ᠰᠠᠭᠠᠯᠢ ᠶᠢᠨ ᠠᠵᠤ ᠦᠢᠯᠡᠰ ᠪᠠ ᠲᠠᠷᠢᠮᠠᠯ ᠤᠨ ᠠᠵᠤ ᠦᠢᠯᠡᠰ ᠢ ᠬᠠᠷᠢᠯᠴᠠᠨ ᠤᠶᠠᠯᠳᠤᠭᠤᠯᠤᠬᠰᠠᠠ ᠰᠢᠨ᠎ᠡ ᠵᠠᠭᠪᠤᠷ ᠢᠶᠠᠷ ᠹᠦ᠋ ᠷᠦᠨ ᠶᠤᠸᠠᠨ ᠮᠠᠯᠵᠢᠯ ᠤᠨ ᠲᠠᠯᠠᠪᠠᠢ ᠵᠢᠯ ᠳᠤ 4.5 ᠲᠦᠮᠡᠨ ᠲᠤᠨ ᠰᠦ ᠪᠤᠷᠤᠯᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/8/16
    ᠨᠠᠮᠤᠷ ᠤᠨ ᠡᠬᠢ ᠪᠠᠷ᠂ ᠰᠤᠷᠪᠤᠯᠵᠢᠯᠠᠭᠴᠢ ᠬᠤᠶᠠᠷᠬᠤᠳᠳᠤᠭ ᠤᠨ ᠬᠦᠳᠡᠭᠡ ᠠᠮᠢ ᠠᠬᠤᠢ ᠨᠡᠬᠦᠳᠡᠯ ᠠᠷᠠᠳ ᠤᠨ ᠵᠢᠱᠢᠶ᠎ᠡ ᠦᠵᠡᠬᠦᠯᠬᠦ ᠤᠷᠤᠨ ᠤ ᠹᠦ᠋ ᠷᠦᠨ ᠶᠤᠸᠠᠨ ᠰᠠᠭᠠᠯᠢ ᠶᠢᠨ ᠦᠨᠢᠶ᠎ᠠ ᠶᠢᠨ ᠮᠠᠯᠵᠢᠯ ᠤᠨ ᠲᠠᠯᠠᠪᠠᠢ ᠳᠤ ᠬᠦᠷᠬᠦ ᠳᠤ ᠂ ᠴᠡᠪᠡᠷ ᠴᠡᠮᠴᠡᠭᠡᠷ ᠬᠥᠮᠥᠷᠭᠡ᠂ ᠠᠷᠢᠭᠤᠳᠬᠠᠬᠤ ᠲᠠᠰᠤᠭ᠂ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠬᠦᠮᠦᠷᠭᠡ ᠲᠡᠭᠷᠢ ᠲᠡᠭᠰᠢ ᠡᠩᠨᠡᠷᠡᠨ᠂ ᠤᠳᠤᠬᠢᠴᠢᠯᠠᠭᠰᠠᠨ ᠮᠠᠰᠢᠨ ᠲᠡᠵᠢᠭᠡᠯ ᠡᠪᠡᠰᠦ ᠨᠦᠬᠦᠪᠦᠷᠢᠯᠡᠬᠦ ᠪᠠᠷ ᠨᠠᠭᠠᠰᠢ ᠴᠠᠭᠠᠰᠢ ᠰᠦᠯᠵᠢᠯᠳᠦᠨ ᠮᠠᠰᠢ ᠶᠠᠭᠠᠷᠠᠯᠲᠠᠢ ᠬᠠᠷᠠᠭᠳᠠᠨ᠎ᠠ᠃    ᠹᠦ᠋ ᠷᠦᠨ ᠶᠤᠸᠠᠨ ᠮᠠᠯᠵᠢᠯ ᠤᠨ ᠲᠠᠯᠠᠪᠠᠶ ᠪᠣᠯ ᠰᠦ ᠰᠠᠶᠢᠲᠠᠢ 6690 ᠰᠠᠭᠠᠯᠢ ᠶᠢᠨ ᠦᠨᠢᠶ᠎ᠡ ᠲᠠᠢ ᠤᠳᠤᠬᠢᠴᠢᠯᠠᠭᠰᠠᠨ ᠳᠡᠵᠢᠬᠡᠨ ᠦᠷᠡᠵᠢᠬᠦᠯᠬᠦ ᠰᠠᠭᠤᠷᠢᠨ ᠭᠠᠵᠠᠷ ᠪᠤᠯᠤᠨ᠎ᠠ᠂ ᠡᠳᠤᠷ ᠲᠤ ᠪᠠᠷᠤᠭ 130 ᠲᠤᠨ ᠰᠦ ᠰᠠᠭᠠᠵᠤ ᠬᠤᠷᠢᠶᠠᠭᠠᠳ ᠰᠤᠷᠭᠤᠭ ᠢᠶᠠᠷ ᠬᠠᠳᠠᠭᠠᠯᠠᠬᠤ ᠮᠠᠰᠢᠨ ᠳᠤ ᠰᠠᠪᠠᠯᠠᠵᠤ ᠢᠯᠢ ᠪᠦᠯᠦᠭᠯᠡᠯ ᠤᠨ ᠨᠢᠩᠰᠢᠶᠠ ᠳᠠᠬᠢ ᠰᠦ ᠬᠤᠷᠢᠶᠠᠬᠤ ᠦᠷᠳᠡᠭᠡᠨ ᠳᠤ ᠪᠤᠷᠤᠯᠠᠭᠤᠯᠳᠠᠭ᠃ ᠪᠦᠬᠦ ᠵᠢᠯ ᠳᠤ ᠪᠠᠷᠤᠭ 4.5 ᠲᠦᠮᠡᠨ ᠲᠤᠨ ᠰᠦ ᠪᠤᠷᠤᠯᠠᠭᠤᠯᠤᠨ᠂ ᠦᠢᠯᠡᠳᠬᠦᠨ ᠤ ᠦᠷᠳᠡᠭ ᠨᠢ 1.2 ᠳ᠋ᠦᠩᠰᠢᠭᠤᠷ ᠲᠦᠬᠦᠷᠢᠭ ᠲᠤ ᠬᠦᠷᠴᠦ ᠪᠤᠢ᠃ᠹᠦ᠋ ᠷᠦᠨ ᠶᠤᠸᠠᠨ ᠰᠠᠭᠠᠯᠢ ᠶᠢᠨ ᠦᠨᠢᠶ᠎ᠠ ᠶᠢᠨ ᠮᠠᠯᠵᠢᠯ ᠤᠨ ᠲᠠᠯᠠᠪᠠᠢ ︽ᠰᠢᠮ᠎ᠡ ᠰᠠᠶᠢᠳᠠᠢ ᠲᠡᠵᠢᠬᠡᠯ ᠡᠪᠡᠰᠤ ᠲᠠᠷᠢᠬᠤ ᠂ ᠡᠬᠦᠯᠳᠡᠷ ᠰᠠᠶᠢᠳᠠᠢ ᠦᠨᠢᠶ᠎ᠡ ᠲᠡᠵᠢᠬᠡᠬᠦ᠂ ᠴᠢᠨᠠᠷ ᠰᠠᠶᠢᠲᠠᠢ ᠰᠦ ᠦᠢᠯᠡᠳᠪᠦᠷᠢᠯᠡᠬᠦ︾ ᠵᠠᠷᠴᠢᠮ ᠢ ᠪᠠᠷᠢᠮᠳᠠᠯᠠᠨ᠂ ᠲᠠᠷᠢᠶᠠᠴᠢᠳ ᠠᠴᠠ 3 — 4 ᠲᠦᠮᠡᠨ ᠲᠣᠨ ᠡᠷᠳᠡᠨᠢ ᠰᠢᠰᠢ ᠶᠢᠨ ᠲᠠᠷᠤᠰᠢ ᠬᠤᠳᠠᠯᠳᠤᠨ ᠠᠪᠳᠠᠭ ᠪᠦᠬᠡᠳ ᠤᠶᠢᠷᠠᠯᠴᠠᠭ᠎ᠠ ᠭᠠᠴᠠᠭᠠᠨ ᠤ 1000 ᠮᠥ ᠭᠠᠵᠠᠷ ᠢ ᠲᠦᠷᠢᠶᠡᠰᠦᠯᠡᠨ ᠴᠠᠷᠭᠠᠰᠤ ᠳᠠᠷᠢᠵᠤ ᠦᠨᠢᠶᠡᠨ ᠳᠡᠭᠡᠨ ᠰᠢᠮ᠎ᠡ ᠰᠠᠶᠢᠲᠠᠢ ᠡᠪᠡᠰᠦ ᠬᠠᠩᠭᠠᠨ᠂ ᠵᠢᠯ ᠪᠦᠷᠢ 8 ᠭᠠᠴᠠᠭᠠᠨ ᠤ ᠬᠠᠮᠳᠤ ᠶᠢᠨ ᠠᠵᠤ ᠠᠬᠤᠢ ᠳᠤ 40 ᠭᠠᠷᠤᠶ ᠲᠦᠮᠡᠨ ᠲᠥᠭᠦᠷᠢᠭ ᠤᠨ ᠤᠷᠤᠯᠭ᠎ᠠ ᠡᠬᠦᠳᠴᠤ ᠪᠤᠢ᠃ ᠪᠦᠬᠦ ᠠᠵᠤ ᠦᠢᠯᠡᠰ ᠤᠨ ᠬᠡᠯᠬᠢᠶ᠎ᠡ ᠶᠢᠨ ᠡᠵᠡᠩᠨᠡᠯᠳᠡ ᠬᠢᠵᠤ᠂ ᠡᠷᠴᠢᠮᠵᠢᠭᠰᠡᠨ᠂ ᠲᠣᠭᠠᠴᠢᠯᠠᠭᠰᠠᠨ᠂ ᠤᠶᠤᠨᠴᠢᠯᠠᠭᠰᠠᠨ᠂ ᠬᠡᠪᠴᠢᠶᠡᠵᠢᠭᠰᠡᠨ᠂ ᠨᠢᠭᠡ ᠴᠤᠭᠴᠠᠵᠢᠭᠰᠠᠨ ᠭᠦᠭᠵᠢᠯᠳᠡ ᠶᠢᠨ ᠵᠠᠮ ᠢᠶᠠᠷ ᠵᠠᠮᠨᠠᠵᠤ᠂ ᠦᠨᠢᠶᠠᠠ ᠰᠦ ᠶᠢᠨ ᠮᠠᠯᠵᠢᠯ ᠤᠨ ᠲᠠᠯᠠᠪᠠᠢ ᠠᠴᠠ ᠦᠢᠯᠡᠳᠪᠦᠷᠢ ᠳᠤ ᠬᠦᠷᠬᠦ᠂ ᠲᠠᠬᠢᠨ ᠵᠠᠬ᠎ᠠ ᠲᠡᠯᠭᠡᠭᠦᠷ ᠲᠤ ᠭᠠᠷᠬᠤ ᠪᠦᠬᠦ ᠶᠠᠪᠤᠴᠠ ᠶᠢ ᠮᠦᠷᠳᠡᠵᠤ ᠲᠡᠶᠢᠯᠬᠦ ᠶᠢ ᠪᠡᠶᠡᠯᠡᠭᠦᠯᠵᠠᠢ᠃    ᠡᠬᠦᠨ ᠠᠴᠠ ᠭᠠᠳᠠᠨ᠎ᠠ᠂ ᠮᠠᠯᠵᠢᠯ ᠤᠨ ᠲᠠᠯᠠᠪᠠᠢ ᠨᠢ ᠦᠨᠢᠶᠡᠨ ᠤ ᠢᠯᠭᠠᠳᠠᠰᠤ ᠶᠢ ᠰᠢᠢᠳᠪᠦᠷᠢᠯᠡᠬᠦ᠂ ᠪᠣᠬᠢᠷ ᠤᠰᠤ ᠶᠢ ᠰᠢᠢᠳᠪᠦᠷᠢᠯᠡᠬᠦ᠂ ᠬᠠᠭᠤᠷᠠᠶ ᠨᠦᠢᠲᠠᠨ ᠢ ᠰᠠᠯᠭᠠᠭᠰᠠᠨ ᠦᠢᠯᠡᠳᠪᠦᠷᠢ ᠶᠢᠨ ᠲᠠᠰᠤᠭ᠂ ᠣᠷᠭᠠᠨᠢᠭ ᠪᠣᠷᠲᠣᠭᠤᠷ ᠤᠨ ᠦᠢᠯᠡᠳᠪᠦᠷᠢ ᠶᠢᠨ ᠲᠠᠰᠤᠭ ᠵᠡᠷᠭᠡ ᠶᠢ ᠪᠥᠲᠥᠭᠡᠨ ᠪᠠᠶᠢᠭᠤᠯᠵᠤ᠂ ᠮᠠᠯᠵᠢᠯ ᠤᠨ ᠲᠠᠯᠠᠪᠠᠢ ᠶᠢᠨ ᠢᠯᠭᠠᠳᠠᠰᠤ ᠶᠢ ᠤᠷᠭᠠᠨᠢᠭ ᠪᠤᠷᠳᠤᠭᠤᠷ ᠪᠤᠯᠭᠠᠵᠤ᠂ ᠦᠪᠡᠷ ᠤᠨ ᠲᠦᠷᠢᠶᠡᠰᠦᠯᠡᠨ ᠲᠠᠷᠢᠵᠤ ᠪᠠᠶᠢᠭ᠎ᠠ 1000 ᠮᠦ ᠴᠠᠷᠭᠠᠰᠦ ᠶᠢᠨ ᠲᠠᠭ ᠲᠤ ᠵᠠᠷᠤᠴᠠᠭᠤᠯᠬᠤ ᠠᠴᠠ ᠭᠠᠳᠠᠨ᠎ᠠ᠂ ᠤᠶᠢᠷ᠎ᠠ ᠬᠠᠪᠢ ᠶᠢᠨ ᠭᠠᠴᠠᠭᠠᠨ ᠤ ᠲᠠᠷᠢᠶᠠᠴᠢᠳ ᠤᠨ 5000 ᠮᠦ ᠲᠠᠷᠢᠶᠠᠨ ᠲᠠᠭ ᠲᠤ ᠤᠷᠭᠠᠨᠢᠭ ᠪᠤᠷᠳᠤᠭᠤᠷ ᠬᠠᠩᠭᠠᠵᠤ᠂ ᠰᠠᠭᠠᠯᠢ ᠶᠢᠨ ᠠᠵᠤ ᠦᠢᠯᠡᠰ ᠪᠠ ᠲᠠᠷᠢᠮᠠᠯ ᠤᠨ ᠠᠵᠤ ᠦᠢᠯᠡᠰ ᠢ ᠬᠠᠷᠢᠯᠴᠠᠨ ᠤᠶᠠᠯᠳᠤᠭᠤᠯᠬᠤ ᠰᠢᠨ᠎ᠡ ᠵᠠᠭᠪᠤᠷ ᠢᠶᠠᠷ ᠪᠤᠬᠢᠷᠳᠤᠯ ᠦᠬᠡᠢ ᠭᠦᠭᠵᠢᠯᠳᠡ ᠶᠢ ᠠᠬᠢᠭᠤᠯᠤᠨ᠂ ᠠᠮᠢ ᠠᠬᠤᠢ ᠶᠢ ᠲᠡᠩᠴᠡᠭᠦᠷᠢᠰᠢᠭᠦᠯᠦᠨ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠢ ᠶᠡᠭᠡ ᠪᠠᠷ ᠲᠡᠭᠡᠭᠰᠢᠯᠡᠭᠦᠯᠵᠤ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号