ᠰᠣᠶᠣᠯ ᠪᠠ ᠪᠠᠶᠢᠭᠠᠯᠢ ᠶᠢᠨ ᠥᠪ ᠤᠨ ᠤᠯᠠᠮᠵᠢᠯᠠᠯ ᠢ ᠦᠷᠭᠦᠯᠵᠢᠯᠡᠨ ᠴᠢᠩᠭᠠᠳᠬᠠᠨ᠎ᠠ
ᠨᠡᠶᠢᠲᠡᠯᠡᠭᠰᠡᠨ ᠴᠠᠭ᠄
2024/8/14
    ᠶᠡᠷᠦᠩᠬᠡᠢ ᠱᠦᠵᠢ ᠰᠢ ᠶᠢᠨ ᠫᠢᠩ ᠤᠢᠢᠷ᠎ᠠ ᠶᠢᠨ ᠡᠳᠦᠷ ᠰᠣᠶᠣᠯ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠭᠠᠷᠭᠠᠵᠤ᠂ ᠮᠠᠨ ᠤ ᠠᠶᠢᠮᠠᠭ ᠤᠨ ᠰᠣᠶᠣᠯ ᠵᠢᠭᠤᠯᠴᠢᠯᠠᠯ ᠤᠨ ᠦᠢᠯᠡᠰ ᠡᠷᠬᠢᠯᠡᠭᠰᠡᠳ ᠪᠣᠯᠤᠨ ᠪᠤᠳᠡᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠰᠠᠳ ᠤᠨ ᠳᠤᠮᠳᠠ ᠴᠢᠩᠭ᠎ᠠ ᠲᠤᠰᠬᠠᠯ ᠭᠠᠷᠴᠠᠢ᠃ ᠤᠯᠠᠨ ᠢᠶᠠᠷ ᠢᠶᠠᠨ᠂ ᠲᠤᠰ ᠤᠳᠠᠭᠠᠨ ᠤ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠦᠭᠡᠳ ᠠᠮᠵᠢᠯᠲᠠ ᠣᠯᠤᠭᠰᠠᠨ ᠢᠶᠠᠷ ᠠᠵᠠ ᠲᠣᠬᠢᠶᠠᠯ ᠪᠣᠯᠭᠠᠵᠤ᠂ ᠥᠪ ᠬᠦᠷᠦᠩᠬᠡ ᠶᠢ ᠬᠠᠮᠠᠭᠠᠯᠠᠬᠤ ᠴᠢᠳᠠᠪᠤᠷᠢ ᠪᠣᠯᠤᠨ ᠬᠢᠷᠢ ᠲᠦᠪᠰᠢᠨ ᠢ ᠳᠡᠭᠡᠭᠰᠢᠯᠡᠭᠦᠯᠤᠨ᠂ ᠰᠣᠶᠣᠯ ᠪᠠ ᠪᠠᠶᠢᠭᠠᠯᠢ ᠶᠢᠨ ᠥᠪ ᠢ ᠬᠠᠮᠠᠭᠠᠯᠠᠬᠤ᠂ ᠤᠯᠠᠮᠵᠢᠯᠠᠬᠤ᠂ ᠠᠰᠢᠭᠯᠠᠬᠤ ᠠᠵᠢᠯ ᠢ ᠴᠢᠩᠭᠠᠳᠬᠠᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠭᠡᠵᠡᠭᠡᠪᠡ᠃    ᠸᠠᠩ ᠪᠢᠨ ᠪᠠᠳᠠᠢ ᠶᠢᠨ ᠵᠢᠷᠡᠨ ᠡᠯᠡᠰᠦᠨ ᠤ ᠬᠦᠨ ᠳᠤ ᠠᠷᠠᠳ ᠤᠨ ᠤᠷᠤᠨ ᠰᠠᠭᠤᠴᠠ ᠡᠵᠡᠩᠨᠡᠵᠦ ᠪᠤᠢ᠃ ᠲᠡᠷᠡ ᠂ ᠠᠯᠠᠱᠠ ᠪᠠᠷᠠᠭᠤᠨ ᠬᠤᠰᠢᠭᠤᠨ ᠤ ︽ᠪᠠᠳᠠᠢ ᠶᠢᠨ ᠵᠢᠷᠠᠨ ᠡᠯᠡᠰᠤ — ᠡᠯᠡᠰᠦᠨ ᠴᠤᠬᠢᠶ᠎ᠠ ᠨᠠᠭᠤᠷ ᠪᠦᠷᠢᠲᠤ ᠨᠦᠭᠦᠳ︾ ᠨᠢ ︽ᠳᠡᠯᠡᠬᠡᠢ ᠶᠢᠨ ᠥᠪ ᠤᠨ ᠨᠡᠷᠡᠰ ᠤᠨ ᠵᠢᠭᠰᠠᠭᠠᠯᠲᠠ︾ ᠳᠤ ᠲᠤᠳᠤᠷᠠᠭᠰᠠᠨ ᠪᠤᠯᠬᠤᠷ ᠤᠨᠴᠠ ᠶᠢᠨ ᠤᠮᠤᠭᠰᠢᠯ ᠲᠠᠢ ᠰᠠᠨᠠᠭᠳᠠᠵᠦ ᠪᠠᠶᠢᠨ᠎ᠠ᠂ ᠡ᠊ᠨᠳᠡᠬᠢ ᠣᠷᠴᠢᠨ ᠲᠣᠭᠤᠷᠢᠨ ᠭᠤᠶᠢᠳᠠ ᠰᠠᠶᠢᠬᠠᠨ᠂ ᠮᠠᠨ ᠤ ᠤᠯᠤᠰ ᠲᠡᠷᠡᠴᠢᠯᠠᠨ ᠲᠡᠯᠡᠬᠡᠢ ᠶᠢᠨ ᠡᠯ᠎ᠡ ᠭᠠᠵᠠᠷ ᠤᠨ ᠲᠤᠭᠤᠷᠢᠨ ᠵᠤᠭᠠᠴᠠᠭᠰᠠᠳ ᠤᠨ ᠪᠠᠭ᠋ᠠᠷᠬᠠᠯ ᠢ ᠲᠠᠳᠠᠵᠦ ᠪᠤᠢ᠃ ᠡᠨᠡ ᠤᠳᠠᠭ᠎ᠠ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠦᠭᠡᠳ ᠠᠮᠵᠢᠯᠲᠠ ᠣᠯᠤᠭᠰᠠᠨ ᠢᠶᠠᠷ ᠬᠤᠶᠢᠰᠢᠳᠠ ᠶᠢᠨ ᠠᠵᠢᠯ ᠦᠢᠯᠡᠰ ᠨᠡᠩ ᠬᠡᠬᠡᠨ ᠰᠠᠷᠠᠭᠤᠯ ᠪᠤᠯᠬᠤ ᠨᠢ ᠶᠠᠷᠢᠶᠠᠨ ᠦᠬᠡᠢ ᠬᠡᠵᠦ ᠪᠠᠶᠢᠪᠠ᠃    ︽ᠪᠠᠳᠠᠶ ᠶᠢᠨ ᠵᠢᠷᠠᠨ ᠡᠯᠡᠰᠦ — ᠡᠯᠡᠰᠦᠨ ᠴᠤᠬᠢᠶ᠎ᠠ ᠨᠠᠭᠤᠷ ᠪᠦᠷᠢᠲᠤ ᠨᠦᠭᠦᠳ︾ ᠢ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠦᠭᠡᠳ ᠠᠮᠵᠢᠯᠲᠠ ᠣᠯᠵᠤ᠂ ᠪᠥᠬᠦ ᠳᠡᠯᠡᠬᠡᠶ ᠶᠢᠨ ᠬᠡᠪᠴᠢᠶᠡᠨ ᠳᠤ ᠮᠠᠨ ᠤ ᠤᠯᠤᠰ ᠤᠨ ᠨᠠᠭᠤᠷ ᠪᠦᠷᠢᠲᠤ ᠪᠠ ᠡᠯᠡᠰᠦ ᠮᠠᠩᠬᠠᠨ ᠤ ᠤᠨᠴᠠᠯᠢᠭᠳᠤ ᠪᠠᠶᠢᠭᠠᠯᠢ ᠶᠢᠨ ᠥᠪ ᠤᠨ ᠷᠢᠳᠢ ᠰᠢᠳᠢ ᠶᠢ ᠳᠡᠯᠭᠡᠨ ᠦᠵᠡᠭᠦᠯᠵᠦ᠂ ᠨᠡᠩ ᠴᠤ ᠠᠶᠠᠯᠠᠯ ᠵᠢᠭᠤᠯᠴᠢᠯᠠᠯ ᠳᠤ ᠪᠠᠭ᠋ᠠᠲᠠᠶ ᠬᠥᠮᠦᠰ ᠤᠨ ᠡᠷᠬᠡᠪᠰᠢ ᠲᠤᠭᠤᠷᠢᠵᠦ ᠵᠤᠭᠠᠯᠠᠬᠤ ᠭᠠᠵᠡᠷ ᠤᠨ ᠨᠢᠬᠡ ᠪᠤᠯᠤᠭᠰᠠᠨ ᠪᠠᠶᠢᠨ᠎ᠠ᠃    ︽ᠭᠡᠷ ᠤᠨ ᠬᠥᠮᠦᠰ ᠪᠠ ᠨᠠᠶᠢᠵᠠ ᠨᠠᠷ ᠢᠶᠠᠨ ᠦᠷᠬᠦᠯᠵᠢ ᠵᠤᠬᠢᠶᠠᠨ ᠪᠠᠶᠢᠭᠤᠯᠵᠦ ᠪᠠᠶᠢᠭᠠᠳ ᠪᠠᠳᠠᠢ ᠶᠢᠨ ᠵᠢᠷᠡᠨ ᠡᠯᠡᠰᠦᠨ ᠳᠤ ᠤᠴᠢᠵᠦ ᠪᠠᠷᠳᠠᠭ᠎ᠠ ᠰᠢᠨᠵᠢᠯᠡᠳᠡᠭ᠂ ᠡᠨᠡ ᠤᠳᠠᠭᠠᠨ ᠤ ᠪᠤᠳᠡᠰ ᠤᠨ ᠪᠤᠰᠤ ᠰᠣᠶᠣᠯ ᠤᠨ ᠥᠪ ᠢᠶᠠᠷ ᠭᠤᠶᠤᠴᠢᠯᠠᠭᠠᠳ ᠠᠮᠵᠢᠯᠲᠠ ᠣᠯᠤᠭᠰᠠᠨ ᠨᠢ ᠪᠢᠳᠠ ᠪᠦᠬᠦᠳᠠ ᠶᠢᠨ ᠤᠮᠤᠭᠰᠢᠯ ᠰᠢᠤ᠂ ᠪᠦᠬᠦ ᠤᠯᠤᠰ ᠤᠨ ᠡᠯ᠎ᠡ ᠭᠠᠵᠠᠷ ᠤᠨ ᠬᠦᠮᠦᠰ ᠲᠤ ᠪᠠᠳᠠᠢ ᠶᠢᠨ ᠵᠢᠷᠡᠨ ᠢ ᠲᠠᠨᠢᠭᠤᠯᠵᠤ᠂ ᠣᠶᠢᠯᠠᠭᠠᠭᠤᠯᠤᠨ᠂ ᠣᠯᠠᠨ ᠢᠶᠠᠷ ᠢᠶᠠᠨ ᠪᠠᠳᠠᠢ ᠶᠢᠨ ᠵᠢᠷᠡᠨ  ᠳᠤ ᠲᠤᠭᠤᠷᠢᠨ ᠵᠤᠭᠠᠯᠠᠬᠤ ᠪᠠᠷ ᠢᠷᠡᠬᠦ ᠶᠢ ᠪᠡᠶᠡᠷᠯᠡᠨ ᠤᠭᠳᠤᠵᠦ ᠪᠠᠶᠢᠨ᠎ᠠ︾ ᠭᠡᠵᠦ ᠲᠤᠬᠠᠢ  ᠶᠢᠨ ᠭᠠᠵᠡᠷ   ᠤᠨ ᠬᠡᠭᠡᠷ᠎ᠡ  ᠶᠢᠨ ᠠᠶᠠᠯᠠᠯ ᠳᠤ ᠪᠠᠭ᠋ᠠᠲᠠᠢ ᠫᠠᠨ ᠰᠢᠨ ᠬᠡᠯᠡᠵᠦ ᠪᠠᠶᠢᠯ᠎ᠠ᠃    2008 ᠣᠨ ᠳᠤ᠂ ᠠᠯᠠᠱᠠ ᠶᠢᠨ ᠬᠡᠪᠢᠰ ᠨᠡᠬᠡᠬᠦ ᠤᠷᠠᠯᠠᠯ ᠨᠢ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠪᠠ᠃ ᠥᠪᠡᠷᠲᠡᠭᠡᠨ ᠵᠠᠰᠠᠬᠤ ᠣᠷᠣᠨ ᠤ ᠳᠡᠰ ᠤᠨ ᠡᠷᠳᠡᠨ ᠤ ᠲᠠᠭᠤᠷᠢᠶᠠᠮᠠᠯ ᠬᠡᠪᠢᠰ ᠨᠡᠬᠡᠮᠡᠯ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠳ᠋ᠤᠸᠠᠨ ᠯᠢ ᠵᠧᠨ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠪᠣᠯᠤᠭᠰᠠᠨ ᠤ ᠬᠤᠪᠢ ᠳᠤ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠠᠲᠤ ᠴᠡᠭᠡᠵᠢᠯᠡᠵᠦ᠂ ᠥᠪᠡᠷ ᠤᠨ ᠤᠷ᠎ᠠ ᠮᠡᠷᠭᠡᠵᠢᠯ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠤᠨ᠂ ᠠᠯᠠᠱᠠ ᠶᠢᠨ ᠬᠡᠪᠢᠰ ᠨᠡᠬᠡᠮᠡᠯ ᠤᠨ ᠤᠷ᠎ᠠ ᠮᠡᠷᠭᠡᠵᠢᠯ ᠢ ᠨᠡᠩ ᠤᠯᠠᠨ ᠬᠥᠮᠦᠨ ᠳᠤ ᠤᠯᠠᠮᠵᠢᠯᠠᠨ᠎ᠠ᠂ ᠪᠢᠳᠠ ᠪᠦᠬᠦᠳᠠ ᠶᠢᠨ ᠴᠢᠷᠮᠠᠶᠢᠯᠭ᠎ᠠ ᠪᠠᠷ ᠠᠯᠠᠱᠠ ᠶᠢᠨ ᠡᠷᠲᠡᠨ ᠤ ᠲᠠᠭᠤᠷᠢᠶᠠᠮᠠᠯ ᠬᠡᠪᠢᠰ ᠠᠯᠠᠱᠠ ᠠᠴᠠ ᠴᠢᠨᠠᠭᠰᠢ ᠪᠦᠬᠦ ᠤᠯᠤᠰ ᠲᠡᠷᠡᠴᠢᠯᠠᠨ ᠪᠦᠬᠦ ᠳᠡᠯᠡᠬᠡᠢ ᠶᠢᠨ ᠵᠠᠬ᠎ᠠ ᠲᠡᠯᠬᠡᠬᠦᠷ ᠲᠤ ᠭᠠᠷᠬᠤ ᠨᠢ ᠯᠠᠪᠳᠡᠢ ᠬᠡᠵᠦ ᠪᠠᠶᠢᠪᠠ᠃    ᠠᠯᠠᠱᠠ ᠶᠢᠨ ᠰᠢᠷᠠᠭᠰᠠᠨ ᠪᠦᠬᠦᠯᠢ ᠬᠤᠨᠢ ᠪᠣᠯ ᠠᠯᠠᠱᠠ ᠣᠷᠣᠨ ᠤ ᠤᠯᠠᠮᠵᠢᠯᠠᠯᠲᠤ ᠨᠠᠷᠠᠲᠤ ᠢᠳᠡᠬᠡᠨ ᠪᠦᠬᠡᠳ ᠣᠲᠣ ᠪᠣᠯᠲᠠᠯ᠎ᠠ ᠨᠢᠭᠡᠨᠲᠡ 300 ᠭᠠᠷᠤᠶ ᠵᠢᠯ ᠤᠨ ᠲᠡᠤᠬᠡ ᠲᠠᠢ ᠪᠢᠯᠠ᠃ 2008 ᠣᠨ ᠳᠤ᠂ ᠠᠯᠠᠱᠠ ᠶᠢᠨ ᠰᠢᠷᠠᠭᠰᠠᠨ ᠪᠦᠬᠦᠯᠢ ᠬᠤᠨᠢ ᠬᠤᠶᠠᠳᠤᠭᠠᠷ ᠪᠦᠯᠦᠭ ᠤᠨ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ ᠵᠢᠭᠰᠠᠭᠠᠭᠳᠠᠪᠠ᠃ ᠥᠪᠡᠷᠲᠡᠭᠡᠨ ᠵᠠᠰᠠᠬᠤ ᠣᠷᠣᠨ ᠤ ᠳᠡᠰ ᠤᠨ ᠪᠤᠳᠡᠰ ᠤᠨ ᠪᠤᠰᠤ ᠰᠤᠶᠤᠯ ᠤᠨ ᠤᠯᠠᠮᠵᠢᠯᠠᠭᠴᠢ ᠴᠧᠨ ᠲᠤᠤ ᠠᠯᠠᠱᠠ ᠶᠢᠨ ᠪᠦᠬᠦᠯᠢ ᠬᠤᠨᠢ ᠰᠢᠷᠠᠬᠤ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠭᠠᠳ ᠨᠢᠭᠡᠨᠲᠡ 32 ᠵᠢᠯ ᠪᠣᠯᠵᠠᠢ᠃ ᠲᠡᠷᠡ᠂ ᠤᠯᠠᠮᠵᠢᠯᠠᠭᠴᠢ ᠪᠣᠯᠤᠭᠰᠠᠨ ᠤ ᠬᠤᠪᠢ ᠳᠤ ᠮᠠᠰᠢ ᠣᠮᠣᠭᠰᠢᠵᠤ ᠪᠠᠶᠢᠨ᠎ᠠ᠂ ᠪᠣᠳᠠᠲᠤ ᠠᠵᠢᠯᠯᠠᠭ᠎ᠠ ᠪᠠᠷ ᠢᠶᠠᠨ ᠤᠯᠠᠮᠵᠢᠯᠠᠨ ᠵᠠᠯᠭᠠᠮᠵᠢᠯᠠᠬᠤ ᠭᠡᠪᠴᠢᠶ᠎ᠡ ᠪᠠᠨ ᠴᠢᠷᠮᠠᠶᠢᠨ ᠥᠷᠭᠡᠳᠭᠡᠵᠦ᠂ ᠠᠯᠠᠱᠠ ᠶᠢᠨ ᠪᠦᠬᠦᠯᠢ ᠬᠤᠨᠢ ᠰᠢᠷᠠᠬᠤ ᠡᠨᠡ ᠬᠦ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠢ ᠨᠡᠩ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠨ᠂ ᠰᠠᠶᠢᠲᠤᠷ ᠠᠰᠢᠭᠯᠠᠨ᠎ᠠ ᠬᠡᠪᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号