ᠲᠥᠷᠥ ᠶᠢᠨ ᠶᠠᠪᠤᠳᠠᠯ ᠤᠨ ᠬᠤᠷᠢᠶ᠎ᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠴᠡᠷᠢᠭ ᠬᠥᠮᠦᠨ ᠤ ᠠᠰᠠᠷᠠᠮᠵᠢ ᠬᠠᠷᠠᠭᠠᠯᠵᠠᠯ ᠤᠨ ᠲᠦᠷᠢᠮ︾᠎ ᠢ ᠨᠡᠶᠢᠲᠡᠯᠡᠪᠡ
ᠨᠡᠶᠢᠲᠡᠯᠡᠭᠰᠡᠨ ᠴᠠᠭ᠄
2024/8/16
    ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠲᠦᠷᠦᠭᠦᠬᠡᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠴᠡᠷᠢᠭ ᠬᠥᠮᠦᠨ ᠤ ᠠᠰᠠᠷᠠᠮᠵᠢ ᠬᠠᠷᠠᠭᠠᠯᠵᠠᠯ ᠤᠨ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶᠎ ᠢ ᠨᠡᠶᠢᠲᠡᠯᠡᠪᠠ᠂ 2024 ᠣᠨ ᠤ 10 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠦᠷᠢᠮ︾᠎ ᠨᠢ ᠤᠯᠤᠰ ᠠᠴᠠ ᠴᠡᠷᠢᠭ ᠬᠥᠮᠦᠨ ᠳᠤ ᠣᠯᠭᠤᠬᠤ ᠠᠰᠠᠷᠠᠮᠵᠢ ᠬᠠᠷᠠᠭᠠᠯᠵᠠᠯ ᠢ ᠪᠠᠲᠤᠯᠠᠵᠤ᠂ ᠴᠡᠷᠢᠭ ᠬᠥᠮᠦᠨ ᠤ ᠡᠬᠡ ᠤᠯᠤᠰ ᠢᠶᠠᠨ ᠬᠠᠮᠠᠭᠠᠯᠠᠬᠤ᠂ ᠡᠬᠡ ᠤᠯᠤᠰ ᠢᠶᠠᠨ ᠪᠥᠲᠥᠭᠡᠨ ᠪᠠᠶᠢᠭᠤᠯᠬᠤ ᠳᠤ ᠠᠮᠢ ᠪᠡᠶ᠎ᠡ ᠪᠠᠨ ᠵᠣᠷᠢᠭᠤᠯᠬᠤ ᠵᠣᠷᠢᠭ ᠰᠠᠨᠠᠭ᠎ᠠ ᠶᠢ ᠵᠣᠷᠢᠭᠵᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠬᠥᠮᠦᠨ ᠢ ᠨᠡᠶᠢᠭᠡᠮ ᠳᠠᠶᠠᠭᠠᠷ ᠤᠨ ᠬᠦᠨᠳᠦᠳᠭᠡᠳᠡᠭ ᠠᠵᠢᠯ ᠮᠡᠷᠭᠡᠵᠢᠯ ᠪᠣᠯᠭᠠᠬᠤ ᠶᠢᠨ ᠲᠥᠯᠥᠭᠡ ᠶᠤᠮ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠦᠷᠢᠮ︾᠎ ᠨᠢ ᠨᠡᠶᠢᠲᠡ 6 ᠪᠦᠯᠦᠭ 64 ᠵᠦᠢᠯ ᠢᠶᠠᠷ ᠪᠦᠷᠢᠯᠳᠦᠵᠦ᠂ ᠵᠠᠰᠠᠪᠤᠷᠢ ᠣᠷᠣᠭᠤᠯᠤᠭᠰᠠᠨ ᠭᠤᠤᠯ ᠠᠭᠤᠯᠭ᠎ᠠ ᠨᠢ ᠳᠤᠤᠷᠠᠬᠢ ᠮᠡᠲᠦ᠄    ᠨᠢᠭᠡ ᠳᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠴᠡᠷᠢᠭ ᠬᠥᠮᠦᠨ ᠤ ᠠᠰᠠᠷᠠᠮᠵᠢ ᠬᠠᠷᠠᠭᠠᠯᠵᠠᠯ ᠤᠨ ᠦᠨᠳᠦᠰᠦᠨ ᠵᠠᠷᠴᠢᠮ ᠢ ᠲᠣᠳᠣᠷᠬᠠᠶᠢᠯᠠᠪᠠ᠃ ᠴᠡᠷᠢᠭ ᠬᠦᠮᠦᠨ ᠤ ᠠᠰᠠᠷᠠᠮᠵᠢ ᠬᠠᠷᠠᠭᠠᠯᠵᠠᠯ ᠤᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠬᠠᠷᠠᠭᠠᠯᠵᠠᠯ ᠬᠢᠭᠡᠳ ᠬᠤᠪᠢ ᠨᠡᠮᠡᠷᠢ ᠶᠢ ᠵᠣᠬᠢᠴᠠᠭᠤᠯᠬᠤ᠂ ᠣᠶᠤᠨ ᠰᠠᠨᠠᠭ᠎ᠠ ᠬᠢᠭᠡᠳ ᠡᠳ᠋ ᠪᠣᠳᠠᠰ ᠢ ᠵᠡᠷᠭᠡ ᠪᠠᠷ ᠴᠢᠬᠤᠯᠠᠴᠢᠯᠠᠬᠤ᠂ ᠬᠠᠶᠢᠷ᠎ᠠ ᠬᠠᠯᠠᠮᠵᠢ ᠬᠢᠭᠡᠳ ᠦᠢᠯᠡᠴᠢᠯᠡᠭᠡ ᠶᠢ ᠤᠶᠠᠯᠳᠤᠭᠤᠯᠬᠤ ᠵᠠᠷᠴᠢᠮ ᠢ ᠲᠤᠭᠤᠰᠢᠯᠠᠭᠤᠯᠪᠠ᠃ ᠠᠰᠠᠷᠠᠮᠵᠢ ᠬᠠᠷᠠᠭᠠᠯᠵᠠᠯ ᠤᠨ ᠪᠠᠷᠢᠮᠵᠢᠶ᠎ᠠ ᠶᠢ ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠠᠰᠠᠷᠠᠮᠵᠢ ᠬᠠᠷᠠᠭᠠᠯᠵᠠᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢᠨ ᠬᠡᠷᠡᠭᠴᠡᠭᠡ ᠯᠦᠭᠡ ᠬᠠᠷᠢᠯᠴᠠᠨ ᠵᠣᠬᠢᠴᠠᠭᠤᠯᠬᠤ ᠶᠢ ᠦᠨᠡᠨᠬᠦ ᠪᠠᠲᠤᠯᠠᠪᠠ᠃    ᠬᠤᠶᠠᠷ ᠲᠤ᠂ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠵᠣᠬᠢᠴᠠᠭᠤᠯᠪᠠ᠃ ᠠᠰᠠᠷᠠᠮᠵᠢ ᠬᠠᠷᠠᠭᠠᠯᠵᠠᠯ ᠬᠦᠷᠲᠡᠭᠰᠡᠳ ᠤᠨ ᠬᠡᠪᠴᠢᠶ᠎ᠡ ᠪᠠ ᠠᠰᠠᠷᠠᠮᠵᠢ ᠬᠠᠷᠠᠭᠠᠯᠵᠠᠯ ᠤᠨ ᠠᠭᠤᠯᠭ᠎ᠠ ᠶᠢ ᠲᠣᠳᠣᠷᠬᠠᠶᠢᠯᠠᠪᠠ᠃ ᠬᠠᠮᠢᠶᠠᠷᠤᠯᠲᠠ ᠶᠢᠨ ᠪᠠᠶᠢᠭᠤᠯᠤᠯ ᠢ ᠲᠣᠳᠣᠷᠬᠠᠶᠢᠯᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠪᠤᠰᠤᠳ ᠬᠤᠯᠪᠣᠭᠳᠠᠯ ᠪᠦᠬᠦᠢ ᠪᠠᠶᠢᠭᠤᠯᠭ᠎ᠠ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠰᠠᠷᠠᠮᠵᠢ ᠬᠠᠷᠠᠭᠠᠯᠵᠠᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠭᠲᠠᠭᠠᠪᠠ᠃ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠬᠠᠷᠢᠭᠤᠴᠠᠯᠭ᠎ᠠ ᠶᠢ ᠲᠣᠳᠣᠷᠬᠠᠢ ᠪᠣᠯᠭᠠᠪᠠ᠃ ᠦᠷᠡᠭᠳᠡᠭᠰᠡᠨ ᠪᠠᠭᠠᠲᠤᠷᠴᠤᠳ ᠢ ᠦᠨᠡᠯᠡᠨ ᠲᠣᠭᠲᠠᠭᠠᠬᠤ᠂ ᠵᠡᠮᠳᠡᠭᠴᠦᠳ ᠲᠤ ᠠᠰᠠᠷᠠᠮᠵᠢ ᠶᠢᠨ ᠮᠥᠩᠭᠦ ᠣᠯᠭᠤᠬᠤ ᠵᠡᠷᠭᠡ ᠠᠵᠢᠯ ᠳᠠᠬᠢ ᠴᠡᠷᠢᠭ ᠠᠩᠭᠢ ᠪᠠ ᠣᠷᠣᠨ ᠨᠤᠲᠤᠭ ᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠪᠠ᠃    ᠭᠤᠷᠪᠠ ᠳᠤ᠂ ᠠᠰᠠᠷᠠᠮᠵᠢ ᠬᠠᠷᠠᠭᠠᠯᠵᠠᠯ ᠤᠨ ᠠᠷᠭ᠎ᠠ ᠬᠡᠮᠵᠢᠶ᠎ᠡ ᠶᠢ ᠨᠡᠮᠡᠭᠳᠡᠭᠦᠯᠵᠦ᠂ ᠦᠢᠯᠡᠴᠢᠯᠡᠭᠡ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠪᠠ᠃ ᠠᠰᠠᠷᠠᠮᠵᠢ ᠬᠠᠷᠠᠭᠠᠯᠵᠠᠯ ᠭᠥᠷᠳᠡᠭᠰᠡᠳ ᠨᠡᠶᠢᠭᠡᠮ ᠤᠨ ᠪᠠᠲᠤᠯᠠᠭ᠎ᠠ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠪᠠ ᠵᠣᠬᠢᠴᠠᠩᠭᠤᠶ ᠠᠰᠠᠷᠠᠮᠵᠢ ᠬᠠᠷᠠᠭᠠᠯᠵᠠᠯ ᠭᠥᠷᠳᠡᠨ᠎ᠡ ᠭᠡᠵᠦ ᠲᠣᠭᠲᠠᠭᠠᠪᠠ᠃ ᠭᠠᠪᠢᠶ᠎ᠠ ᠵᠢᠳᠬᠦᠯ ᠢᠷᠠᠭᠤ ᠠᠯᠳᠠᠷ ᠤᠨ ᠬᠥᠬᠢᠭᠦᠯᠦᠯ ᠭᠥᠷᠳᠡᠭᠰᠡᠳ ᠤᠨ ᠬᠡᠷ ᠪᠦᠯᠢ ᠳᠤ ᠠᠰᠠᠷᠠᠮᠵᠢ ᠶᠢᠨ ᠮᠥᠩᠭᠦ ᠨᠡᠮᠡᠵᠦ ᠣᠯᠭᠤᠬᠤ᠂ ᠠᠰᠠᠷᠠᠮᠵᠢ ᠬᠠᠷᠠᠭᠠᠯᠵᠠᠯ ᠭᠥᠷᠳᠡᠭᠰᠡᠳ ᠢ ᠤᠷᠢᠵᠤ ᠴᠢᠬᠤᠯᠠ ᠶᠡᠭᠡ ᠪᠡᠯᠭᠡᠯᠡᠬᠦ ᠠᠵᠢᠯᠯᠠᠭ᠎ᠠ ᠳᠤ ᠣᠷᠣᠯᠴᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠢᠷᠠᠭᠤ ᠠᠯᠳᠠᠷ ᠢ ᠵᠣᠷᠢᠭᠵᠢᠭᠤᠯᠬᠤ ᠶᠢ ᠨᠡᠮᠡᠭᠳᠡᠭᠦᠯᠪᠠ᠃ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ ᠂ ᠣᠨᠴᠠᠭᠠᠢ ᠬᠦᠴᠢᠷᠳᠡᠯ ᠲᠠᠢ ᠠᠰᠠᠷᠠᠮᠵᠢ ᠬᠠᠷᠠᠭᠠᠯᠵᠠᠯ ᠬᠦᠷᠲᠡᠭᠰᠡᠳ ᠢ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠪᠠ᠃    ᠳᠥᠷᠪᠡ ᠳᠤ᠂ ᠠᠰᠠᠷᠠᠮᠵᠢ ᠬᠠᠷᠠᠭᠠᠯᠵᠠᠯ ᠤᠨ ᠲᠠᠰ ᠳᠠᠷᠠᠭᠠᠯᠠᠯ ᠢ ᠰᠢᠯᠢᠳᠡᠭᠵᠢᠭᠦᠯᠵᠦ᠂ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠪᠠ᠃ ᠨᠢᠭᠡ ᠯᠡ ᠤᠳᠠᠭ᠎ᠠ ᠶᠢᠨ ᠴᠢᠨᠠᠷᠲᠠᠶ ᠠᠰᠠᠷᠠᠮᠵᠢ ᠶᠢᠨ ᠮᠥᠩᠭᠦ ᠣᠯᠭᠤᠬᠤ ᠳᠡᠰ ᠳᠠᠷᠠᠭᠠᠯᠠᠯ ᠢ ᠲᠣᠳᠣᠷᠬᠠᠶᠢᠯᠠᠵᠤ᠂ ᠠᠰᠠᠷᠠᠮᠵᠢ ᠬᠠᠷᠠᠭᠠᠯᠵᠠᠯ ᠬᠦᠷᠲᠡᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠪᠠ᠃ ᠵᠡᠮᠳᠡᠭ ᠤᠨ ᠳᠡᠰ ᠢ ᠦᠨᠡᠯᠡᠨ ᠲᠣᠭᠲᠠᠭᠠᠬᠤ ᠳᠡᠰ ᠳᠠᠷᠠᠭᠠᠯᠠᠯ ᠢ ᠨᠠᠷᠢᠯᠢᠬᠵᠢᠭᠤᠯᠵᠤ᠂ ᠵᠡᠮᠳᠡᠭ ᠤᠨ ᠳᠡᠰ ᠢ ᠦᠨᠡᠯᠡᠨ ᠲᠣᠭᠲᠠᠭᠠᠬᠤ ᠶᠠᠪᠤᠳᠠᠯ ᠢ ᠨᠥᠬᠦᠵᠦ ᠭᠦᠢᠴᠡᠳᠭᠡᠬᠦ ᠪᠠᠶᠢᠳᠠᠯ ᠢ ᠨᠡᠮᠡᠭᠳᠡᠭᠦᠯᠵᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号