ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠪᠠᠩᠬᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠪᠠ
ᠨᠡᠶᠢᠲᠡᠯᠡᠭᠰᠡᠨ ᠴᠠᠭ᠄
2024/8/15
    8 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠪᠠᠩᠬᠢ ᠬᠥᠬᠡᠬᠤᠲᠠ ᠳᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠳᠤᠮᠳᠠᠳᠤ ᠤᠯᠤᠰ ᠤᠨ ᠪᠠᠩᠬᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠧ ᠬᠠᠢ ᠵᠢᠶᠤᠤ ᠨᠠᠷ ᠲᠠᠢ ᠠᠭᠤᠯᠵᠠᠭᠰᠠᠨ ᠪᠥᠭᠡᠳ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃    ᠸᠠᠩ ᠯᠢ ᠰᠢᠶᠠ ᠭᠧ ᠬᠠᠢ ᠵᠢᠶᠤᠤ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠵᠦ᠂ ᠳᠤᠮᠳᠠᠳᠤ ᠤᠯᠤᠰ ᠤᠨ ᠪᠠᠩᠬᠢ ᠶᠢᠨ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠣᠳᠣᠬᠠᠨ ᠳᠤ ᠪᠦᠬᠦ ᠣᠷᠣᠨ ᠳᠠᠶᠠᠭᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠪᠤᠢ᠃ ᠰᠠᠶ᠋ᠢᠬᠠᠨ ᠲᠡᠭᠦᠰᠦᠭᠰᠡᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠠᠴᠠ ᠪᠦᠬᠦ ᠣᠷᠣᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠡᠢ᠂ ᠡᠳᠡᠭᠡᠷ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠬᠦ ᠳᠤ ᠡᠯ᠎ᠡ ᠲᠠᠯ᠎ᠠ ᠶᠢᠨ ᠬᠢᠨ ᠢᠯᠠᠩᠭᠤᠶ᠎ᠠ ᠮᠥᠩᠭᠦᠨ ᠭᠦᠢᠯᠭᠡᠭᠡᠨ ᠤ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠳᠤᠮᠳᠠᠳᠤ ᠤᠯᠤᠰ ᠤᠨ ᠪᠠᠩᠬᠢ ᠶᠢᠨ ᠬᠢᠨ ᠵᠥᠪᠯᠡᠯᠴᠡᠭᠡᠷ ᠳᠤᠬᠢᠷᠠᠯᠴᠠᠬᠤ ᠪᠠᠷ ᠰᠢᠨ᠎ᠡ ᠭᠠᠷᠤᠭ᠎ᠠ ᠪᠠᠨ ᠪᠣᠯᠭᠠᠵᠤ᠂ ᠥᠪᠥᠷ ᠮᠣᠩᠭᠤᠯ ᠤᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠳᠤᠮᠳᠠ ᠨᠡᠩ ᠤᠯᠠᠨ ᠬᠠᠮᠲᠤᠷᠠᠯᠴᠠᠭᠠᠨ ᠤ ᠴᠡᠭ᠂ ᠭᠠᠷᠳᠠᠬᠤ ᠴᠡᠭ ᠢ ᠡᠷᠢᠯᠬᠢᠯᠡᠵᠦ ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠬᠤ ᠶᠢ ᠬᠦᠰᠡᠵᠦ ᠪᠠᠶᠢᠨ᠎ᠠ᠃ ᠪᠢᠳᠡ ᠳᠤᠮᠳᠠᠳᠤ ᠤᠯᠤᠰ ᠤᠨ ᠪᠠᠩᠬᠢ ᠶᠢᠨ ᠥᠪᠥᠷ ᠮᠣᠩᠭᠤᠯ ᠳᠠᠬᠢ ᠡᠵᠡᠩᠨᠡᠯᠲᠡ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠵᠥᠪᠯᠡᠨ ᠲᠣᠭᠲᠠᠭᠰᠠᠨ ᠵᠦᠢᠯᠡᠰ ᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠢᠳᠡᠪᠬᠢᠲᠡᠶ ᠠᠬᠢᠭᠤᠯᠤᠨ᠎ᠠ ᠬᠡᠪᠡ᠃    ᠭᠧ ᠬᠠᠢ ᠵᠢᠶᠤᠤ᠂ ᠥᠪᠥᠷ ᠮᠣᠩᠭᠤᠯ ᠤᠨ ᠬᠥᠭᠵᠢᠯᠲᠡ ᠶᠢᠨ ᠬᠠᠨᠳᠤᠰᠢ ᠰᠠᠶᠢᠨ᠂ ᠠᠵᠤ ᠦᠢᠯᠡᠰ ᠤᠨ ᠰᠠᠭᠤᠷᠢ ᠵᠤᠵᠠᠭᠠᠨ ᠪᠠᠶᠢᠵᠦ᠂ ᠪᠡᠯᠡ ᠣᠷᠣᠭᠤᠯᠵᠤ ᠦᠢᠯᠡᠰ ᠮᠠᠨᠳᠤᠭᠤᠯᠬᠤ ᠬᠠᠯᠠᠭᠤᠨ ᠬᠥᠷᠥᠰᠥ ᠮᠦᠨ᠂ ᠮᠥᠩᠭᠦᠨ ᠭᠦᠢᠯᠭᠡᠭᠡᠨ ᠤ ᠠᠵᠢᠯ ᠲᠦᠷᠦᠯ ᠳᠤ ᠯᠤᠲᠤ ᠶᠡᠭᠡ ᠲᠠᠲᠠᠬᠤ ᠬᠦᠴᠦᠨ ᠲᠠᠢ ᠶᠤᠮ᠃ ᠪᠢᠳᠡ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠪᠠᠩᠬᠢ ᠶᠢᠨ ᠳᠠᠪᠠᠭᠤᠯᠢᠭ ᠢ ᠥᠪᠥᠷ ᠮᠣᠩᠭᠤᠯ ᠤᠨ ᠬᠡᠷᠡᠭᠴᠡᠭᠡ ᠲᠠᠢ ᠤᠶᠠᠯᠳᠤᠭᠤᠯᠵᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠪᠤᠬᠢᠷᠳᠤᠯ ᠦᠭᠡᠢ᠂ ᠲᠦᠭᠡᠮᠡᠯ ᠬᠠᠷᠠᠭᠠᠯᠵᠠᠯ ᠲᠠᠢ᠂ ᠨᠠᠰᠤᠵᠢᠯ ᠤᠨ ᠠᠰᠠᠷᠠᠮᠵᠢ᠂ ᠳ᠋ᠢᠵᠢᠲ᠋ᠠᠯ ᠮᠥᠩᠭᠦᠨ ᠭᠦᠢᠯᠭᠡᠭᠡ ᠵᠡᠷᠭᠡ ᠲᠠᠪᠤᠨ ᠶᠡᠭᠡ ᠠᠵᠢᠯ ᠢ ᠬᠠᠪᠰᠤᠷᠤᠨ ᠰᠠᠶᠢᠲᠤᠷ ᠬᠢᠵᠦ᠂ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ ᠬᠡᠵᠥ ᠢᠯᠡᠳᠬᠡᠪᠡ᠃    ᠬᠤᠸᠠᠩ ᡁᠢ ᠴᠢᠶᠠᠩ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号