ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/19
    8 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠶᠤᠯ ᠦᠬᠡᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠠᠵᠢᠯ ᠲᠥᠷᠥᠯ ᠤᠨ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠶᠤᠯ ᠦᠬᠡᠢ ᠦᠢᠯᠡᠳᠪᠦᠷᠢᠯᠡᠯ ᠤᠨ ᠪᠠᠶᠢᠳᠠᠯ ᠢ ᠵᠠᠳᠠᠯᠵᠤ᠂ ᠶᠡᠷᠦᠩᠬᠡᠶ ᠱᠦᠵᠢ ᠰᠢ ᠶᠢᠨ ᠫᠢᠩ ᠤᠨ ︽ᠰᠤᠷᠤᠯᠭ᠎ᠠ ᠶᠢᠨ ᠰᠦᠢᠳᠭᠡᠯ ᠢ ᠲᠠᠯᠠᠭᠠᠷ ᠲᠤᠰᠢᠶᠠᠵᠤ ᠪᠣᠯᠬᠤ ᠥᠬᠡᠶ︾ ᠭᠡᠰᠡᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠴᠠᠭ ᠢᠮᠠᠭᠲᠠ ᠰᠠᠨᠠᠭ᠎ᠠ ᠠᠮᠤᠷ ᠦᠬᠡᠢ ᠪᠠᠶᠢᠬᠤ ᠬᠠᠷᠢᠭᠤᠴᠠᠯᠭᠠᠲᠤ ᠰᠡᠳᠭᠢᠯᠭᠡ ᠪᠠᠷ ᠠᠶᠤᠯ ᠦᠬᠡᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠶ ᠠᠳᠬᠤᠬᠤ ᠬᠡᠷᠡᠭᠲᠡᠶ᠃ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ᠂ ᠱᠠᠯᠠᠪᠳᠠᠭᠤᠯᠤᠨ ᠪᠠᠶᠢᠴᠠᠭᠠᠬᠤ ᠶᠢ ᠨᠢᠭᠡ ᠴᠤᠬᠴᠠᠵᠢᠭᠤᠯᠤᠨ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠠᠶᠤᠯ ᠦᠬᠡᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠣᠨ ᠤ ᠬᠠᠷᠠᠯᠲᠠ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠲᠡᠢ᠃ ᠦᠶᠡᠷ ᠤᠰᠤᠲᠤᠯ᠂ ᠬᠤᠲᠠ ᠶᠢᠨ ᠤᠰᠤᠲᠤᠯ ᠪᠠ ᠭᠠᠵᠠᠷ ᠤᠨ ᠭᠠᠮᠰᠢᠭ ᠢ ᠰᠡᠷᠭᠡᠶᠢᠯᠡᠨ ᠠᠷᠭᠠᠴᠠᠬᠤ ᠵᠡᠷᠭᠡ ᠠᠵᠢᠯ ᠢ ᠴᠢᠩᠭᠠᠳᠬᠠᠵᠤ᠂ ᠤᠯᠠᠭᠠᠨᠬᠠᠳᠠ ᠬᠤᠲᠠ ᠶᠢᠨ ᠯᠤᠤᠬ᠎ᠠ ᠶᠢᠨ ᠭᠤᠤᠯ ᠰᠡᠳᠡᠷᠡᠭᠰᠡᠨ ᠤ ᠬᠤᠶᠢᠲᠤᠬᠢ ᠶᠠᠪᠤᠳᠠᠯ ᠵᠢᠴᠢ ᠪᠠᠬᠢᠯᠡᠵᠦ ᠠᠶᠤᠯ ᠢ ᠠᠷᠢᠯᠭᠠᠬᠤ ᠵᠡᠷᠭᠡ ᠵᠠᠯᠭᠠᠮᠵᠢ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠡᠯ᠎ᠡ ᠲᠥᠷᠥᠯ ᠤᠨ ᠦᠵᠡᠮᠵᠢ ᠶᠢᠨ ᠣᠷᠣᠨ ᠪᠠ ᠵᠢᠭᠤᠯᠴᠢᠯᠠᠬᠰᠠᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠠᠩᠬᠠᠷᠴᠤ᠂ ᠤᠷᠤᠰᠴᠠ ᠪᠠᠷ ᠶᠡᠭᠡ᠂ ᠠᠳᠠᠯ ᠠᠮᠠᠷᠬᠠᠨ ᠡᠭᠦᠰᠭᠦ ᠵᠠᠮ ᠤᠨ ᠬᠡᠰᠡᠭ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ ᠠᠷᠢᠬᠢ ᠤᠤᠭᠤᠭᠠᠳ ᠲᠡᠷᠭᠡ ᠵᠢᠯᠣᠭᠤᠳᠬᠤ ᠰᠣᠭᠲᠣᠭᠤ ᠪᠠᠷ ᠲᠡᠷᠭᠡ ᠵᠢᠯᠣᠭᠤᠳᠬᠤ᠂ ᠶᠠᠳᠠᠷᠠᠵᠦ ᠲᠡᠷᠭᠡ ᠵᠢᠯᠣᠭᠤᠳᠬᠤ᠂ ᠬᠡᠳᠦ ᠬᠤᠷᠳᠤᠨ ᠠᠶᠠᠯᠠᠬᠤ ᠬᠡᠳᠦᠷᠡᠳᠡᠯ᠎ᠡ ᠬᠥᠮᠦᠨ ᠲᠡᠬᠡᠬᠡᠪᠦᠷᠢᠯᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠢ ᠰᠠᠶᠢᠲᠤᠷ ᠬᠢᠵᠦ᠂ ᠲᠣᠭᠤᠷᠢᠨ ᠬᠠᠮᠠᠭᠠᠯᠠᠵᠤ ᠲᠣᠭᠤᠷᠢᠨ ᠪᠠᠶᠢᠴᠠᠭᠠᠬᠤ᠂ ᠵᠢᠵᠢᠭᠦᠷᠯᠡᠨ ᠰᠠᠬᠢᠬᠤ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠰᠠᠨᠠᠭᠠᠴᠢᠯᠠᠭᠠᠲᠤ ᠲᠡᠶᠢᠨ︾ ᠢ ᠰᠠᠶᠢᠲᠤᠷ ᠬᠢᠬᠦ ᠬᠡᠷᠡᠭᠲᠡᠶ ᠬᠡᠵᠥ ᠴᠢᠬᠤᠯᠠᠴᠢᠯᠠᠪᠠ᠃    ᠬᠤᠷᠠᠯ ᠠᠴᠠ ᠪᠥᠬᠦ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠢ ᠪᠠᠶᠢᠷᠢᠯᠠᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠥᠲᠥᠭᠡᠨ ᠪᠠᠶᠢᠭᠤᠯᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠤ ᠪᠤᠳᠠᠭᠠᠨ ᠤ ᠦᠢᠯᠡᠳᠪᠦᠷᠢᠯᠡᠯ ᠢ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠠᠮᠤ ᠪᠤᠳᠠᠭᠠᠨ ᠤ ᠲᠠᠷᠢᠮᠠᠯ ᠤᠨ ᠪᠦᠲᠦᠴᠡ ᠶᠢ ᠤᠯᠠᠮ ᠨᠢᠬᠡ ᠠᠯᠬᠤᠮ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠵᠢᠯᠣᠭᠤᠳᠤᠮᠵᠢ ᠪᠣᠯᠭᠠᠵᠤ ᠲᠠᠯᠠᠪᠠᠢ ᠨᠢᠭᠡᠴᠢ ᠶᠢᠨ ᠤᠨᠠᠯᠲᠠ ᠶᠢᠨ ᠲᠦᠪᠰᠢᠨ ᠢ ᠶᠡᠭᠡ ᠪᠠᠷ ᠳᠡᠭᠡᠭᠰᠢᠯᠡᠭᠦᠯᠬᠦ ᠬᠡᠷᠡᠭᠳᠡᠢ᠂ ᠲᠠᠷᠢᠮᠠᠯ ᠤᠨ ᠲᠠᠯᠠᠪᠠᠢ ᠶᠢ ᠥᠷᠭᠡᠳᠭᠡᠬᠦ ᠳᠤ ᠲᠦᠰᠢᠭᠯᠡᠨ ᠠᠮᠤ ᠪᠤᠳᠠᠭᠠᠨ ᠤ ᠤᠨᠠᠯᠲᠠ ᠶᠢ ᠳᠡᠭᠡᠭᠰᠢᠯᠡᠭᠦᠯᠵᠦ ᠪᠣᠯᠬᠤ ᠦᠭᠡᠢ᠃ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ︽ᠨᠠᠯᠠᠶᠢᠲᠠᠯ᠎ᠠ ᠤᠰᠤᠯᠠᠬᠤ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠰᠤᠯᠠᠯᠲᠠ ᠶᠢᠨ ᠤᠰᠤ ᠬᠡᠷᠡᠭᠯᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠪᠦᠳᠦᠭᠡᠨ ᠪᠠᠶᠢᠭᠤᠯᠬᠤ ᠪᠠ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠦᠷᠢᠨᠰᠢᠬᠦᠯᠤᠨ᠂ ᠨᠢᠭᠡ ᠶᠢ ᠪᠠᠶᠢᠭᠤᠯᠪᠠᠯ ᠨᠢᠭᠡ ᠶᠢ ᠪᠦᠳᠦᠬᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠵᠣᠬᠢᠬᠤ ᠬᠡᠪᠴᠢᠶᠡᠵᠢᠯᠳᠤ ᠡᠵᠡᠩᠨᠡᠯᠲᠡ ᠶᠢ ᠶᠡᠭᠡ ᠪᠠᠷ ᠬᠥᠭᠵᠢᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤᠮᠳᠠ ᠠᠷᠭ᠎ᠠ ᠰᠦᠪᠡᠭᠴᠢᠯᠡᠨ᠂ ᠭᠠᠵᠠᠷ ᠰᠢᠷᠣᠶ ᠶᠢᠨ ᠡᠵᠡᠩᠨᠡᠯᠳᠡ ᠶᠢᠨ ᠡᠷᠬᠡ ᠶᠢ ᠬᠦᠢᠯᠬᠡᠬᠡᠬᠦ ᠲᠣᠭᠲᠠᠴᠠ ᠶᠢ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠪᠣᠯᠤᠨ ᠡᠵᠡᠩᠨᠡᠯᠲᠡ ᠶᠢᠨ ᠭᠤᠤᠯ ᠴᠣᠭᠴᠠ ᠶᠢᠨ ᠬᠤᠤᠰ ᠠᠮᠵᠢᠯᠲᠠ ᠶᠢ ᠪᠡᠶᠡᠯᠡᠭᠦᠯᠬᠦ ᠬᠡᠷᠡᠭᠲᠡᠶ᠃ ︽ᠮᠠᠯ ᠠᠵᠤ ᠠᠬᠤᠶ ᠲᠠᠷᠢᠶᠠᠯᠠᠩ ᠢ ᠬᠡᠷᠬᠢᠨ ᠬᠥᠭᠵᠢᠭᠦᠯᠬᠦ᠂ ᠮᠠᠯᠵᠢᠬᠤ ᠲᠠᠷᠢᠶᠠᠯᠠᠬᠤ ᠣᠷᠣᠨ ᠢ ᠬᠡᠷᠬᠢᠨ ᠪᠥᠲᠥᠭᠡᠨ ᠪᠠᠶᠢᠭᠤᠯᠵᠤ ᠵᠠᠰᠠᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠬᠡᠷᠬᠢᠨ ᠨᠡᠮᠡᠭᠳᠡᠭᠦᠯᠬᠦ︾ ᠲᠠᠢ ᠨᠢᠭᠲᠠ ᠤᠶᠠᠯᠳᠤᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ ᠪᠥᠬᠦ ᠬᠡᠯᠬᠢᠶ᠎ᠡ ᠶᠢ ᠨᠡᠪᠲᠡᠷᠡᠭᠦᠯᠵᠦ᠂ ᠮᠠᠯ ᠠᠵᠤ ᠠᠬᠤᠶ ᠲᠠᠷᠢᠶᠠᠯᠠᠩ ᠤᠨ ᠬᠡᠪᠴᠢᠶᠡᠵᠢᠭᠰᠡᠨ᠂ ᠠᠵᠤ ᠦᠢᠯᠡᠰᠵᠢᠭᠰᠡᠨ᠂ ᠲᠥᠷᠥᠯ ᠲᠡᠮᠳᠡᠭᠵᠢᠭᠰᠡᠨ ᠬᠥᠭᠵᠢᠯᠲᠡ ᠶᠢ ᠠᠬᠢᠭᠤᠯᠬᠤ ᠬᠡᠷᠡᠭᠲᠡᠶ ᠬᠡᠵᠥ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号