ᠡᠨᠡ ᠵᠢᠯ ᠠᠴᠠ ᠨᠠᠭᠠᠰᠢ᠂ ᠮᠠᠨ ᠤ ᠠᠶᠢᠮᠠᠭ ᠬᠦᠳᠦᠴᠢ ᠠᠵᠤ ᠠᠬᠤᠶᠢᠯᠠᠯ ᠳᠠᠶᠢᠴᠢᠯᠠᠬᠤ᠂ ᠠᠵᠤ | ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠲᠠ ᠪᠠᠯᠭᠠᠰᠤᠵᠢᠯᠲᠠ ᠶᠢ ᠥᠭᠡᠷᠡᠴᠢᠯᠡᠨ ᠠᠬᠢᠭᠤᠯᠬᠤ᠂ ᠰᠢᠨ᠎ᠡ | ᠡᠨᠧᠷᠭᠢ ᠶᠢᠨ ᠪᠣᠬᠢᠷᠲᠤᠯ ᠥᠬᠡᠶ ᠴᠠᠬᠢᠯᠭᠠᠨ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠦᠢᠯᠡᠳᠪᠦᠷᠢᠯᠡᠯ ᠢ | ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠳᠪᠦᠷᠢ ᠶᠢᠨ | ᠦᠢᠯᠠᠳᠬᠦᠠ ᠢ ᠨᠡᠮᠡᠭᠳᠡᠭᠦᠯᠵᠦ ᠦᠷ᠎ᠡ ᠠᠰᠢᠭ ᠢ ᠰᠠᠶᠢᠵᠢᠷᠠᠭᠤᠯᠬᠤ ᠶᠢ ᠴᠢᠩᠭ᠎ᠠ ᠠᠳᠬᠤᠨ᠂ ᠪᠦᠲᠦᠮᠵᠢᠲᠡᠶ ᠪᠠᠯᠠ | ᠣᠷᠣᠭᠤᠯᠤᠯᠲᠠ ᠶᠢ ᠬᠦᠴᠦᠯᠡᠨ ᠥᠷᠭᠡᠳᠭᠡᠵᠤ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠲᠠᠰᠤᠷᠠᠯᠲᠠ | ᠥᠬᠡᠶ ᠪᠤᠶᠢᠵᠢᠭᠤᠯᠤᠨ᠂ ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ | ᠪᠠ ᠲᠤᠭ᠎ᠠ ᠬᠡᠮᠵᠢᠶ᠎ᠡ ᠶᠢ ᠵᠦᠶ ᠵᠣᠬᠢᠰᠲᠠᠶ ᠨᠡᠮᠡᠭᠳᠡᠭᠦᠯᠬᠦ ᠶᠢ ᠠᠬᠢᠭᠤᠯᠪᠠ᠃ | 1 — 6 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 18.7% ᠪᠠᠷ ᠨᠡᠮᠡᠭᠳᠡᠵᠦ᠂ ᠪᠥᠬᠦ | ᠣᠷᠣᠨ ᠳᠤ ᠨᠢᠭᠡᠳᠦᠭᠡᠷ ᠲᠤ ᠣᠷᠣᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠠᠰᠢᠭ ᠬᠤᠨᠵᠢᠪᠣᠷᠢ ᠶᠢᠨ ᠶᠡᠷᠦᠩᠬᠡᠢ ᠲᠤᠭ᠎ᠠ 41.7 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 10 ᠲᠠᠬᠢᠨ ᠨᠡᠮᠡᠭᠳᠡᠨ᠂ ᠨᠡᠮᠡᠭᠳᠡᠯ ᠤᠨ ᠬᠤᠷᠳᠤᠴᠠ ᠪᠦᠬᠦ ᠣᠷᠣᠨ ᠤ ᠡᠯ᠎ᠡ | ᠠᠶᠢᠮᠠᠭ ᠬᠤᠲᠠ ᠶᠢᠨ ᠨᠢᠭᠡᠳᠦᠭᠡᠷ ᠲᠤ ᠣᠷᠣᠵᠠᠢ᠃ |