ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠪᠠ
ᠨᠡᠶᠢᠲᠡᠯᠡᠭᠰᠡᠨ ᠴᠠᠭ᠄
2024/8/19
    8 ᠰᠠᠷ᠎ᠠ ᠶᠢᠨ 16 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠳᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ  ᠢ ᠡᠷᠭᠢᠯᠡᠪᠡ᠃    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠲᠥᠪ ᠪᠠ ᠲᠥᠷᠥ ᠶᠢᠨ ᠪᠠᠶᠢᠭᠤᠯᠭ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠬᠤ᠂ ᠪᠠᠶᠢᠭᠤᠯᠭ᠎ᠠ ᠨᠢᠬᠡᠴᠡ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠱᠠᠲᠤᠨ ᠤ ᠬᠢᠨ ᠨᠠᠷᠢᠯᠢᠭ ᠵᠣᠬᠢᠶᠠᠨ ᠪᠠᠶᠢᠭᠤᠯᠤᠨ ᠲᠣᠬᠢᠷᠠᠭᠤᠯᠵᠤ᠂ ᠴᠢᠭᠯᠡᠭᠦᠯᠦᠯᠲᠦ ᠴᠢᠨᠠᠷ ᠪᠠ ᠦᠷ᠎ᠡ ᠪᠦᠳᠦᠮᠵᠢᠳᠦ ᠴᠢᠨᠠᠷ ᠢ ᠲᠣᠪᠤᠶᠢᠯᠭᠠᠨ ᠰᠤᠷᠤᠯᠴᠠᠯᠭ᠎ᠠ ᠪᠣᠯᠪᠠᠰᠤᠷᠠᠯ᠂ ᠤᠬᠠᠭᠤᠯᠭ᠎ᠠ ᠲᠠᠶᠢᠯᠪᠤᠷᠢᠯᠠᠯᠲᠠ᠂ ᠰᠤᠳᠤᠯᠭᠠᠨ ᠲᠠᠶᠢᠯᠪᠤᠷᠢᠯᠠᠯᠲᠠ ᠶᠢ  ᠬᠢᠨᠠᠮᠠᠭᠠᠶ ᠥᠷᠨᠢᠭᠦᠯᠵᠦ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠣᠣᠱᠯᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ᠠᠶᠢᠮᠠᠭ ᠤᠨ ᠰᠢᠭᠤᠳ ᠬᠠᠷᠢᠶ᠎ᠠ ᠪᠠᠶᠢᠭᠤᠯᠭ᠎ᠠ ᠨᠢᠬᠡᠴᠡ ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ ︽ᠳᠦᠷᠦᠭᠦᠴᠢ︾ ᠪᠠ ︽ᠭᠤᠣᠯ ᠬᠦᠴᠦᠨ︾ ᠪᠣᠯᠤᠭᠰᠠᠨ ᠤ ᠬᠤᠪᠢ ᠳᠤ᠂ ᠪᠣᠳᠠᠲᠠᠢ ᠳᠤ ᠰᠠᠭᠤᠷᠢᠯᠠᠨ᠂ ᠨᠠᠮ ᠤᠨ ᠤᠯᠤᠰ ᠲᠥᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠴᠦ᠂ ᠣᠨᠣᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠦᠨ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠵᠦ᠂ ᠪᠠᠶᠢᠭᠤᠯᠭ᠎ᠠ ᠨᠢᠬᠡᠴᠡ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠡᠯ᠎ᠡ ᠱᠠᠲᠤᠨ ᠤ ᠪᠠᠶᠢᠭᠤᠯᠭ᠎ᠠ ᠨᠢᠬᠡᠴᠡ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠰᠤᠷᠤᠯᠴᠠᠨ ᠳᠣᠣᠱᠯᠠᠭᠤᠯᠬᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠳᠤ ᠡᠮᠦᠨ᠎ᠡ ᠨᠢ ᠬᠤᠰᠢᠭᠤᠷᠠᠵᠤ᠂ ᠦᠯᠢᠭᠡᠷ ᠳᠠᠭᠤᠷᠢᠶᠠᠯ ᠪᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ︽ᠪᠠᠳᠠᠶ ᠶᠢᠨ ᠵᠢᠷᠠᠨ ᠤ ᠡᠯᠡᠰᠦᠨ ᠴᠦᠯ —  ᠡᠯᠡᠰᠦᠨ ᠴᠣᠬᠢᠶ᠎ᠠ ᠨᠠᠭᠤᠷ ᠪᠦᠷᠢᠲᠤ   ᠨᠦᠭᠦᠳ︾ ᠨᠢ ︽ᠳᠡᠯᠡᠬᠡᠶ ᠶᠢᠨ ᠥᠪ ᠤᠨ ᠨᠡᠷᠡᠰ ᠤᠨ ᠲᠡᠮᠳᠡᠭᠯᠡᠯ︾ ᠳᠤ ᠠᠮᠵᠢᠯᠲᠠ ᠲᠠᠢ ᠵᠢᠭᠰᠠᠭᠠᠭᠳᠠᠭᠰᠠᠨ ᠨᠢ ᠬᠥᠮᠦᠰ ᠢ ᠵᠣᠷᠢᠭᠵᠢᠭᠤᠯᠪᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ  ᠤᠨ ᠰᠣᠶᠣᠯ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠵᠤ ᠠᠰᠢᠭᠯᠠᠬᠤ ᠠᠵᠢᠯ ᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠥᠨᠳᠥᠷ ᠲᠦᠪᠰᠢᠨ ᠪᠥᠬᠦᠶ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠰᠣᠶᠣᠯ ᠪᠠ ᠪᠠᠶᠢᠭᠠᠯᠢ ᠶᠢᠨ ᠥᠪ ᠢ ᠤᠯᠠᠮᠵᠢᠯᠠᠨ ᠠᠰᠢᠭᠯᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠥᠪ ᠢ ᠬᠠᠮᠠᠭᠠᠯᠠᠬᠤ ᠬᠠᠤᠯᠢ ᠲᠣᠭᠲᠠᠭᠠᠬᠤ ᠪᠠ ᠲᠥᠯᠥᠪᠵᠢᠭᠦᠯᠬᠦ ᠠᠬᠢᠴᠠ ᠶᠢ ᠲᠦᠷᠭᠡᠳᠬᠡᠵᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠠᠵᠢᠯ ᠢ ᠰᠠᠶᠢᠲᠤᠷ ᠬᠢᠵᠦ᠂ ᠰᠣᠶᠣᠯ ᠪᠠ ᠪᠠᠶᠢᠭᠠᠯᠢ ᠶᠢᠨ ᠥᠪ ᠢ ᠰᠢᠨ᠎ᠡ ᠴᠠᠭ ᠦᠶ᠎ᠡ ᠳᠤ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠨ ᠰᠢᠨ᠎ᠡ ᠬᠡᠷᠡᠯ ᠭᠢᠯᠪᠠᠭ᠎ᠠ ᠰᠠᠴᠤᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠳᠤ᠂ ᠪᠥᠬᠦ ᠠᠶᠢᠮᠠᠭ ᠤᠨ ᠠᠭᠤᠷᠬᠠᠶ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠮᠤᠷ ᠲᠦᠪᠰᠢᠨ ᠬᠥᠭᠵᠢᠯᠲᠡ ᠪᠠ ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠴᠠᠭ ᠢᠮᠠᠭᠲᠠ ᠰᠠᠨᠠᠭ᠎ᠠ ᠠᠮᠤᠷ ᠦᠬᠡᠢ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠠᠭᠤᠷᠬᠠᠶ ᠶᠢᠨ ᠠᠮᠤᠷ ᠲᠦᠪᠰᠢᠨ ᠢ ᠥᠴᠦᠬᠡᠨ ᠴᠦ ᠰᠤᠯᠠᠷᠠᠭᠤᠯᠤᠯ ᠥᠬᠡᠶ ᠠᠳᠬᠤᠵᠤ᠂ ᠠᠭᠤᠷᠬᠠᠶ ᠶᠢᠨ ᠲᠣᠪᠣᠶᠢᠮ᠎ᠠ ᠠᠰᠠᠭᠤᠳᠠᠯ  ᠤᠨ ᠬᠡᠮ ᠰᠣᠭᠤᠭ ᠢ ᠴᠢᠩᠭ᠎ᠠ ᠠᠩᠬᠠᠷᠤᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ᠂ ᠡᠳᠦᠷ ᠲᠤᠲᠤᠮ ᠬᠢᠨᠠᠠ ᠬᠠᠮᠢᠶᠠᠷᠬᠤ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ᠂ ᠬᠤᠯᠠᠭᠠᠶᠢᠯᠠᠨ ᠮᠠᠯᠲᠠᠬᠤ ᠪᠠ ᠠᠮᠢ ᠠᠬᠤᠶ ᠶᠢ ᠡᠪᠳᠡᠬᠦ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠤᠷ ᠲᠦᠪᠰᠢᠨ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃ ᠠᠮᠤᠷ ᠲᠦᠪᠰᠢᠨ ᠢ ᠪᠠᠲᠤᠯᠠᠭᠰᠠᠨ ᠰᠠᠭᠤᠷᠢᠨ ᠳᠡᠭᠡᠷ᠎ᠡ᠂ ᠠᠭᠤᠷᠬᠠᠢ ᠶᠢᠨ ᠬᠡᠪᠴᠢᠶᠡᠵᠢᠭᠰᠡᠨ᠂ ᠡᠷᠴᠢᠮᠵᠢᠭᠰᠡᠨ᠂ ᠪᠣᠬᠢᠷᠲᠤᠯ ᠦᠭᠡᠢ ᠨᠡᠭᠡᠭᠡᠨ ᠠᠰᠢᠭᠯᠠᠬᠤ ᠶᠢ ᠡᠮᠬᠢ ᠵᠢᠷᠤᠮ ᠲᠠᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠬᠡᠵᠦ ᠴᠢᠬᠤᠯᠠᠴᠢᠯᠠᠪᠠ᠃     ᠬᠤᠷᠠᠯ ᠳᠤ᠂ ᠳᠡᠭᠡᠷ᠎ᠡ ᠬᠠᠭᠠᠰ ᠵᠢᠯ ᠤᠨ ᠪᠦᠬᠦ ᠠᠶᠢᠮᠠᠭ ᠤᠨ ᠨᠠᠮ ᠤᠨ ᠰᠤᠷᠲᠠᠯ ᠴᠢᠬᠡᠴᠢ ᠵᠠᠰᠠᠭ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ  ᠳᠣᠣᠱᠯᠠᠭᠤᠯᠵᠦ᠂ ᠭᠤᠷᠪᠠᠨ ᠵᠦᠢᠯ ᠤᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠰᠠᠬᠢᠯᠭ᠎ᠠ ᠪᠠᠲᠤ ᠶᠢᠨ ᠬᠥᠮᠦᠵᠢᠯ ᠢ ᠪᠠᠶᠢᠩᠭᠤ ᠴᠢᠩᠭᠠᠳᠬᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠢᠩᠭ᠎ᠠ ᠴᠡᠭᠴᠡᠯᠡᠨ ᠵᠠᠰᠠᠵᠤ᠂ ᠭᠤᠣᠯᠳᠠᠯᠭ᠎ᠠ ᠲᠠᠢ ᠠᠰᠠᠭᠤᠳᠠᠯ᠂ ᠭᠤᠣᠯᠳᠠᠯᠭ᠎ᠠ ᠲᠠᠢ ᠬᠦᠷᠢᠶ᠎ᠡ ᠪᠣᠯᠤᠨ ᠭᠤᠣᠯᠳᠠᠯᠭ᠎ᠠ ᠲᠠᠢ ᠡᠲᠡᠭᠡᠳ ᠢ ᠴᠢᠩᠭ᠎ᠠ ᠠᠩᠬᠠᠷᠴᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠨᠡᠩ ᠲᠥᠪ ᠴᠢᠬᠡᠴᠢ ᠤᠯᠤᠰ ᠲᠦᠷᠦ ᠶᠢᠨ ᠣᠷᠴᠢᠨ ᠢ ᠪᠤᠢ ᠪᠣᠯᠭᠠᠬᠤ ᠬᠡᠷᠡᠭᠲᠡᠢ᠃ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ︽ᠭᠤᠷᠪᠠ ᠶᠢ ᠢᠯᠭᠠᠬᠤ︾ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠵᠦᠶᠯ ᠤᠨ ᠬᠡᠯᠪᠡᠷᠢ ᠪᠠᠶᠢᠳᠠᠯ︾ ᠢ ᠣᠨᠣᠪᠴᠢᠲᠠᠶ ᠬᠡᠷᠡᠭᠯᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠰᠠᠶᠢᠨ ᠰᠠᠶᠢᠬᠠᠨ ᠪᠠᠶᠢᠳᠠᠯ ᠢ ᠦᠨᠡᠨ ᠬᠦ ᠪᠦᠷᠢᠯᠳᠦᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠠᠵᠢᠯ ᠤᠨ ᠭᠤᠣᠯ ᠱᠤᠭᠤᠮ ᠢ ᠪᠦᠬᠦ ᠲᠠᠯ᠎ᠠ ᠪᠠᠷ ᠳᠣᠣᠱᠯᠠᠭᠤᠯᠬᠤ ᠶᠢ ᠰᠢᠮᠳᠠᠭᠤᠯᠣᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠳᠣᠳᠬᠠᠬᠤ ᠡᠨᠡ ᠬᠦ ᠭᠤᠣᠯ ᠱᠤᠭᠤᠮ ᠢ ᠡᠯ᠎ᠡ ᠵᠦᠢᠯ ᠤᠨ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠳᠣᠣᠱᠯᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠵᠢᠱᠢᠶ᠎ᠡ ᠦᠵᠡᠭᠦᠯᠬᠦ ᠠᠶᠢᠮᠠᠭ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂  ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ᠂  ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠠᠮᠲᠤ  ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠲᠠᠢ ᠨᠢᠭᠲᠠ ᠤᠶᠠᠯᠳᠤᠭᠤᠯᠤᠨ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号