ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠠᠯᠠᠱᠠ ᠠᠶᠢᠮᠠᠭ ᠲᠤ ᠬᠤᠷᠠᠯᠳᠣᠪᠠ
ᠨᠡᠶᠢᠲᠡᠯᠡᠭᠰᠡᠨ ᠴᠠᠭ᠄
2024/8/19
    8 ᠰᠠᠷ᠎ᠠ ᠶᠢᠨ 16  ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠠᠯᠠᠱᠠ ᠠᠶᠢᠮᠠᠭ ᠲᠤ ᠬᠤᠷᠠᠯᠳᠣᠪᠠ᠃ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠰᠧ ᠶᠠᠩ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠡ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠢ ᠡᠷᠬᠢᠯᠡᠨ ᠶᠠᠷᠢᠶ᠎ᠠ ᠲᠠᠯᠪᠢᠵᠣ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠸᠠᠩ ᠸᠧᠢ ᠳ᠋ᠦᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠦ ᠯᠢ ᠮᠢᠩ ᠬᠤᠷᠠᠯ ᠳᠤ ᠣᠷᠣᠯᠴᠠᠪᠠ᠃
1.jpg
     ᠮᠡᠳᠡᠭᠦᠯᠦᠯᠲᠡ ᠶᠢᠨ ᠬᠤᠷᠠᠯ ᠳᠡᠭᠡᠷ᠎ᠡ᠂ ᠼᠤᠤ ᠰᠧ ᠶᠠᠩ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ ᠡᠷᠡᠰ  ᠴᠢᠩᠭ᠎ᠠ ᠪᠦᠬᠦ ᠲᠠᠯ᠎ᠠ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ︾ ᠭᠡᠬᠦ ᠰᠡᠳᠦᠪ ᠢᠶᠠᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ᠂ ᠰᠢ ᠶᠢᠨ ᠫᠢᠩ ᠶᠡᠷᠦᠩᠬᠡᠢ ᠱᠦᠵᠢ ᠶᠢᠨ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ᠂ ︽ᠲᠣᠭᠲᠠᠭᠠᠯ︾ ᠳᠤ ᠳᠤᠷᠠᠳᠤᠭᠰᠠᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠣᠨᠣᠪᠴᠢᠲᠠᠶ ᠣᠶᠢᠯᠠᠭᠠᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠣᠨ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ  ᠶᠢ ᠲᠤᠳᠣᠷᠬᠠᠢ ᠮᠦᠷᠳᠡᠭᠡᠨ ᠭᠦᠨᠵᠡᠭᠡᠢ ᠲᠠᠶᠢᠯᠪᠤᠷᠢᠯᠠᠯᠲᠠ ᠬᠢᠪᠡ᠃ ᠬᠤᠷᠠᠯ ᠳᠤ ᠣᠷᠣᠯᠴᠠᠭᠰᠠᠨ ᠤᠳᠤᠷᠢᠳᠬᠤ ᠺᠠᠳ᠋ᠷᠴᠤᠳ᠂ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠨᠢ ᠪᠦᠬᠦ ᠲᠠᠯ᠎ᠠ ᠪᠠᠷ ᠰᠢᠰᠲ᠋ᠧᠮ ᠲᠠᠢ ᠪᠠᠶᠢᠵᠤ᠂ ᠭᠤᠣᠯᠳᠠᠯᠭ᠎ᠠ ᠶᠢ ᠲᠤᠪᠤᠶᠢᠯᠭᠠᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠷᠢᠨ ᠣᠨᠣᠪᠴᠢᠲᠠᠢ ᠪᠦᠬᠦ ᠲᠠᠯ᠎ᠠ ᠪᠠᠷ ᠳᠣᠣᠱᠯᠠᠭᠤᠯᠬᠤ ᠳᠤ ᠵᠢᠯᠤᠭᠤᠳᠬᠤ ᠪᠠ ᠠᠬᠢᠭᠤᠯᠬᠤ ᠦᠢᠯᠡᠳᠦᠯ ᠦᠵᠡᠭᠦᠯᠵᠡᠢ ᠭᠡᠵᠡᠭᠡᠪᠡ᠃     ᠬᠤᠸᠠᠩ ᠶᠠ ᠯᠢ ᠮᠡᠳᠡᠭᠦᠯᠦᠯᠲᠡ ᠶᠢᠨ ᠬᠤᠷᠠᠯ ᠢ ᠡᠷᠬᠢᠯᠡᠬᠦ ᠳᠡᠭᠡᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠳᠣᠣᠱᠯᠠᠭᠤᠯᠬᠤ ᠨᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠲᠠᠯ᠎ᠠ ᠪᠠᠷ ᠰᠢᠷᠭᠠᠭᠤ ᠬᠠᠲᠠᠭᠤᠵᠢᠯᠲᠠᠢ ᠠᠵᠢᠯᠯᠠᠵᠤ᠂ ᠲᠡᠷᠡ ᠬᠡᠪ ᠢᠶᠠᠷ  ᠪᠦᠬᠦ ᠲᠠᠯ᠎ᠠ ᠪᠠᠷ ᠰᠤᠷᠤᠯᠴᠠᠵᠤ᠂ ᠭᠤᠣᠯᠳᠠᠯᠭ᠎ᠠ ᠶᠢ ᠲᠣᠪᠤᠶᠢᠯᠭᠠᠨ ᠭᠦᠨᠵᠡᠭᠡᠢ ᠰᠣᠷᠣᠯᠴᠠᠨ᠂ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠢᠭᠡ ᠴᠣᠭᠴᠠᠵᠢᠭᠤᠯᠤᠨ ᠰᠤᠷᠤᠯᠴᠠᠨ ᠣᠶᠢᠯᠠᠭᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠬᠦ ᠬᠡᠷᠡᠭᠳᠠᠢ᠃ ᠪᠦᠭᠦᠳᠡ ᠬᠤᠷᠠᠯ ᠤᠨ ᠵᠣᠷᠢᠭ ᠰᠠᠨᠠᠭᠠᠨ ᠤ ᠲᠠᠯ᠎ᠠ ᠪᠠᠷ ᠤᠬᠠᠭᠤᠯᠤᠨ ᠲᠠᠶᠢᠯᠪᠤᠷᠢᠯᠠᠬᠤ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠬᠢᠯᠪᠠᠷ ᠣᠶᠢᠯᠠᠭᠠᠮᠵᠢᠲᠠᠢ ᠦᠭᠡ ᠶᠠᠷᠢᠶ᠎ᠠ ᠪᠣᠯᠣᠨ ᠠᠷᠠᠳ ᠤᠯᠠᠨ ᠤ ᠠᠮᠠᠷᠬᠠᠨ ᠣᠶᠢᠯᠠᠭᠠᠨ ᠮᠡᠳᠡᠵᠦ ᠪᠣᠯᠬᠤ ᠪᠣᠳᠠᠲᠤ ᠵᠢᠱᠢᠶ᠎ᠡ ᠶᠢ ᠢᠯᠡᠭᠦᠬᠡᠨ ᠬᠡᠷᠡᠭᠯᠡᠵᠦ᠂ ᠤᠬᠠᠭᠤᠯᠤᠨ ᠲᠠᠶᠢᠯᠪᠤᠷᠢᠯᠠᠵᠤ᠂ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠥᠨ ᠪᠦᠬᠦᠨ ᠳᠤ ᠮᠡᠳᠡᠭᠦᠯᠵᠦ᠂ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ᠃ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠨᠠᠶᠢᠳᠠᠪᠤᠷᠢᠵᠢᠭᠤᠯᠬᠤ ᠲᠠᠯ᠎ᠠ ᠪᠠᠷ ᠦᠨᠡᠨᠬᠦ ᠠᠮᠵᠢᠯᠲᠠ ᠣᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠣᠷᠢᠵᠢᠭᠤᠯᠬᠤ ᠶᠢ ᠰᠠᠶᠢᠲᠤᠷ ᠠᠳᠬᠤᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠪᠡ᠃    ᠮᠡᠳᠡᠭᠦᠯᠦᠯᠲᠡ ᠶᠢᠨ ᠬᠤᠷᠠᠯ ᠢ ᠸᠢᠳᠢᠤ᠋ ᠬᠡᠯᠪᠡᠷᠢ ᠪᠠᠷ ᠶᠠᠪᠤᠭᠳᠠᠭᠤᠯᠵᠤ᠂ ᠡᠯ᠎ᠡ ᠬᠤᠰᠢᠭᠤ ᠤᠷᠣᠨ ᠳᠤ ᠬᠤᠪᠢᠶᠠᠷᠢ ᠲᠠᠯᠠᠪᠠᠶ ᠲᠣᠬᠢᠷᠠᠭᠤᠯᠪᠠ᠃ ᠠᠶᠢᠮᠠᠭ ᠤᠨ ᠳᠥᠷᠪᠡᠨ ᠶᠡᠭᠡ ᠪᠠᠭ ᠤᠨ ᠪᠦᠷᠢᠯᠳᠦᠭᠦᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠬᠡᠴᠡ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠶᠢᠮᠠᠭ ᠲᠤ ᠰᠠᠭᠤᠭ᠎ᠠ ᠨᠢᠬᠡᠴᠡ ᠶᠢᠨ ᠭᠤᠣᠯ ᠬᠠᠷᠢᠭᠤᠴᠠᠯᠭᠠᠳᠡᠳ᠂ ᠠᠯᠠᠱᠠ ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠺᠠᠳ᠋ᠷᠴᠤᠳ ᠭᠤᠣᠯ ᠲᠠᠯᠠᠪᠠᠶ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号