ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠠᠯᠠᠱᠠ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠨᠠᠮ ᠤᠨ ᠬᠤᠷᠢᠳᠤᠭᠠᠷ ᠬᠤᠭᠤᠴᠠᠭᠠᠨ ᠤ ᠳᠦᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/8/19
     8 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠠᠯᠠᠱᠠ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠳᠦᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠭᠰᠠᠨ ᠪᠥᠭᠡᠳ ᠶᠠᠷᠢᠯᠴᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠰᠧ ᠶᠠᠩ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠡ᠃
1.jpg
     ᠬᠤᠷᠠᠯ ᠳᠡᠭᠡᠷ᠎ᠡ᠂ ᠠᠯᠠᠱᠠ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠳᠦᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤᠮᠳᠠᠬᠢ ᠲᠤᠭ᠎ᠠ ᠪᠦᠷᠢᠳᠬᠡᠯ ᠤᠨ ᠰᠢᠰᠲ᠋ᠧᠮ ᠤᠨ ᠪᠣᠳᠠᠲᠠᠶ ᠠᠷᠭ᠎ᠠ ᠬᠡᠮᠵᠢᠶ᠎ᠡ᠂ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ  ᠶᠢ ᠪᠦᠷᠢᠳᠬᠡᠨ ᠬᠠᠷᠭᠤᠭᠤᠯᠬᠤ ᠳᠣᠭᠳᠠᠯᠴᠠᠭ᠎ᠠ ᠶᠢ ᠪᠠᠶᠢᠭᠤᠯᠬᠤ᠂ ᠲᠣᠭᠠᠴᠢᠯᠠᠭᠰᠠᠨ ᠠᠵᠤ ᠠᠬᠤᠶ ᠪᠣᠯᠤᠨ ᠰᠢᠨ᠎ᠡ ᠬᠡᠯᠪᠡᠷᠢ ᠶᠢᠨ ᠠᠵᠤ ᠦᠢᠯᠡᠰ ᠤᠨ ᠲᠣᠭᠠᠴᠠᠭ᠎ᠠ ᠬᠢᠬᠦ ᠵᠡᠷᠭᠡ ᠭᠤᠤᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ ᠠᠰᠠᠭᠤᠯᠳᠠ ᠳᠤᠷᠠᠳᠪᠠ᠃ ᠼᠤᠤ ᠰᠧ ᠶᠠᠩ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠠᠰᠠᠭᠤᠯᠳᠠ ᠶᠢ ᠬᠠᠷᠢᠭᠤᠯᠪᠡ᠃ ᠬᠤᠷᠠᠯ ᠤᠨ ᠬᠤᠭᠤᠴᠠᠭᠠᠨ ᠳᠤ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠤᠯᠠᠨ ᠢᠶᠠᠷ ᠢᠶᠠᠨ ᠦᠵᠡᠯ ᠰᠠᠨᠠᠭ᠎ᠠ ᠪᠠᠨ ᠨᠢᠭᠡᠳᠬᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠲᠤᠭ᠎ᠠ ᠪᠦᠷᠢᠳᠬᠡᠯ ᠤᠨ ᠰᠢᠰᠲ᠋ᠧᠮ ᠤᠨ ᠡᠯ᠎ᠡ ᠵᠦᠢᠯ ᠤᠨ ᠠᠵᠢᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠦ ᠦᠷ᠎ᠡ  ᠪᠦᠳᠦᠮᠵᠢ ᠶᠢ ᠳᠡᠭᠡᠭᠰᠢᠯᠡᠬᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠭᠡᠵᠡᠭᠡᠪᠡ᠃    ᠬᠤᠷᠠᠯ ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠠᠯᠠᠱᠠ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠡᠯ᠎ᠡ ᠡᠭᠦᠷᠭᠡ ᠴᠢᠳᠠᠮᠵᠢᠳᠦ ᠠᠵᠢᠯ ᠢ ᠪᠠᠶᠢᠴᠠᠭᠠᠵᠦ᠂ ᠡᠯ᠎ᠡ ᠵᠦᠢᠯ ᠤᠨ ᠠᠵᠢᠯ ᠤᠨ ᠠᠬᠢᠴᠠ ᠶᠢᠨ ᠪᠠᠶᠢᠳᠠᠯ ᠢ ᠣᠶᠢᠯᠠᠭᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号