ᠠᠯᠠᠱᠠ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠲᠠᠢ ᠬᠤᠯᠪᠣᠭᠳᠠᠭᠰᠠᠨ 23 ᠵᠤᠷᠪᠤᠰ ᠠᠷᠭ᠎ᠠ ᠬᠡᠮᠵᠢᠶ᠎ᠡ ᠶᠢ ᠨᠡᠶᠢᠳᠡᠯᠡᠪᠡ
ᠨᠡᠶᠢᠲᠡᠯᠡᠭᠰᠡᠨ ᠴᠠᠭ᠄
2024/8/14
    ︽ᠠᠷᠭ᠎ᠠ ᠬᠡᠮᠵᠢᠶ᠎ᠡ ᠨᠦᠭᠦᠳ︾᠎ ᠨᠢ ᠮᠠᠨ ᠤ ᠠᠶᠢᠮᠠᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠳᠣᠭᠳᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠳᠤ ᠠᠯᠢ ᠣᠯᠠᠨ ᠠᠷᠭ᠎ᠠ ᠬᠡᠮᠵᠢᠶ᠎ᠡ ᠶᠢ ᠳᠣᠷᠠᠳᠪᠠ᠃ ᠡᠭᠦᠨ ᠳᠤ ᠥᠨᠳᠥᠷ ᠬᠢᠷᠢ ᠲᠦᠪᠰᠢᠨ ᠪᠥᠬᠦᠶ ᠡᠮᠨᠡᠯᠭᠡ ᠶᠢᠨ ᠬᠤᠷᠢᠶᠠᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠂ ᠬᠤᠰᠢᠭᠤᠨ ᠲᠠᠰ ᠤᠨ ᠡᠮᠨᠡᠯᠭᠡ ᠶᠢᠨ ᠬᠤᠷᠢᠶᠠᠨ ᠤ ᠰᠢᠶᠠᠨ ᠤ ᠬᠡᠪᠴᠢᠶᠡᠨ ᠤ ᠳᠡᠷᠢᠬᠦᠯᠡᠬᠦ ᠪᠠᠶᠢᠷᠢ ᠰᠠᠭᠤᠷᠢ ᠶᠢ ᠳᠣᠪᠤᠶᠢᠯᠭᠠᠬᠤ᠂ ᠬᠤᠲᠠ ᠬᠥᠳᠡᠭᠡ ᠶᠢᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠦᠯᠵᠢᠶᠡᠨ ᠤ ᠰᠠᠭᠤᠷᠢ ᠶᠢ ᠪᠠᠬᠢᠵᠢᠭᠦᠯᠬᠦ᠂ ᠱᠠᠳᠣ ᠳᠠᠪᠬᠤᠷᠭ᠎ᠠ ᠬᠤᠪᠢᠶᠠᠨ ᠰᠠᠯᠭᠠᠬᠤ ᠶᠢ ᠳᠥᠯᠭᠢᠨ ᠠᠬᠢᠭᠤᠯᠬᠤ᠂ ᠬᠦᠨᠳᠦ ᠶᠡᠭᠡ ᠬᠢᠵᠢᠭ ᠤᠨ ᠪᠠᠶᠢᠳᠠᠯ ᠢ ᠠᠪᠤᠷᠠᠨ ᠵᠠᠰᠠᠬᠤ ᠳᠣᠭᠳᠠᠯᠴᠠᠭ᠎ᠠ ᠶᠢ ᠪᠠᠶᠢᠭᠤᠯᠬᠤ ᠎ ᠶᠢ ᠠᠬᠢᠭᠤᠯᠬᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠳᠣᠭᠳᠠᠯᠴᠠᠭ᠎ᠠ ᠶᠢ ᠲᠦᠷᠭᠡᠨ ᠪᠠᠶᠢᠭᠤᠯᠬᠤ ᠵᠡᠷᠭᠡ 23 ᠵᠤᠷᠪᠤᠰ ᠠᠭᠤᠯᠭ᠎ᠠ ᠶᠢ ᠪᠠᠭᠲᠠᠭᠠᠵᠠᠢ᠃     ᠠᠷᠭ᠎ᠠ ᠬᠡᠮᠵᠢᠶ᠎ᠡ ᠨᠦᠭᠦᠳ ᠲᠤ᠄     2025 ᠣᠨ ᠪᠣᠯᠬᠤ ᠳᠤ᠂ ᠪᠥᠬᠦ ᠠᠶᠢᠮᠠᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠳᠣᠭᠳᠠᠯᠴᠠᠭ᠎ᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠡᠬᠢ ᠪᠠᠶᠠᠯᠢᠭ ᠢ ᠲᠣᠬᠢᠷᠠᠭᠤᠯᠬᠤ ᠪᠠ ᠦᠢᠯᠡᠴᠢᠯᠡᠭᠡᠨ ᠤ ᠲᠡᠩᠴᠡᠭᠦᠷᠢᠲᠦ ᠴᠢᠨᠠᠷ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠥᠨᠳᠥᠷ ᠬᠢᠷᠢ ᠲᠦᠪᠰᠢᠨ ᠪᠥᠬᠦᠶ ᠡᠮᠨᠡᠯᠭᠡ ᠶᠢᠨ ᠬᠤᠷᠢᠶ᠎ᠠ ᠶᠢ ᠪᠥᠲᠥᠭᠡᠨ ᠪᠠᠶᠢᠭᠤᠯᠬᠤ ᠪᠠ ᠬᠠᠮᠢᠶᠠᠷᠤᠯᠲᠠ ᠶᠢᠨ ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ᠤᠯᠤᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠵᠢᠭᠰᠠᠭᠠᠯᠲᠠ ᠶᠢ ᠢᠯᠡᠳᠲᠡ ᠳᠡᠭᠡᠭᠰᠢᠯᠡᠭᠦᠯᠦᠨ᠂ 50%᠎ ᠠᠴᠠ ᠳᠡᠭᠡᠭᠰᠢᠬᠢ ᠬᠤᠰᠢᠭᠤᠨ ᠱᠠᠲᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢ ᠤᠯᠤᠰ ᠤᠨ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠲᠠᠨᠢᠯᠴᠠᠭᠤᠯᠬᠤ ᠪᠠᠷᠢᠮᠵᠢᠶ᠎ᠠ ᠳᠤ ᠬᠦᠷᠦᠭᠦᠯᠵᠦ᠂ ᠭᠤᠷᠪᠠ ᠳᠥᠷᠪᠡᠳᠦᠭᠡᠷ ᠳᠡᠰ ᠤᠨ ᠮᠡᠰᠡ ᠵᠠᠰᠠᠯ ᠤᠨ ᠡᠵᠡᠯᠡᠬᠦ ᠬᠠᠷᠢᠴᠠᠯ᠂ ᠬᠤᠰᠢᠭᠤᠨ ᠤ ᠬᠡᠪᠴᠢᠶᠡᠨ ᠳᠠᠬᠢ ᠡᠮᠨᠡᠯᠭᠡ ᠳᠤ ᠰᠠᠭᠤᠭᠰᠠᠨ ᠬᠥᠮᠦᠨ ᠤᠳᠠᠭ᠎ᠠ ᠶᠢᠨ ᠡᠵᠡᠯᠡᠬᠦ ᠬᠠᠷᠢᠴᠠᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠠᠪᠤᠷᠠᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢᠨ ᠬᠥᠭᠵᠢᠯᠲᠡ ᠶᠢ ᠨᠠᠩ ᠵᠣᠬᠢᠴᠠᠭᠤᠯᠤᠨ᠂ ᠡᠮᠬᠢ ᠵᠢᠷᠤᠮ ᠲᠠᠢ ᠪᠠᠷ ᠡᠪᠡᠳᠴᠢᠨ ᠦᠵᠡᠭᠦᠯᠬᠦ ᠪᠠ ᠣᠨᠣᠰᠢᠯᠠᠨ ᠡᠮᠨᠡᠬᠦ ᠳᠣᠭᠳᠠᠯᠴᠠᠭ᠎ᠠ ᠶᠢ ᠪᠠᠶᠢᠭᠤᠯᠬᠤ ᠳᠤ ᠢᠳᠡᠪᠬᠢᠲᠡᠶ ᠦᠷ᠎ᠡ ᠪᠦᠲᠦᠮᠵᠢ ᠣᠯᠣᠨ᠎ᠠ᠃     2035 ᠣᠨ ᠪᠣᠯᠬᠤ ᠳᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠲᠦᠭᠡᠨ ᠪᠠᠶᠢᠭᠤᠯᠬᠤ ᠪᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠬᠠᠷᠢᠯᠴᠠᠨ ᠵᠣᠬᠢᠴᠠᠭᠤᠯᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠳᠣᠬᠳᠠᠯᠴᠠᠭ᠎ᠠ ᠨᠢ ᠪᠦᠷᠢᠨ ᠪᠦᠲᠦᠨ᠂ ᠠᠵᠢᠯ ᠤᠨ ᠬᠤᠪᠢᠶᠠᠷᠢᠯᠠᠯ ᠨᠢ ᠲᠣᠳᠣᠷᠬᠠᠢ᠂ ᠴᠢᠳᠠᠮᠵᠢ ᠨᠢ ᠬᠠᠷᠢᠯᠴᠠᠨ ᠨᠥᠬᠦᠪᠥᠷᠢᠯᠡᠭᠰᠡᠨ᠂ ᠠᠵᠢᠯᠯᠠᠭᠠᠨ ᠨᠢ ᠥᠨᠳᠥᠷ ᠪᠦᠲᠦᠮᠵᠢᠲᠡᠶ᠂ ᠴᠢᠯᠦᠭᠡᠳᠡᠢ ᠨᠡᠶᠢᠯᠡᠮᠡᠯ ᠬᠡᠯᠪᠡᠷᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠳᠣᠭᠳᠠᠯᠴᠠᠭ᠎ᠠ ᠶᠢ ᠦᠨᠳᠦᠰᠦᠨ ᠳᠡᠭᠡᠨ ᠪᠦᠷᠢᠯᠳᠦᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠯᠲᠠ ᠶᠢᠨ ᠳᠣᠭᠳᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢ ᠣᠳᠣᠬᠢᠴᠢᠯᠠᠬᠤ ᠬᠢᠷᠢ ᠲᠦᠪᠰᠢᠨ ᠢ ᠢᠯᠡᠳᠲᠡ ᠴᠢᠩᠭᠠᠷᠠᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠭᠤᠣᠯᠴᠢ ᠴᠢᠨᠠᠷ᠂ ᠬᠠᠮᠣᠷᠬᠤ ᠬᠡᠪᠴᠢᠶ᠎ᠡ ᠪᠠ ᠰᠢᠯᠢᠳᠡᠭ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠠᠷᠠᠳ ᠣᠯᠠᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠡ᠃     ︽ᠠᠷᠭ᠎ᠠ ᠬᠡᠮᠵᠢᠶ᠎ᠡ ᠨᠦᠭᠦᠳ︾᠎ ᠢ ᠳᠠᠷᠤᠮᠠᠯᠯᠠᠨ ᠲᠠᠷᠬᠠᠭᠠᠭᠰᠠᠨ ᠨᠢ ᠮᠠᠨ ᠤ ᠠᠶᠢᠮᠠᠭ ᠤᠨ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠶᠢᠨ ᠲᠡᠩᠴᠡᠭᠦᠷᠢᠲᠡᠶ ᠪᠠᠶᠢᠷᠢᠰᠢᠭᠤᠯᠤᠯᠲᠠ ᠶᠢ ᠬᠦᠴᠦᠯᠡᠨ ᠠᠬᠢᠭᠤᠯᠵᠤ᠂ ᠪᠠᠶᠢᠭᠤᠯᠤᠮᠵᠢ ᠶᠢᠨ ᠬᠠᠮᠢᠶᠠᠷᠤᠯᠲᠠ ᠪᠠ ᠠᠵᠢᠯ ᠢ ᠬᠤᠪᠢᠶᠠᠷᠢᠯᠠᠨ ᠬᠠᠮᠵᠢᠯᠴᠠᠬᠤ ᠶᠢ ᠴᠢᠩᠭᠠᠳᠬᠠᠨ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠳᠤ ᠬᠦᠴᠢᠷ ᠠᠰᠠᠭᠤᠳᠠᠯ ᠢ ᠰᠢᠢᠳᠪᠦᠷᠢᠯᠡᠨ᠂ ᠪᠥᠬᠦ ᠲᠠᠯ᠎ᠠ ᠶᠢᠨ ᠪᠥᠬᠦ ᠬᠤᠭᠤᠴᠠᠭᠠᠨ ᠤ ᠡᠷᠡᠭᠦᠯ ᠮᠡᠨᠳᠦ ᠶᠢᠨ ᠬᠡᠷᠡᠭᠴᠡᠭᠡ ᠶᠢ ᠬᠠᠩᠭᠠᠵᠤ᠂ ᠡᠷᠡᠭᠦᠯ ᠡᠩᠬᠡ ᠠᠯᠠᠱᠠ ᠶᠢ ᠪᠠᠶᠢᠭᠤᠯᠬᠤ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号