ᠮᠠᠨ ᠤ ᠠᠶᠢᠮᠠᠭ 2024 ᠣᠨ ᠤ ᠵᠢᠷᠭᠤᠳᠤᠭᠠᠷ ᠬᠤᠭᠤᠴᠠᠭᠠᠨ ᠤ ︽ᠠᠯᠠᠱᠠ ᠶᠢᠨ ᠺᠠᠳ᠋ᠷᠴᠤᠳ ᠤᠨ ᠶᠠᠷᠢᠶᠠᠨ ᠤ ᠲᠠᠩᠬᠢᠮ︾ ᠤᠨ ᠲᠤᠰᠬᠠᠶ ᠰᠡᠳᠦᠪᠲᠦ ᠲᠠᠶᠢᠯᠤᠮᠵᠢ ᠬᠢᠪᠠ
ᠨᠡᠶᠢᠲᠡᠯᠡᠭᠰᠡᠨ ᠴᠠᠭ᠄
2024/8/16
    8 ᠰᠠᠷ᠎ᠠ ᠶᠢᠨ 15 ᠤ ᠡᠳᠦᠷ᠂ ᠮᠠᠨ ᠤ ᠠᠶᠢᠮᠠᠭ 2024 ᠣᠨ ᠤ ᠵᠢᠷᠭᠤᠳᠤᠭᠠᠷ ᠬᠤᠭᠤᠴᠠᠭᠠᠨ ᠤ ︽ᠠᠯᠠᠱᠠ ᠶᠢᠨ ᠺᠠᠳ᠋ᠷᠴᠤᠳ ᠤᠨ ᠶᠠᠷᠢᠶᠠᠨ ᠤ ᠲᠠᠩᠬᠢᠮ︾ ᠤᠨ ᠲᠤᠰᠬᠠᠶ ᠰᠡᠳᠦᠪᠲᠦ ᠲᠠᠶᠢᠯᠤᠮᠵᠢ ᠶᠢ ᠡᠷᠭᠢᠯᠡᠵᠦ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠸᠠᠩ ᠸᠧᠶ ᠳ᠋ᠦᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠦ ᠯᠢ ᠮᠢᠩ ᠰᠤᠷᠤᠯᠴᠠᠯᠭ᠎ᠠ ᠳᠤ ᠣᠷᠣᠯᠴᠠᠵᠤ᠂ ᠠᠶᠢᠮᠠᠭ ᠤᠨ ᠳᠡᠳ᠋ ᠳᠠᠷᠤᠭ᠎ᠠ ᠯᠢᠦ ᠳ᠋ᠧ ᠼᠦᠢ ᠲᠠᠶᠢᠯᠤᠮᠵᠢ ᠶᠢ ᠡᠷᠭᠢᠯᠡᠪᠡ᠃
1.jpg
     ᠭᠠᠨᠰᠦ ᠶᠢᠨ ᠰᠣᠶᠣᠯ ᠵᠢᠭᠤᠯᠴᠢᠯᠠᠯ ᠢ ᠡᠵᠡᠩᠨᠡᠬᠦ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠰᠦᠨ ᠰᠢᠶᠤᠤ ᠴᠢᠶᠠᠩ ︽ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠦᠭᠵᠢᠬᠦᠯᠬᠦ ᠪᠣᠳᠣᠯᠬᠢᠯᠠᠯ ᠪᠠ ᠰᠠᠨᠠᠭᠤᠯᠭ᠎ᠠ︾ ᠪᠠᠷ ᠰᠡᠳᠦᠪ ᠪᠣᠯᠭᠠᠵᠤ᠂ ᠦᠪᠡᠷ ᠤᠨ ᠢᠶᠠᠨ ᠣᠷᠳᠣ ᠬᠤᠭᠤᠴᠠᠭ᠎ᠠ ᠪᠠᠷ ᠰᠣᠶᠣᠯ ᠵᠢᠭᠤᠯᠴᠢᠯᠠᠯ ᠤᠨ ᠠᠵᠢᠯ ᠢ ᠡᠷᠭᠢᠯᠡᠵᠦ ᠪᠠᠶᠢᠭ᠎ᠠ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠰᠡᠳᠬᠢᠬᠦᠶ ᠶᠢ ᠪᠣᠢ ᠪᠣᠯᠭᠠᠬᠤ ᠪᠠᠷ ᠭᠠᠷᠳᠠᠴᠠ ᠪᠣᠯᠭᠠᠵᠤ᠂ ᠳ᠋ᠦᠨᠬᠤᠸᠠᠩ ᠤᠨ ᠨᠣᠮ ᠤᠨ  ᠭᠠᠵᠠᠷ᠂ ᠳ᠋ᠦᠨᠬᠤᠸᠠᠩ ᠤᠨ ᠬᠡᠪᠯᠡᠯ ᠤᠨ ᠭᠠᠵᠠᠷ ᠂ ᠳ᠋ᠦᠨᠬᠤᠸᠠᠩ ᠤᠨ ᠡᠮᠴᠢᠯᠡᠭᠡᠨ ᠤ ᠭᠠᠵᠠᠷ ᠵᠡᠷᠭᠡ ᠰᠣᠩᠭᠤᠳᠠᠭ ᠬᠡᠷᠡᠭ ᠤᠨ ᠵᠢᠱᠢᠶ᠎ᠠ ᠪᠠᠷ ᠰᠣᠶᠣᠯ ᠤᠨ ᠣᠯᠪᠠᠭ᠎ᠠ ᠶᠢ ᠰᠤᠳᠤᠯᠬᠤ᠂ ᠰᠢᠰᠲ᠋ᠧᠮ ᠢ ᠡᠮᠬᠢᠯᠡᠬᠦ᠂ ᠠᠭᠤᠯᠭ᠎ᠠ ᠶᠢ ᠵᠠᠳᠠᠯᠬᠤ᠂ ᠡᠵᠡᠩᠨᠡᠯᠲᠡ ᠶᠢᠨ ᠪᠠᠶᠢᠳᠠᠯ ᠢ ᠪᠣᠢ ᠪᠣᠯᠭᠠᠬᠤ ᠬᠤᠷᠢᠨ ᠦᠰᠦᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠢ  ᠬᠦᠭᠵᠢᠬᠦᠯᠬᠦ ᠵᠠᠭᠪᠤᠷ ᠢ ᠭᠦᠨᠵᠡᠭᠡᠶ ᠲᠠᠶᠢᠯᠪᠤᠷᠢᠯᠠᠵᠠᠶ᠃ ᠲᠠᠶᠢᠯᠤᠮᠵᠢ ᠶᠢᠨ ᠯᠣᠬᠢᠭ ᠨᠢ ᠲᠣᠳᠣᠷᠬᠠᠶ᠂ ᠦᠭᠡ ᠬᠡᠯᠡ ᠨᠢ ᠣᠷᠠᠨ ᠳᠦᠷᠰᠦᠯᠢᠭ᠂ ᠵᠢᠱᠢᠶ᠎ᠡ ᠨᠢ ᠠᠮᠢᠳᠤᠯᠢᠭ ᠪᠠᠶᠢᠵᠤ᠂ ᠮᠠᠨ ᠤ ᠠᠶᠢᠮᠠᠭ ᠤᠨ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠬᠡᠷᠬᠢᠨ ᠡᠵᠡᠮᠳᠡᠬᠦ ᠪᠠ ᠪᠠᠶᠢᠷᠢ ᠲᠣᠭᠲᠠᠭᠠᠬᠤ ᠳᠤ ᠡᠷᠬᠢᠮ ᠨᠠᠨᠳᠢᠨ ᠰᠡᠩᠬᠡᠷᠡᠭᠦᠯᠦᠯ ᠪᠠ ᠯᠠᠪᠯᠠᠯᠲᠠ ᠬᠠᠩᠭᠠᠭᠰᠠᠨ ᠪᠠᠶᠢᠨ᠎ᠠ᠃     ᠬᠤᠷᠠᠯ ᠠᠴᠠ᠂ ᠡᠯ᠎ᠡ ᠬᠤᠰᠢᠭᠤ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠣᠶᠣᠯ ᠤᠨ ᠬᠦᠴᠦᠷᠬᠡᠭ ᠤᠯᠤᠰ ᠪᠣᠯᠤᠨ ᠵᠢᠭᠤᠯᠴᠢᠯᠠᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠢᠶᠠᠷ ᠵᠢᠭᠤᠯᠴᠢᠯᠠᠯ ᠢ ᠪᠣᠢ ᠪᠣᠯᠭᠠᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ ᠶᠢ ᠪᠠᠷᠢᠮᠲᠠᠯᠠᠵᠤ᠂ ᠣᠨᠴᠠᠯᠢᠭᠲᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠠᠭᠤᠯᠤᠭᠳᠠᠬᠤᠨ ᠪᠣᠯᠤᠨ ᠥᠷᠲᠡᠭ ᠢ ᠭᠦᠨᠵᠡᠭᠡᠶ ᠢᠯᠡᠷᠡᠬᠦᠯᠵᠦ᠂ ᠰᠣᠶᠣᠯ ᠵᠢᠭᠤᠯᠴᠢᠯᠠᠯ ᠤᠨ ᠰᠢᠨ᠎ᠡ ᠡᠵᠡᠩᠨᠡᠯᠲᠡ᠂ ᠰᠢᠨ᠎ᠡ ᠪᠠᠶᠢᠳᠠᠯ ᠢ ᠢᠳᠡᠪᠬᠢᠲᠡᠢ ᠪᠣᠢ ᠪᠣᠯᠭᠠᠵᠦ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠪᠣᠯᠤᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠰᠣᠶᠣᠯ ᠪᠣᠯᠤᠨ ᠵᠢᠭᠤᠯᠴᠢᠯᠠᠯ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠴᠢᠨᠠᠭᠰᠢᠳᠠ ᠠᠬᠢᠭᠤᠯᠵᠤ᠂ ᠪᠦᠬᠦ ᠣᠷᠣᠨ ᠪᠦᠰᠡ ᠶᠢᠨ ᠵᠢᠭᠤᠯᠴᠢᠯᠠᠯ᠂ ᠪᠦᠬᠦ ᠦᠢᠯᠡᠰ ᠬᠤᠯᠪᠣᠯᠳᠤᠭᠰᠠᠨ᠂ ᠪᠦᠬᠦ ᠠᠷᠠᠳ ᠢᠶᠠᠷ ᠢᠶᠠᠨ ᠣᠷᠣᠯᠴᠠᠭᠰᠠᠨ ᠬᠥᠭᠵᠢᠯᠲᠡ ᠶᠢᠨ ᠪᠠᠶᠢᠷᠢᠰᠢᠯ ᠢ ᠴᠢᠷᠮᠠᠶᠢᠨ ᠪᠠᠶᠢᠭᠤᠯᠵᠤ ᠂ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠢ ᠪᠦᠬᠦ ᠲᠠᠯ᠎ᠠ ᠪᠠᠷ ᠡᠭᠦᠳᠴᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠵᠤ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃     ᠲᠠᠶᠢᠯᠤᠮᠵᠢ ᠶᠢ ᠸᠢᠳᠢᠣ᠋ ᠬᠡᠯᠪᠡᠷᠢ ᠪᠠᠷ ᠬᠤᠷᠠᠯᠳᠤᠭᠤᠯᠪᠠ᠃ ᠠᠶᠢᠮᠠᠭ ᠤᠨ ᠱᠠᠲᠤᠨ ᠤ ᠣᠳᠣᠷᠢᠳᠣᠯᠭ᠎ᠠ ᠵᠢᠴᠢ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠮᠢᠶ᠎ᠠ ᠪᠥᠬᠦᠶ ᠰᠢᠶᠠᠨ ᠭᠠᠵᠠᠷ ᠤᠨ ᠲᠠᠰ ᠤᠨ ᠺᠠᠳ᠋ᠷ ᠭᠤᠤᠯ ᠲᠠᠯᠠᠪᠠᠶ ᠳᠤ ᠣᠷᠣᠯᠴᠠᠵᠤ᠂ ᠡᠯ᠎ᠡ ᠬᠤᠰᠢᠭᠤ ︵  ᠣᠷᠣᠨ︶ ᠶᠢᠨ ᠳᠥᠷᠪᠡᠨ ᠶᠡᠭᠡ ᠤᠳᠤᠷᠢᠳᠬᠤ ᠪᠠᠭ ᠤᠨ ᠨᠥᠬᠦᠳ ᠪᠣᠯᠤᠨ ᠬᠤᠰᠢᠭᠤ ︵ᠣᠷᠣᠨ︶ ᠶᠢᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠪᠢᠶᠠᠷᠢ ᠲᠠᠯᠠᠪᠠᠶ ᠳᠤ ᠣᠷᠣᠯᠴᠠᠪᠠ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号