ᠠᠶᠢᠮᠠᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠠ
ᠨᠡᠶᠢᠲᠡᠯᠡᠭᠰᠡᠨ ᠴᠠᠭ᠄
2024/8/15
    8 ᠰᠠᠷ᠎ᠠ ᠶᠢᠨ 14 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠬᠤ ᠲᠣᠭᠤᠷᠢᠨ ᠳᠤ ᠲᠤᠰᠬᠠᠢ ᠰᠡᠳᠦᠪ ᠢᠶᠠᠷ ᠰᠤᠷᠤᠯᠴᠠᠨ ᠰᠤᠳᠤᠯᠤᠨ ᠶᠠᠷᠢᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠸᠠᠩ ᠸᠧᠶ ᠳ᠋ᠦᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠦ ᠯᠢ ᠮᠢᠩ ᠣᠷᠣᠯᠴᠠᠵᠠᠶ᠃    ᠬᠤᠷᠠᠯ ᠳᠡᠭᠡᠷ᠎ᠡ᠂ ᠯᠢᠦ ᡁᠢ ᠴᠢᠶᠠᠩ᠂ ᠯᠢᠦ ᠳ᠋ᠧ᠂ ᠴᠧᠨ ᠵᠢᠶᠦ᠋ᠨ ᠯᠠᠢ ᠭᠤᠷᠪᠠᠨ ᠨᠥᠬᠦᠷ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠠᠨᠢᠯᠲᠠ ᠪᠠ ᠣᠶᠢᠯᠠᠭᠠᠯᠲᠠ ᠪᠠᠨ ᠰᠣᠯᠢᠯᠴᠠᠪᠠ᠃    ᠬᠤᠸᠠᠩ ᠶᠠ ᠯᠢ ᠠᠴᠠ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠬᠠᠮᠤᠭ ᠤᠨ ᠤᠯᠠᠨ ᠴᠢᠬᠤᠯᠠᠴᠢᠯᠠᠳᠠᠭ ᠨᠢ ᠦᠨᠳᠦᠰᠦᠲᠡᠨ ᠤ ᠠᠵᠢᠯ ᠠᠴᠠ ᠭᠠᠳᠠᠨ᠎ᠠ ᠪᠣᠯ ᠳᠠᠷᠤᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ᠎ᠠ᠃ ᠤᠯᠠᠨ ᠢᠶᠠᠷ ᠢᠶᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠪᠠᠲᠤᠲᠠᠢ ᠬᠡᠷᠡᠭᠵᠢᠭᠦᠯᠵᠦ᠂ ᠲᠡᠭᠦᠨ ᠳᠤ ᠠᠭᠤᠯᠤᠭᠳᠠᠵᠤ ᠪᠠᠶᠢᠭ᠎ᠠ ᠪᠠᠶᠢᠯᠳᠤᠬᠤ ᠪᠤᠳᠤᠯᠭ᠎ᠠ ᠶᠢᠨ ᠪᠣᠳᠣᠯᠬᠢᠯᠠᠯ᠂ ᠪᠠᠶᠠᠯᠢᠭ ᠠᠭᠤᠯᠤᠭᠳᠠᠬᠤᠨ᠂ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠤᠢᠢᠯᠠᠭᠠᠨ ᠡᠵᠡᠮᠰᠢᠵᠦ᠂ ᠨᠡᠩ ᠴᠢᠩᠭ᠎ᠠ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ ᠢᠶᠠᠷ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢᠨ ᠠᠮᠢ ᠠᠬᠤᠢ ᠶᠢᠨ ᠰᠠᠭᠤᠷᠢ ᠶᠢ ᠪᠠᠲᠤᠳᠬᠠᠨ ᠪᠠᠬᠢᠵᠢᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠬᠠᠮᠢᠶᠠᠷᠬᠤ ᠳᠣᠭᠳᠠᠯᠴᠠᠭ᠎ᠠ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ᠂ ᠪᠣᠬᠢᠷᠲᠤᠯ ᠤᠨ ᠵᠠᠰᠠᠯᠲᠠ ᠪᠣᠯᠤᠨ ᠪᠦᠲᠦᠴᠡ ᠶᠢᠨ ᠲᠤᠬᠢᠷᠠᠭᠤᠯᠤᠯᠳᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ  ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ᠂ ᠦᠭᠡᠷᠡᠴᠢᠯᠡᠵᠦ ᠳᠠᠪᠳᠠᠨ ᠠᠰᠢᠭᠯᠠᠬᠤ ᠶᠢ ᠲᠦᠷᠭᠡᠳᠬᠡᠨ ᠠᠬᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠤ ᠡᠯ᠎ᠡ ᠲᠦᠷᠦᠯ ᠤᠨ ᠳᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠰᠠᠶᠢᠲᠤᠷ ᠠᠳᠬᠤᠵᠤ᠂ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ ᠭᠡᠪᠡ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号