ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠬᠦᠴᠦᠯᠡᠨ ᠰᠠᠶᠢᠲᠤᠷ ᠠᠳᠬᠤᠰᠤᠭᠠᠢ
ᠨᠡᠶᠢᠲᠡᠯᠡᠭᠰᠡᠨ ᠴᠠᠭ᠄
2024/8/14
    ᠲᠡᠮᠡᠴᠡᠯ ᠢᠶᠠᠷ ᠲᠡᠦᠬᠡ ᠶᠢ ᠡᠭᠦᠳᠦᠨ ᠪᠦᠲᠦᠭᠡᠵᠦ᠂ ᠪᠣᠳᠠᠲᠠᠢ ᠠᠵᠢᠯᠯᠠᠵᠤ ᠢᠷᠡᠭᠡᠳᠦᠢ ᠶᠢ ᠴᠣᠭᠴᠠᠯᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠦᠷᠭᠦᠯᠵᠢᠯᠡᠨ ᠬᠦᠴᠦᠯᠡᠨ ᠰᠠᠶᠢᠲᠤᠷ ᠠᠳᠬᠤᠬᠤ ᠲᠤᠬᠠᠢ ᠨᠠᠷᠢᠨ ᠪᠠᠶᠢᠷᠢᠯᠠᠭᠤᠯᠤᠯᠲᠠ ᠬᠢᠵᠦ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠠᠷ ᠥᠭᠡᠷᠡᠴᠢᠯᠡᠯᠲᠡ ᠶᠢᠨ ᠠᠤᠭ᠎ᠠ ᠲᠥᠰᠦᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠠᠮᠤᠭ ᠤᠨ ᠬᠦᠴᠦᠷᠬᠡᠭ ᠳᠠᠭᠤᠨ ᠢ ᠴᠤᠤᠷᠢᠶᠠᠲᠤᠭᠤᠯᠪᠠ᠃ ᠪᠦᠬᠦ ᠣᠷᠣᠨ ᠳᠠᠶᠠᠭᠠᠷ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠨ᠂ ᠡᠷᠡᠮᠡᠬᠡᠶᠢᠯᠡᠨ ᠤᠷᠤᠭᠰᠢᠯᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠡᠷᠬᠡᠪᠰᠢ ᠨᠠᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠬᠦᠴᠦᠯᠡᠨ ᠰᠤᠷᠤᠯᠴᠠᠵᠤ ᠨᠡᠪᠲᠡᠷᠡᠲᠡᠯ᠎ᠡ ᠤᠢᠢᠯᠠᠭᠠᠨ ᠪᠣᠳᠠᠲᠠᠶᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤ ᠪᠦᠲᠦᠮᠵᠢᠲᠡᠢ ᠰᠠᠶᠢᠲᠤᠷ ᠠᠳᠬᠤᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠡᠯ ᠤᠨ ᠠᠰᠠᠭᠤᠳᠠᠯ ᠢ ᠴᠡᠭᠴᠡᠯᠡᠨ ᠵᠠᠰᠠᠵᠤ᠂ ᠢᠯᠵᠠᠷᠡᠯ ᠢ ᠡᠰᠡᠷᠭᠦᠴᠡᠵᠦ ᠠᠷᠢᠭᠤᠨ ᠴᠢᠬᠡᠴᠢ ᠶᠢ ᠡᠷᠬᠢᠮᠯᠡᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠡᠷᠬᠡᠪᠰᠢ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠵᠤ᠂ ᠡᠯ᠎ᠡ ᠵᠦᠢᠯ ᠤᠨ ᠬᠡᠮ ᠰᠤᠭᠤᠭ ᠪᠠ ᠰᠠᠮᠠᠭᠤᠨ ᠦᠵᠡᠭᠳᠡᠯ ᠢ ᠶᠡᠭᠡ ᠬᠦᠴᠦ ᠣᠷᠣᠭᠤᠯᠤᠨ ᠴᠡᠭᠴᠡᠯᠡᠨ ᠵᠠᠰᠠᠵᠤ᠂ ᠬᠥᠮᠦᠨ ᠪᠦᠬᠦᠨ ᠲᠦᠷᠢᠮ ᠲᠣᠭᠲᠠᠭᠠᠯ ᠢ ᠵᠢᠷᠤᠮᠯᠠᠨ ᠬᠠᠤᠯᠢ ᠶᠢ ᠰᠠᠬᠢᠬᠤ᠂ ᠤᠴᠢᠷ ᠶᠠᠪᠤᠳᠠᠯ ᠢ ᠲᠦᠷᠢᠮ ᠶᠣᠰᠣᠭᠠᠷ ᠰᠢᠢᠳᠪᠦᠷᠢᠯᠡᠬᠦ᠂ ᠨᠡᠶᠢᠭᠡᠮ ᠤᠨ ᠡᠮᠬᠢ ᠵᠢᠷᠤᠮ ᠲᠠᠢ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ ᠡᠷᠬᠡᠪᠰᠢ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠴᠢᠩᠭ᠎ᠠ ᠡᠵᠡᠮᠳᠡᠵᠦ᠂ ᠦᠵᠡᠯ ᠤᠬᠠᠮᠰᠠᠷ ᠤᠨ ᠬᠡᠯᠪᠡᠷᠢ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠪᠦᠷᠢᠨᠰᠢᠬᠦᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠢ᠃    ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠳᠤᠳᠬᠠᠬᠤ ᠪᠣᠯ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠲᠠᠰᠤᠷᠠᠯᠲᠠ ᠦᠭᠡᠢ ᠰᠢᠨ᠎ᠡ ᠠᠮᠵᠢᠯᠲᠠ ᠪᠦᠲᠦᠮᠵᠢ ᠤᠯᠬᠤ ᠶᠢᠨ ᠡᠷᠳᠡᠨᠢ ᠮᠥᠨ᠃ ᠪᠥᠬᠦ ᠣᠷᠣᠨ ᠤ ᠳᠡᠭᠡᠷ᠎ᠡ ᠳᠤᠤᠷ᠎ᠡ ᠱᠠᠲᠤᠨ ᠤ ᠪᠦᠯᠬᠦᠮᠳᠡᠨ ᠲᠡᠮᠡᠴᠡᠬᠦ ᠰᠦᠷ ᠳᠠᠯᠠᠶᠢᠴᠠᠲᠠᠶ ᠬᠦᠴᠦᠨ ᠢ ᠨᠢᠭᠲᠠᠷᠠᠭᠤᠯᠬᠤ ᠳᠤ ᠡᠷᠬᠡᠪᠰᠢ ᠪᠥᠬᠦ ᠨᠡᠶᠢᠭᠡᠮ ᠤᠨ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠢ ᠳᠠᠶᠢᠴᠢᠯᠠᠵᠤ᠂ ᠪᠥᠬᠦ ᠣᠷᠣᠨ ᠤ ᠠᠷᠠᠳ ᠲᠦᠮᠡᠨ ᠤ ᠥᠭᠡᠷᠡᠴᠢᠯᠡᠯᠲᠡ ᠳᠤ ᠣᠷᠣᠯᠴᠠᠬᠤ᠂ ᠥᠭᠡᠷᠡᠴᠢᠯᠡᠯᠲᠡ ᠶᠢ ᠠᠬᠢᠭᠤᠯᠬᠤ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠬᠥᠭᠵᠢᠭᠡᠵᠦ᠂ ᠠᠵᠢᠯ ᠬᠢᠭᠴᠢ ᠢᠷᠠᠭᠤ ᠠᠯᠳᠠᠷ ᠲᠠᠢ᠂ ᠠᠵᠢᠯ ᠥᠯᠥ ᠬᠢᠭᠴᠢ ᠢᠴᠢᠭᠦᠷᠢᠲᠡᠶ ᠭᠡᠬᠦ ᠠᠭᠤᠷ ᠠᠮᠢᠰᠬᠤᠯ ᠢ ᠪᠣᠶ ᠪᠣᠯᠭᠠᠵᠤ᠂ ᠬᠥᠮᠦᠨ ᠪᠦᠬᠦᠨ ᠠᠵᠢᠯ ᠬᠢᠵᠦ ᠦᠢᠯᠡᠰ ᠪᠤᠰᠬᠠᠬᠤ᠂ ᠬᠡᠷ ᠬᠤᠲᠠᠯᠠᠭᠠᠷ ᠢᠶᠠᠨ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ᠂ ᠣᠯᠠᠨ ᠢᠶᠠᠷ ᠢᠶᠠᠨ ᠬᠠᠮᠲᠤ ᠪᠠᠷ ᠠᠵᠢᠯᠯᠠᠵᠤ ᠬᠠᠮᠲᠤ ᠪᠠᠷ ᠦᠷ᠎ᠡ ᠪᠦᠲᠦᠭᠡᠯ ᠢ ᠡᠳ᠋ᠯᠡᠬᠦ ᠪᠠᠶᠢᠳᠠᠯ ᠢ ᠪᠣᠶ ᠪᠣᠯᠭᠠᠵᠤ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠳᠤ ᠲᠠᠰᠤᠷᠠᠯᠲᠠ ᠥᠬᠡᠶ ᠬᠤᠪᠢ ᠨᠡᠮᠡᠷᠢ ᠦᠵᠡᠭᠦᠯᠬᠦ ᠬᠡᠷᠡᠭᠲᠡᠶ᠃    ᠠᠤᠭ᠎ᠠ ᠲᠥᠰᠦᠪ ᠮᠢᠩᠭᠠᠨ ᠦᠵᠡᠮᠵᠢ ᠶᠢ ᠵᠢᠷᠤᠭᠯᠠᠵᠤ᠂ ᠡᠷᠡᠮᠡᠬᠡᠶᠢᠯᠡᠨ ᠲᠡᠮᠡᠴᠡᠬᠦ ᠴᠠᠭ ᠪᠣᠯᠤᠯ᠎ᠠ᠃ ᠳᠡᠭᠡᠷ᠎ᠡ ᠬᠠᠭᠠᠰ ᠵᠢᠯ ᠳᠤ ᠥᠪᠥᠷ ᠮᠣᠩᠭᠤᠯ ᠰᠢᠷᠭᠠᠭᠤ ᠠᠵᠢᠯᠯᠠᠵᠤ ᠪᠣᠳᠠᠲᠠᠶ ᠠᠵᠢᠯᠯᠠᠬᠤ ᠪᠠᠷ ᠴᠢᠨᠠᠷ ᠰᠠᠶᠢᠲᠠᠶ ᠬᠥᠭᠵᠢᠯᠲᠡ ᠶᠢᠨ ᠬᠤᠷᠳᠤᠴᠠ ᠶᠢ ᠲᠦᠷᠭᠡᠳᠭᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 6.2% ᠢᠶᠠᠷ ᠨᠡᠮᠡᠭᠳᠡᠵᠦ᠂ ᠪᠥᠬᠦ ᠤᠯᠤᠰ ᠤᠨ ᠲᠡᠷᠢᠭᠦᠨ ᠳᠤ ᠣᠷᠣᠪᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠳᠤ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠡᠷᠴᠢ ᠵᠣᠷᠢᠭ ᠢᠶᠠᠨ ᠲᠠᠬᠢᠨ ᠬᠥᠪᠴᠢᠯᠡᠵᠦ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠲᠠᠬᠢᠨ ᠰᠢᠨ᠎ᠡ ᠥᠨᠳᠥᠷ ᠲᠤ ᠠᠪᠠᠷᠢᠬᠤ ᠶᠢ ᠨᠡᠩ ᠢᠯᠡᠭᠦᠦ ᠱᠠᠭᠠᠷᠳᠠᠨ᠎ᠠ᠃ ᠣᠷᠣᠨ ᠳᠠᠶᠠᠭᠠᠷ ᠢᠶᠠᠨ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠡᠶ᠎ᠡ ᠪᠠᠷ ᠢᠶᠠᠨ ᠬᠡᠪ ᠳᠠᠭᠤᠷᠢᠶᠠᠯ ᠪᠤᠯᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠥᠭᠡᠷᠡᠴᠢᠯᠡᠯᠲᠡ ᠶᠢᠨ ᠡᠷᠴᠢ ᠵᠣᠷᠢᠭ ᠢᠶᠠᠨ ᠪᠠᠲᠤᠯᠠᠵᠤ᠂ ᠥᠭᠡᠷᠡᠴᠢᠯᠡᠯᠲᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠯᠠᠪᠳᠠᠭᠤᠨ ᠪᠠᠲᠤᠲᠠᠢ ᠪᠠᠷ ᠤᠴᠢᠷ ᠶᠠᠪᠤᠳᠠᠯ ᠢ ᠰᠦᠪᠡᠭᠴᠢᠯᠡᠵᠦ᠂ ᠦᠨᠡᠨ ᠪᠣᠳᠠᠲᠠᠢ ᠠᠵᠢᠯᠯᠠᠵᠤ᠂ ᠪᠦᠬᠦ ᠬᠦᠴᠦᠨ ᠢᠶᠠᠷ ᠢᠶᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠲᠡᠶᠢᠰᠢ ᠲᠤᠮᠤ ᠠᠯᠬᠤᠮ ᠢᠶᠠᠷ ᠤᠷᠤᠭᠰᠢᠯᠠᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号