ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠰᠤ ᠴᠢᠨᠠᠷ ᠳᠡᠭᠡᠭᠰᠢᠯᠡᠯᠳᠠ ᠲᠠᠢ
ᠨᠡᠶᠢᠲᠡᠯᠡᠭᠰᠡᠨ ᠴᠠᠭ᠄
2024/8/16
    ᠡᠨᠡ ᠵᠢᠯ ᠠᠴᠠ ᠨᠠᠭᠠᠰᠢ᠂ ᠮᠠᠨ ᠤ ᠠᠶᠢᠮᠠᠭ ᠬᠦᠳᠦᠴᠢ ᠠᠵᠤ ᠠᠬᠤᠶᠢᠯᠠᠯ ᠳᠠᠶᠢᠴᠢᠯᠠᠬᠤ᠂ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠲᠠ ᠪᠠᠯᠭᠠᠰᠤᠵᠢᠯᠲᠠ ᠶᠢ ᠥᠭᠡᠷᠡᠴᠢᠯᠡᠨ ᠠᠬᠢᠭᠤᠯᠬᠤ᠂ ᠰᠢᠨ᠎ᠡ ᠡᠨᠧᠷᠭᠢ ᠶᠢᠨ ᠪᠣᠬᠢᠷᠲᠤᠯ ᠥᠬᠡᠶ ᠴᠠᠬᠢᠯᠭᠠᠨ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠳᠪᠦᠷᠢ ᠶᠢᠨ ᠦᠢᠯᠠᠳᠬᠦᠠ ᠢ ᠨᠡᠮᠡᠭᠳᠡᠭᠦᠯᠵᠦ ᠦᠷ᠎ᠡ ᠠᠰᠢᠭ ᠢ ᠰᠠᠶᠢᠵᠢᠷᠠᠭᠤᠯᠬᠤ ᠶᠢ ᠴᠢᠩᠭ᠎ᠠ ᠠᠳᠬᠤᠨ᠂ ᠪᠦᠲᠦᠮᠵᠢᠲᠡᠶ ᠪᠠᠯᠠ ᠣᠷᠣᠭᠤᠯᠤᠯᠲᠠ ᠶᠢ ᠬᠦᠴᠦᠯᠡᠨ ᠥᠷᠭᠡᠳᠭᠡᠵᠤ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠲᠠᠰᠤᠷᠠᠯᠲᠠ ᠥᠬᠡᠶ ᠪᠤᠶᠢᠵᠢᠭᠤᠯᠤᠨ᠂ ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠶ ᠵᠣᠬᠢᠰᠲᠠᠶ ᠨᠡᠮᠡᠭᠳᠡᠭᠦᠯᠬᠦ ᠶᠢ ᠠᠬᠢᠭᠤᠯᠪᠠ᠃    1 — 6 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 18.7% ᠪᠠᠷ ᠨᠡᠮᠡᠭᠳᠡᠵᠦ᠂ ᠪᠥᠬᠦ ᠣᠷᠣᠨ ᠳᠤ ᠨᠢᠭᠡᠳᠦᠭᠡᠷ ᠲᠤ ᠣᠷᠣᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠣᠷᠢ ᠶᠢᠨ ᠶᠡᠷᠦᠩᠬᠡᠢ ᠲᠤᠭ᠎ᠠ 41.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10 ᠲᠠᠬᠢᠨ ᠨᠡᠮᠡᠭᠳᠡᠨ᠂ ᠨᠡᠮᠡᠭᠳᠡᠯ ᠤᠨ ᠬᠤᠷᠳᠤᠴᠠ ᠪᠦᠬᠦ ᠣᠷᠣᠨ ᠤ ᠡᠯ᠎ᠡ ᠠᠶᠢᠮᠠᠭ ᠬᠤᠲᠠ ᠶᠢᠨ ᠨᠢᠭᠡᠳᠦᠭᠡᠷ ᠲᠤ ᠣᠷᠣᠵᠠᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号