ᠪᠣᠳᠠᠳᠠᠢ ᠠᠵᠢᠯᠯᠠᠨ ᠰᠢᠨ᠎ᠡ ᠵᠢᠳᠬᠦᠯ ᠴᠢᠷᠮᠠᠶᠢᠯᠭ᠎ᠠ ᠪᠠᠨ ᠡᠷᠬᠦᠵᠦ ᠴᠢᠨᠠᠷ ᠰᠠᠶᠢᠲᠠᠢ ᠬᠦᠭᠵᠢᠯᠲᠠ ᠳᠤ ᠰᠢᠨ᠎ᠡ ᠠᠮᠵᠢᠯᠲᠠ ᠪᠦᠲᠦᠮᠵᠢ ᠭᠠᠷᠭᠠᠨ᠎ᠠ
ᠨᠡᠶᠢᠲᠡᠯᠡᠭᠰᠡᠨ ᠴᠠᠭ᠄
2024/8/15
    ᠰᠠᠶ᠋ᠢᠬᠠᠨ ᠬᠤᠷᠠᠯᠳᠤᠭᠰᠠᠨ ᠠᠶᠢᠮᠠᠭ ᠤᠨ ᠨᠠᠮ ᠤᠨ ᠬᠤᠷᠢᠶ᠎ᠠ ᠶᠢᠨ ︵ᠦᠷᠬᠡᠳᠬᠡᠭᠰᠡᠨ︶ ᠬᠤᠷᠡᠯ ᠠᠴᠠ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠪᠦᠷᠢᠶ᠎ᠡ ᠶᠢ ᠬᠠᠩᠭᠢᠨᠠᠭᠤᠯᠵᠤ᠂ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠶᠢᠨ ᠰᠠᠶᠢᠨ ᠰᠠᠶᠢᠬᠠᠨ ᠵᠢᠷᠤᠭ ᠲᠥᠰᠦᠪ ᠢ ᠨᠠᠷᠢᠨ ᠨᠢᠮᠪᠠᠶ ᠵᠢᠷᠤᠭᠯᠠᠪᠠ᠃ ᠬᠤᠷᠠᠯ ᠳᠤ ᠣᠷᠣᠯᠴᠠᠭᠰᠠᠨ ᠡᠯ᠎ᠡ ᠬᠤᠰᠢᠭᠤ ᠣᠷᠣᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠳ᠂ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ ᠪᠦᠬᠦ ᠵᠢᠯ ᠤᠨ ᠠᠵᠢᠯ ᠤᠨ ᠶᠡᠷᠦᠩᠬᠡᠢ ᠬᠠᠷᠠᠯᠲᠠ ᠶᠢ ᠪᠠᠲᠤ ᠡᠵᠡᠮᠳᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠳᠣᠣᠷ᠎ᠠ ᠬᠠᠭᠠᠰ ᠵᠢᠯ ᠤᠨ ᠭᠤᠣᠯᠳᠠᠯᠭ᠎ᠠ ᠲᠠᠢ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠢᠯᠡᠰ ᠪᠦᠲᠦᠭᠡᠬᠦ ᠤᠶᠤᠨ ᠰᠠᠨᠠᠭᠠᠨ ᠤ ᠳᠦᠷᠰᠦ ᠪᠠᠶᠢᠳᠠᠯ᠂ ᠯᠠᠪᠳᠠᠭᠤᠨ ᠪᠦᠲᠦᠮᠵᠢᠲᠡᠢ ᠠᠷᠭ᠎ᠠ ᠬᠡᠮᠵᠢᠶ᠎ᠡ ᠪᠠᠷ ᠠᠯᠠᠱᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠭᠡᠵᠡᠭᠡᠪᠡ᠃    ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠦᠷᠢᠶ᠎ᠡ ᠶᠢ ᠬᠠᠩᠭᠢᠨᠠᠭᠤᠯᠪᠠ᠃ ᠠᠯᠠᠱᠠ ᠵᠡᠭᠦᠨ ᠬᠤᠰᠢᠭᠤ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠭᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠡᠨᠡ ᠬᠦ ᠭᠤᠣᠯ ᠱᠤᠭᠤᠮ ᠲᠠᠢ ᠨᠢᠭᠲᠠ ᠤᠶᠠᠯᠳᠤᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠠᠪᠤᠴᠠ ᠳᠠᠬᠢ ᠵᠠᠷᠢᠮ ᠭᠤᠣᠯᠳᠠᠯᠭ᠎ᠠ᠂ ᠬᠦᠴᠢᠷ ᠠᠰᠠᠭᠤᠳᠠᠯ ᠢ ᠰᠠᠶᠢᠲᠤᠷ ᠠᠩᠬᠠᠷᠴᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠤᠬᠠᠶ ᠶᠢᠨ ᠭᠠᠵᠠᠷ ᠲᠤᠨᠢ ᠲᠣᠬᠢᠷᠠᠭᠤᠯᠤᠨ ᠰᠠᠶᠢᠲᠤᠷ ᠲᠥᠯᠥᠪᠯᠡᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠶ ᠨᠠᠶᠢᠳᠠᠪᠤᠷᠢᠵᠢᠭᠤᠯᠤᠨ᠂ ᠪᠣᠳᠠᠲᠤ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ ᠬᠡᠪᠡ᠃    ᠠᠶᠢᠮᠠᠭ ᠤᠨ ᠳᠡᠳ᠋ ᠳᠠᠷᠤᠭ᠎ᠠ᠂ ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᠴᠥᠩ ᠰᠢᠶᠤᠤ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠭᠡᠭᠰᠡᠨ︶ ᠬᠤᠷᠠᠯ ᠠᠴᠠ ᠡᠨᠡ ᠵᠢᠯ ᠤᠨ ᠳᠣᠣᠷ᠎ᠠ ᠬᠠᠭᠠᠰ ᠵᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠠᠢ᠂ ᠠᠯᠠᠱᠠ ᠪᠠᠷᠠᠭᠤᠨ ᠬᠤᠰᠢᠭᠤ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠡᠭᠡᠷ᠎ᠡ ᠬᠦᠴᠦᠨ ᠢᠶᠠᠨ ᠲᠥᠪᠯᠡᠷᠡᠭᠦᠯᠤᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠴᠢᠩᠭᠠᠳᠬᠠᠵᠦ᠂ ᠥᠭᠡᠷᠡᠴᠢᠯᠡᠯᠲᠡ ᠶᠢ ᠡᠷᠡᠰ ᠭᠤᠶᠢᠪᠢᠰᠢ ᠦᠬᠡᠢ ᠠᠳᠬᠤᠨ᠂ ᠤᠯᠠᠨ ᠠᠷᠭ᠎ᠠ ᠬᠡᠮᠵᠢᠶ᠎ᠡ ᠪᠠᠷ ᠪᠠᠳᠤᠯᠠᠭ᠎ᠠ ᠶᠢ ᠪᠠᠳᠤᠯᠠᠵᠦ᠂ ︽ᠭᠤᠷᠪᠠᠨ ᠲᠥᠪ︾ ᠤᠨ ᠪᠦᠳᠦᠬᠡᠨ ᠪᠠᠶᠢᠭᠤᠯᠤᠯᠲᠠ ᠶᠢᠨ ᠲᠡᠰ ᠳᠡᠪᠰᠢᠬᠦ ᠶᠢ ᠠᠬᠢᠭᠤᠯᠤᠨ᠂ ᠳᠤᠮᠳᠠᠳᠤ ᠤᠯᠤᠰ ᠤᠨ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠣᠷᠣᠨ᠂ ᠳᠤᠮᠳᠠᠳᠤ ᠤᠯᠤᠰ ᠤᠨ ᠬᠤᠵᠢᠷ ᠤᠨ ᠬᠤᠳᠠ᠂ ᠳᠤᠮᠳᠠᠳᠤ ᠤᠯᠤᠰ ᠤᠨ ᠮᠠᠰᠢᠨ ᠲᠡᠷᠭᠡᠨ ᠤ ᠤᠷᠤᠯᠳᠤᠭᠠᠨ ᠤ ᠵᠢᠵᠢᠭ ᠪᠠᠯᠭᠠᠰᠤ ᠶᠢ ᠪᠦᠳᠦᠬᠡᠨ ᠪᠠᠶᠢᠭᠤᠯᠬᠤ ᠲᠠᠯ᠎ᠠ ᠪᠠᠷ ᠤᠯᠠᠮ ᠨᠢᠬᠡ ᠠᠯᠬᠤᠮ ᠬᠦᠴᠦᠯᠠᠵᠦ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠯᠠᠱᠠ ᠪᠠᠷᠠᠭᠤᠨ ᠬᠤᠰᠢᠭᠤᠨ ᠤ ᠬᠦᠴᠦᠨ ᠴᠢᠳᠠᠯ ᠢᠶᠠᠨ ᠡᠷᠭᠦᠨ᠎ᠡ ᠭᠡᠪᠠ᠃    ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠯᠢ ᠵᠢᠶᠦ᠋ᠨ᠂ ᠡᠯᠡᠰᠦᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠶᠢ ᠪᠠᠬᠢᠵᠢᠭᠦᠯᠤᠨ᠎ᠠ᠃ ᠲᠥ᠋ᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢ ᠠᠵᠤ ᠠᠬᠤᠶ ᠶᠢᠨ ᠠᠵᠢᠯ ᠤᠨ ᠭᠠᠷᠳᠠᠴᠠ ᠪᠣᠯᠭᠠᠵᠤ᠂ ᠮᠥᠷᠳᠡᠨ ᠳᠣᠭᠢᠷᠠᠭᠤᠯᠬᠤ ᠪᠠ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠂ ᠠᠵᠤ ᠠᠬᠤᠶ ᠶᠢᠨ ᠰᠠᠭᠤᠷᠢ ᠶᠢ ᠪᠠᠳᠤᠳᠬᠠᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠦᠬᠦ ᠬᠦᠴᠦᠨ ᠢᠶᠠᠷ ᠪᠤᠶᠢᠵᠢᠭᠤᠯᠵᠦ᠂ ᠬᠤᠳᠠᠯᠳᠤᠭᠠᠨ ᠤ ᠰᠠᠨᠰᠠᠷ ᠤᠨ ᠠᠶᠠᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠴᠡᠭᠡ ᠪᠣᠭᠤᠮᠲᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠡᠮᠵᠢᠶ᠎ᠡ ᠪᠠᠨ ᠳᠡᠭᠡᠭᠰᠢᠯᠡᠭᠦᠯᠵᠦ᠂ ᠨᠡᠭᠦᠷᠡᠰᠦ ᠨᠥᠭᠡᠴᠡᠯᠡᠵᠦ ᠳᠣᠭᠢᠷᠠᠭᠤᠯᠬᠤ ᠠᠷᠠᠯᠵᠢᠶ᠎ᠠ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠤᠨ᠎ᠠ᠃ ᠲᠤᠤᠷᠡᠢ ᠶᠢᠨ ᠤᠢ ᠶᠢᠨ ᠨᠠᠶᠢᠷ ᠵᠡᠷᠭᠡ ᠰᠢᠷᠢᠰ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠵᠤ᠂ ᠡᠵᠡᠨ᠎ᠡ ᠶᠢᠨ ᠨᠡᠷ᠎ᠠ ᠨᠦᠯᠦᠬᠡ ᠶᠢ ᠦᠷᠬᠦᠯᠵᠢᠯᠡᠨ ᠦᠷᠬᠡᠳᠬᠡᠨ᠎ᠠ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠠᠶᠢᠵᠢᠷᠠᠭᠤᠯᠬᠤ᠂ ᠬᠤᠶᠠᠷ ᠶᠡᠭᠡ ᠰᠠᠭᠤᠷᠢᠨ ᠳᠤ ᠦᠢᠯᠡᠴᠢᠯᠡᠵᠦ ᠳᠡᠬᠦᠨ ᠢ ᠪᠠᠳᠣᠯᠠᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠲᠦ ᠲᠦᠷᠦᠭᠳᠡᠯ ᠢ ᠲᠠᠰᠤᠷᠠᠯᠳᠠ ᠦᠬᠡᠢ ᠨᠡᠮᠡᠭᠳᠡᠬᠦᠯᠦᠨ᠎ᠠ ᠬᠡᠪᠡ᠃    ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠬᠡᠬᠡᠯᠳᠠ ᠶᠢᠨ ᠤᠷᠤᠨ᠂ ᠤᠯᠠᠭᠠᠨᠪᠤᠬ᠎ᠠ ᠠᠮᠢ ᠠᠬᠤᠢ ᠶᠢᠨ ᠵᠢᠱᠢᠶ᠎ᠡ ᠦᠵᠡᠭᠦᠯᠬᠦ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢᠦ ᠰᠢᠶᠠᠨ ᠳ᠋ᠧ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠠᠵᠠ ᠲᠣᠬᠢᠶᠠᠯ ᠢ ᠡᠵᠡᠮᠳᠡᠨ᠂ ᠥᠭᠡᠷᠡᠴᠢᠯᠡᠯᠲᠡ ᠠᠴᠠ ᠬᠥᠳᠡᠯᠭᠡᠬᠦ ᠬᠦᠴᠦᠨ ᠣᠯᠵᠤ᠂ ᠰᠢᠨ᠎ᠡ ᠶᠢ ᠡᠭᠦᠳᠬᠦ ᠠᠴᠠ ᠠᠮᠢᠵᠢᠷᠠᠯ ᠤᠨ ᠬᠦᠴᠦᠨ ᠣᠯᠵᠤ᠂ ᠠᠵᠤ ᠠᠬᠤᠢ ᠶᠢᠨ ᠬᠥᠭᠵᠢᠯᠲᠡ ᠶᠢ ᠲᠠᠰᠤᠷᠠᠯᠳᠡ ᠦᠭᠡᠢ ᠠᠬᠢᠭᠤᠯᠤᠨ᠎ᠠ᠃ ᠳᠠᠪᠤᠰᠤ ᠨᠡᠭᠦᠷᠡᠰᠦᠨ ᠤ ᠨᠠᠷᠢᠯᠢᠭ ᠣᠳᠣᠬᠢᠴᠢᠯᠠᠭᠰᠠᠨ ᠠᠵᠤ ᠦᠢᠯᠡᠳᠪᠦᠷᠢ᠂ ᠰᠢᠨ᠎ᠡ ᠡᠨᠧᠷᠭᠢ +᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠭᠵᠢᠯᠳᠠ ᠶᠢ ᠪᠥᠬᠦ ᠬᠦᠴᠦᠨ ᠢᠶᠠᠷ ᠠᠬᠢᠭᠤᠯᠵᠤ᠂ ᠠᠵᠤ ᠦᠢᠯᠡᠳᠪᠦᠷᠢ ᠶᠢᠨ ᠳᠡᠭᠡᠳᠦ ᠲᠠᠰ ᠤᠨ᠂ ᠤᠶᠤᠨᠴᠢᠯᠠᠭᠰᠠᠨ᠂ ᠪᠣᠬᠢᠷᠲᠤᠯ ᠥᠬᠡᠶ ᠳᠠᠶᠢᠰᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠤᠨ᠎ᠠ᠃ ᠰᠤᠷᠭᠠᠭᠤᠯᠢ ᠪᠠ ᠠᠵᠤ ᠠᠬᠤᠶᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠨ᠂ ᠥᠪᠡᠷ ᠤᠨ ᠦᠷᠳᠡᠭ ᠢᠶᠠᠷ ᠬᠠᠮᠤᠭ ᠤᠨ ᠳᠣᠣᠷ᠎ᠠ᠂ ᠦᠢᠯᠡᠴᠢᠯᠡᠭᠡ ᠪᠠᠷ ᠬᠠᠮᠤᠭ ᠤᠨ ᠰᠢᠯᠢᠳᠡᠭ᠂ ᠮᠡᠷᠭᠡᠵᠢᠯ ᠢᠶᠠᠷ ᠬᠠᠮᠤᠭ ᠤᠨ ᠰᠢᠨ᠎ᠡ᠂ ᠥᠷᠢᠰᠥᠯᠳᠦᠭᠡᠨ ᠢᠶᠠᠷ ᠬᠠᠮᠤᠭ ᠤᠨ ᠴᠢᠩᠭ᠎ᠠ ᠮᠢᠩᠭᠠᠨ ᠳ᠋ᠦᠩᠰᠢᠭᠤᠷ ᠲᠥᠭᠦᠷᠢᠭ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠦᠬᠦ ᠬᠦᠴᠦᠨ ᠢᠶᠠᠷ ᠪᠠᠶᠢᠭᠤᠯᠤᠨ᠎ᠠ ᠬᠡᠪᠡ᠃    ᠬᠤᠶᠡᠷᠬᠤᠳᠳᠤᠭ ᠤᠨ ᠬᠦᠳᠡᠭᠡ ᠠᠮᠢ ᠠᠬᠤᠢ ᠨᠡᠬᠦᠳᠠᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠰᠢᠤ ᠢᠦᠢ᠂ ᠪᠢᠳᠠ ᠮᠠᠭᠨᠢ ᠶᠢᠨ ᠬᠠᠶᠢᠯᠤᠰᠢ᠂ ᠣᠲᠣᠬᠢᠴᠢᠯᠠᠭᠰᠠᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠪᠤᠬᠢᠷᠳᠤᠯ ᠦᠬᠡᠢ ᠴᠠᠬᠢᠯᠭᠠᠨ᠂ ᠡᠯᠡᠰᠦᠨ ᠤ ᠤᠨᠴᠠᠯᠢᠠᠠᠲᠦ ᠪᠤᠷᠴᠠᠭ᠂ ᠵᠢᠭᠤᠯᠴᠢᠯᠠᠯ ᠤᠨ ᠤᠷᠤᠨ ᠰᠠᠭᠤᠴᠠ ᠵᠡᠷᠬᠡ ᠤᠨᠴᠠᠯᠢᠠᠠᠲᠦ ᠠᠵᠦ ᠦᠢᠯᠡᠰ ᠤᠨ ᠬᠦᠭᠵᠢᠯᠳᠠ ᠶᠢ ᠬᠦᠴᠦᠯᠠᠨ ᠬᠦᠭᠵᠢᠬᠦᠯᠵᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠨᠢᠭᠡᠳᠦᠯᠲᠡᠶ ᠠᠬᠢᠭᠤᠯᠤᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠵᠢᠱᠢᠶ᠎ᠡ ᠦᠵᠡᠭᠦᠯᠬᠦ ᠤᠷᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ ᠤᠷᠤᠬᠤ ᠲᠠᠯ᠎ᠠ ᠪᠠᠷ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ ᠬᠡᠪᠡ᠃    ᠴᠡᠭᠡ ᠪᠣᠭᠤᠮᠲᠠ ᠠᠵᠤ ᠠᠬᠤᠢ ᠶᠢᠨ ᠨᠡᠭᠡᠭᠡᠯᠳᠠ ᠶᠢᠨ ᠤᠷᠤᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠪᠦᠬᠡ᠂ ᠪᠣᠭᠤᠮᠲᠠ ᠪᠠᠷ ᠥᠩᠭᠡᠷᠡᠭᠦᠯᠬᠦ ᠶᠠᠪᠤᠴᠠ ᠶᠢ ᠰᠢᠯᠢᠳᠡᠭᠵᠢᠭᠦᠯᠬᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠬᠦᠴᠦᠯᠠᠨ᠂ ᠪᠥᠬᠦ ᠵᠢᠯ ᠤᠨ ᠬᠠᠷᠠᠯᠲᠠᠲᠤ ᠡᠭᠦᠷᠭᠡ ᠶᠢ ᠳᠠᠪᠠᠭᠤᠯᠤᠨ ᠪᠡᠶᠡᠯᠡᠭᠦᠯᠤᠨ᠎ᠠ᠃ ᠬᠢᠯᠢ ᠶᠢᠨ ᠵᠢᠭᠤᠯᠴᠢᠯᠠᠯ ᠤᠨ ᠦᠢᠯᠡᠳᠬᠦᠨ ᠢ ᠨᠡᠭᠡᠭᠡᠨ ᠬᠥᠭᠵᠢᠭᠦᠯᠵᠦ᠂ ᠪᠥᠬᠦ ᠬᠦᠴᠦᠨ ᠵᠦᠢᠯ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠢᠯᠢ ᠶᠢᠨ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠵᠠᠭᠪᠤᠷ ᠢ ᠪᠣᠶ ᠪᠣᠯᠭᠠᠨ᠎ᠠ᠃ ᠬᠢᠯᠢ ᠠᠯᠤᠰᠯᠠᠭᠰᠠᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠲᠣᠭᠤᠷᠢᠭ ᠤᠨ ᠪᠠᠶᠢᠩᠭᠤ ᠶᠢᠨ ᠡᠵᠡᠩᠨᠡᠯᠲᠡ ᠶᠢ ᠠᠬᠢᠭᠤᠯᠤᠨ᠂ ᠢᠯᠡ ᠲᠣᠳᠣ ᠣᠨᠴᠠᠯᠢᠭ ᠲᠠᠢ ᠬᠤᠶᠠᠷ ᠲᠠᠯ᠎ᠠ ᠶᠢᠨ ᠠᠷᠠᠯᠵᠢᠶ᠎ᠠ ᠶᠢᠨ ᠰᠢᠰᠲ᠋ᠧᠮ ᠢ ᠲᠦᠷᠭᠡᠳᠭᠡᠨ ᠪᠠᠶᠢᠭᠤᠯᠤᠨ᠎ᠠ᠃ ᠪᠣᠭᠤᠮᠲᠠ ᠪᠤᠯᠤᠨ ᠲᠤᠳᠤᠭᠠᠲᠦ ᠤᠷᠤᠨ ᠤ ᠬᠤᠯᠪᠣᠭᠠᠯᠠᠨ ᠬᠥᠭᠵᠢᠬᠦ ᠶᠢ ᠴᠢᠩᠭᠠᠳᠬᠠᠵᠤ᠂ ᠣᠷᠣᠨ ᠪᠦᠰᠡ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠂ ᠨᠡᠭᠦᠷᠡᠰᠦ ᠨᠥᠭᠡᠴᠡᠯᠡᠵᠦ ᠳᠣᠭᠢᠷᠠᠭᠤᠯᠬᠤ ᠠᠷᠠᠯᠵᠢᠶ᠎ᠠ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠵᠦ᠂ ᠬᠢᠯᠢ ᠬᠢᠵᠠᠭᠠᠷ ᠤᠨ ᠬᠠᠷᠢᠯᠴᠠᠨ ᠬᠥᠳᠡᠯᠦᠯᠴᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢ ᠬᠦᠴᠦᠯᠡᠨ ᠪᠠᠶᠢᠭᠤᠯᠤᠨ᠎ᠠ ᠬᠡᠪᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号