠯᠡᠰᠤ — ᠡᠯᠡᠰᠦᠨ ᠴᠤᠬᠢᠶ᠎ᠠ ᠨᠠᠭᠤᠷ | ᠪᠦᠷᠢᠲᠤ ᠨᠦᠭᠦᠳ︾ ᠨᠢ ︽ᠳᠡᠯᠡᠬᠡᠢ ᠶᠢᠨ ᠥᠪ ᠤᠨ ᠨᠡᠷᠡᠰ ᠤᠨ ᠵᠢᠭᠰᠠᠭᠠᠯᠲᠠ︾ ᠳᠤ ᠲᠤᠳᠤᠷᠠᠭᠰᠠᠨ ᠪᠤᠯᠬᠤᠷ | ᠤᠨᠴᠠ ᠶᠢᠨ ᠤᠮᠤᠭᠰᠢᠯ ᠲᠠᠢ ᠰᠠᠨᠠᠭᠳᠠᠵᠦ ᠪᠠᠶᠢᠨ᠎ᠠ᠂ ᠡ᠊ᠨᠳᠡᠬᠢ ᠣᠷᠴᠢᠨ ᠲᠣᠭᠤᠷᠢᠨ ᠭᠤᠶᠢᠳᠠ ᠰᠠᠶᠢᠬᠠᠨ᠂ ᠮᠠᠨ ᠤ | ᠤᠯᠤᠰ ᠲᠡᠷᠡᠴᠢᠯᠠᠨ ᠲᠡᠯᠡᠬᠡᠢ ᠶᠢᠨ ᠡᠯ᠎ᠡ ᠭᠠᠵᠠᠷ ᠤᠨ ᠲᠤᠭᠤᠷᠢᠨ ᠵᠤᠭᠠᠴᠠᠭᠰᠠᠳ ᠤᠨ ᠪᠠᠭ᠋ᠠᠷᠬᠠᠯ ᠢ ᠲᠠᠳᠠᠵᠦ ᠪᠤᠢ᠃ | ᠡᠨᠡ ᠤᠳᠠᠭ᠎ᠠ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠦᠭᠡᠳ ᠠᠮᠵᠢᠯᠲᠠ ᠣᠯᠤᠭᠰᠠᠨ ᠢᠶᠠᠷ | ᠬᠤᠶᠢᠰᠢᠳᠠ ᠶᠢᠨ ᠠᠵᠢᠯ ᠦᠢᠯᠡᠰ ᠨᠡᠩ ᠬᠡᠬᠡᠨ ᠰᠠᠷᠠᠭᠤᠯ ᠪᠤᠯᠬᠤ ᠨᠢ ᠶᠠᠷᠢᠶᠠᠨ ᠦᠬᠡᠢ ᠬᠡᠵᠦ ᠪᠠᠶᠢᠪᠠ᠃ | ︽ᠪᠠᠳᠠᠶ ᠶᠢᠨ ᠵᠢᠷᠠᠨ ᠡᠯᠡᠰᠦ — ᠡᠯᠡᠰᠦᠨ ᠴᠤᠬᠢᠶ᠎ᠠ ᠨᠠᠭᠤᠷ ᠪᠦᠷᠢᠲᠤ ᠨᠦᠭᠦᠳ︾ ᠢ ᠪᠣᠳᠠᠰ ᠤᠨ ᠪᠤᠰᠤ | ᠰᠣᠶᠣᠯ ᠤᠨ ᠥᠪ ᠢᠶᠠᠷ ᠮᠡᠳᠡᠭᠦᠯᠦᠭᠡᠳ ᠠᠮᠵᠢᠯᠲᠠ ᠣᠯᠵᠤ᠂ ᠪᠥᠬᠦ ᠳᠡᠯᠡᠬᠡᠶ ᠶᠢᠨ ᠬᠡᠪᠴᠢᠶᠡᠨ ᠳᠤ ᠮᠠᠨ ᠤ | ᠤᠯᠤᠰ ᠤᠨ ᠨᠠᠭᠤᠷ ᠪᠦᠷᠢᠲᠤ ᠪᠠ ᠡᠯᠡᠰᠦ ᠮᠠᠩᠬᠠᠨ ᠤ ᠤᠨᠴᠠᠯᠢᠭᠳᠤ ᠪᠠᠶᠢᠭᠠᠯᠢ ᠶᠢᠨ ᠥᠪ ᠤᠨ ᠷᠢᠳᠢ ᠰᠢᠳᠢ ᠶᠢ | ᠳᠡᠯᠭᠡᠨ ᠦᠵᠡᠭᠦᠯᠵᠦ᠂ ᠨᠡᠩ ᠴᠤ ᠠᠶᠠᠯᠠᠯ ᠵᠢᠭᠤᠯᠴᠢᠯᠠᠯ ᠳᠤ ᠪᠠᠭ᠋ᠠᠲᠠᠶ ᠬᠥᠮᠦᠰ ᠤᠨ ᠡᠷᠬᠡᠪᠰᠢ ᠲᠤᠭᠤᠷᠢᠵᠦ | ᠵᠤᠭᠠᠯᠠᠬᠤ ᠭᠠᠵᠡᠷ ᠤᠨ ᠨᠢᠬᠡ ᠪᠤᠯᠤᠭᠰᠠᠨ ᠪᠠᠶᠢᠨ᠎ᠠ᠃ | ︽ᠭᠡᠷ ᠤᠨ ᠬᠥᠮᠦᠰ ᠪᠠ ᠨᠠᠶᠢᠵᠠ ᠨᠠᠷ ᠢᠶᠠᠨ ᠦᠷᠬᠦᠯᠵᠢ ᠵᠤᠬᠢᠶᠠᠨ ᠪᠠᠶᠢᠭᠤᠯᠵᠦ ᠪᠠᠶᠢᠭᠠᠳ ᠪᠠᠳᠠᠢ ᠶᠢᠨ ᠵᠢᠷᠡᠨ | ᠡᠯᠡᠰᠦᠨ ᠳᠤ ᠤᠴᠢᠵᠦ ᠪᠠᠷᠳᠠᠭ᠎ᠠ ᠰᠢᠨᠵᠢᠯᠡᠳᠡᠭ᠂ ᠡᠨᠡ ᠤᠳᠠᠭᠠᠨ ᠤ ᠪᠤᠳᠡᠰ ᠤᠨ ᠪᠤᠰᠤ ᠰᠣᠶᠣᠯ ᠤᠨ ᠥᠪ ᠢᠶᠠᠷ | ᠭᠤᠶᠤᠴᠢᠯᠠᠭᠠᠳ ᠠᠮᠵᠢᠯᠲᠠ ᠣᠯᠤᠭᠰᠠᠨ ᠨᠢ ᠪᠢᠳᠠ ᠪᠦᠬᠦᠳᠠ ᠶᠢᠨ ᠤᠮᠤᠭᠰᠢᠯ ᠰᠢᠤ᠂ ᠪᠦᠬᠦ ᠤᠯᠤᠰ ᠤᠨ ᠡᠯ᠎ᠡ | ᠭᠠᠵᠠᠷ ᠤᠨ ᠬᠦᠮᠦᠰ ᠲᠤ ᠪᠠᠳᠠᠢ ᠶᠢᠨ ᠵᠢᠷᠡᠨ ᠢ ᠲᠠᠨᠢᠭᠤᠯᠵᠤ᠂ ᠣᠶᠢᠯᠠᠭᠠᠭᠤᠯᠤᠨ᠂ ᠣᠯᠠᠨ ᠢᠶᠠᠷ ᠢᠶᠠᠨ ᠪᠠᠳᠠᠢ ᠶᠢᠨ | ᠵᠢᠷᠡᠨ ᠳᠤ ᠲᠤᠭᠤᠷᠢᠨ ᠵᠤᠭᠠᠯᠠᠬᠤ ᠪᠠᠷ ᠢᠷᠡᠬᠦ ᠶᠢ ᠪᠡᠶᠡᠷᠯᠡᠨ ᠤᠭᠳᠤᠵᠦ ᠪᠠᠶᠢᠨ᠎ᠠ︾ ᠭᠡᠵᠦ ᠲᠤᠬᠠᠢ ᠶᠢᠨ ᠭᠠᠵᠡᠷ | ᠤᠨ ᠬᠡᠭᠡᠷ᠎ᠡ ᠶᠢᠨ ᠠᠶᠠᠯᠠᠯ ᠳᠤ ᠪᠠᠭ᠋ᠠᠲᠠᠢ ᠫᠠᠨ ᠰᠢᠨ ᠬᠡᠯᠡᠵᠦ ᠪᠠᠶᠢᠯ᠎ᠠ᠃ | 2008 ᠣᠨ ᠳᠤ᠂ ᠠᠯᠠᠱᠠ ᠶᠢᠨ ᠬᠡᠪᠢᠰ ᠨᠡᠬᠡᠬᠦ ᠤᠷᠠᠯᠠᠯ ᠨᠢ ᠤᠯᠤᠰ ᠤᠨ ᠲᠠᠰ ᠤᠨ ᠪᠣᠳᠠᠰ ᠤᠨ ᠪᠤᠰᠤ | ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠪᠠ᠃ ᠥᠪᠡᠷᠲᠡᠭᠡᠨ ᠵᠠᠰᠠᠬᠤ | ᠣᠷᠣᠨ ᠤ ᠳᠡᠰ ᠤᠨ ᠡᠷᠳᠡᠨ ᠤ ᠲᠠᠭᠤᠷᠢᠶᠠᠮᠠᠯ ᠬᠡᠪᠢᠰ ᠨᠡᠬᠡᠮᠡᠯ ᠤᠨ ᠪᠣᠳᠠᠰ ᠤᠨ ᠪᠤᠰᠤ ᠰᠣᠶᠣᠯ ᠤᠨ ᠥᠪ ᠤᠨ | ᠤᠯᠠᠮᠵᠢᠯᠠᠭᠴᠢ ᠳ᠋ᠤᠸᠠᠨ ᠯᠢ ᠵᠧᠨ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠪᠣᠯᠤᠭᠰᠠᠨ ᠤ | ᠬᠤᠪᠢ ᠳᠤ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠠᠲᠤ ᠴᠡᠭᠡᠵᠢᠯᠡᠵᠦ᠂ | ᠥᠪᠡᠷ ᠤᠨ ᠤᠷ᠎ᠠ ᠮᠡᠷᠭᠡᠵᠢᠯ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠤᠨ᠂ ᠠᠯᠠᠱᠠ ᠶᠢᠨ ᠬᠡᠪᠢᠰ | ᠨᠡᠬᠡᠮᠡᠯ ᠤᠨ ᠤᠷ᠎ᠠ ᠮᠡᠷᠭᠡᠵᠢᠯ ᠢ ᠨᠡᠩ ᠤᠯᠠᠨ ᠬᠥᠮᠦᠨ ᠳᠤ ᠤᠯᠠᠮᠵᠢᠯᠠᠨ᠎ᠠ᠂ ᠪᠢᠳᠠ ᠪᠦᠬᠦᠳᠠ ᠶᠢᠨ ᠴᠢᠷᠮᠠᠶᠢᠯᠭ᠎ᠠ ᠪᠠᠷ | ᠠᠯᠠᠱᠠ ᠶᠢᠨ ᠡᠷᠲᠡᠨ ᠤ ᠲᠠᠭᠤᠷᠢᠶᠠᠮᠠᠯ ᠬᠡᠪᠢᠰ ᠠᠯᠠᠱᠠ ᠠᠴᠠ ᠴᠢᠨᠠᠭᠰᠢ ᠪᠦᠬᠦ ᠤᠯᠤᠰ ᠲᠡᠷᠡᠴᠢᠯᠠᠨ ᠪᠦᠬᠦ | ᠳᠡᠯᠡᠬᠡᠢ ᠶᠢᠨ ᠵᠠᠬ᠎ᠠ ᠲᠡᠯᠬᠡᠬᠦᠷ ᠲᠤ ᠭᠠᠷᠬᠤ ᠨᠢ ᠯᠠᠪᠳᠡᠢ ᠬᠡᠵᠦ ᠪᠠᠶᠢᠪᠠ᠃ | ᠠᠯᠠᠱᠠ ᠶᠢᠨ ᠰᠢᠷᠠᠭᠰᠠᠨ ᠪᠦᠬᠦᠯᠢ ᠬᠤᠨᠢ ᠪᠣᠯ ᠠᠯᠠᠱᠠ ᠣᠷᠣᠨ ᠤ ᠤᠯᠠᠮᠵᠢᠯᠠᠯᠲᠤ ᠨᠠᠷᠠᠲᠤ ᠢᠳᠡᠬᠡᠨ ᠪᠦᠬᠡᠳ | ᠣᠲᠣ ᠪᠣᠯᠲᠠᠯ᠎ᠠ ᠨᠢᠭᠡᠨᠲᠡ 300 ᠭᠠᠷᠤᠶ ᠵᠢᠯ ᠤᠨ ᠲᠡᠤᠬᠡ ᠲᠠᠢ ᠪᠢᠯᠠ᠃ 2008 ᠣᠨ ᠳᠤ᠂ ᠠᠯᠠᠱᠠ ᠶᠢᠨ | ᠰᠢᠷᠠᠭᠰᠠᠨ ᠪᠦᠬᠦᠯᠢ ᠬᠤᠨᠢ ᠬᠤᠶᠠᠳᠤᠭᠠᠷ ᠪᠦᠯᠦᠭ ᠤᠨ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ | ᠥᠪ ᠤᠨ ᠨᠡᠷᠡᠰ ᠲᠤ ᠵᠢᠭᠰᠠᠭᠠᠭᠳᠠᠪᠠ᠃ ᠥᠪᠡᠷᠲᠡᠭᠡᠨ ᠵᠠᠰᠠᠬᠤ ᠣᠷᠣᠨ ᠤ ᠳᠡᠰ ᠤᠨ ᠪᠤᠳᠡᠰ ᠤᠨ ᠪᠤᠰᠤ | ᠰᠤᠶᠤᠯ ᠤᠨ ᠤᠯᠠᠮᠵᠢᠯᠠᠭᠴᠢ ᠴᠧᠨ ᠲᠤᠤ ᠠᠯᠠᠱᠠ ᠶᠢᠨ ᠪᠦᠬᠦᠯᠢ ᠬᠤᠨᠢ ᠰᠢᠷᠠᠬᠤ ᠤᠷ᠎ᠠ ᠮᠡᠷᠭᠡᠵᠢᠯ ᠢ ᠤᠯᠠᠮᠵᠢᠯᠠᠨ | ᠵᠠᠯᠭᠠᠮᠵᠢᠯᠠᠭᠠᠳ ᠨᠢᠭᠡᠨᠲᠡ 32 ᠵᠢᠯ ᠪᠣᠯᠵᠠᠢ᠃ ᠲᠡᠷᠡ᠂ ᠤᠯᠠᠮᠵᠢᠯᠠᠭᠴᠢ ᠪᠣᠯᠤᠭᠰᠠᠨ ᠤ ᠬᠤᠪᠢ ᠳᠤ ᠮᠠᠰᠢ | ᠣᠮᠣᠭᠰᠢᠵᠤ ᠪᠠᠶᠢᠨ᠎ᠠ᠂ ᠪᠣᠳᠠᠲᠤ ᠠᠵᠢᠯᠯᠠᠭ᠎ᠠ ᠪᠠᠷ ᠢᠶᠠᠨ ᠤᠯᠠᠮᠵᠢᠯᠠᠨ ᠵᠠᠯᠭᠠᠮᠵᠢᠯᠠᠬᠤ ᠭᠡᠪᠴᠢᠶ᠎ᠡ ᠪᠠᠨ ᠴᠢᠷᠮᠠᠶᠢᠨ | ᠥᠷᠭᠡᠳᠭᠡᠵᠦ᠂ ᠠᠯᠠᠱᠠ ᠶᠢᠨ ᠪᠦᠬᠦᠯᠢ ᠬᠤᠨᠢ ᠰᠢᠷᠠᠬᠤ ᠡᠨᠡ ᠬᠦ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ | ᠵᠦᠢᠯ ᠢ ᠨᠡᠩ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠨ᠂ ᠰᠠᠶᠢᠲᠤᠷ ᠠᠰᠢᠭᠯᠠᠨ᠎ᠠ ᠬᠡᠪᠡ᠃ |