ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/8/19
    8 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠮᠠᠨ ᠤ ᠣᠷᠣᠨ ᠤ ᠬᠠᠮᠢᠶ᠎ᠠ ᠪᠥᠬᠦᠶ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠰᠣᠶᠣᠯ ᠪᠠ ᠪᠠᠶᠢᠭᠠᠯᠢ ᠶᠢᠨ ᠥᠪ ᠤᠨ ᠬᠠᠮᠠᠭᠠᠯᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠲᠦᠷᠢᠮ ᠲᠣᠭᠲᠠᠴᠠ ᠶᠢ ᠲᠡᠭᠦᠯᠳᠡᠷᠵᠢᠭᠦᠯᠦᠨ᠂ ᠬᠡᠷᠡᠭᠵᠢᠭᠦᠯᠦᠯᠲᠡ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠰᠣᠶᠣᠯ ᠪᠠ ᠪᠠᠶᠢᠭᠠᠯᠢ ᠶᠢᠨ ᠥᠪ ᠢ ᠵᠦᠢ ᠵᠣᠬᠢᠰᠲᠠᠢ ᠨᠡᠭᠡᠭᠡᠨ ᠠᠰᠢᠭᠯᠠᠬᠤ ᠠᠵᠢᠯ ᠢ ᠢᠳᠡᠪᠬᠢᠲᠡᠢ ᠥᠷᠨᠢᠭᠦᠯᠵᠦ᠂ ᠬᠠᠮᠠᠭᠠᠯᠠᠬᠤ ᠶᠢᠨ ᠳᠠᠭᠠᠤ ᠬᠥᠭᠵᠢᠭᠦᠯᠵᠦ᠂ ᠬᠥᠭᠵᠢᠭᠦᠯᠬᠦ ᠶᠢᠨ ᠳᠠᠭᠠᠤ ᠬᠠᠮᠠᠭᠠᠯᠠᠬᠤ ᠬᠡᠷᠡᠭᠲᠡᠢ᠃ ︽ᠪᠠᠳᠠᠶ ᠶᠢᠨ ᠵᠢᠷᠠᠨ ᠤ ᠡᠯᠡᠰᠦ — ᠡᠯᠡᠰᠦᠨ ᠴᠤᠬᠢᠶ᠎ᠠ ᠨᠠᠭᠤᠷ ᠪᠦᠷᠢᠳᠦ ᠶᠢᠨ ᠪᠦᠯᠦᠭᠵᠢᠯ︾ ᠤᠨ ᠲᠡᠯᠡᠬᠡᠢ ᠶᠢᠨ ᠥᠪ ᠢᠶᠠᠷ ᠪᠦᠷᠢᠳᠭᠡᠭᠦᠯᠦᠭᠰᠡᠨ ᠲᠤᠷᠰᠢᠯᠭ᠎ᠠ ᠶᠢ ᠳ᠋ᠦᠩᠨᠡᠬᠦ ᠪᠠ ᠵᠠᠯᠭᠠᠮᠵᠢ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠪᠠᠳᠠᠶ ᠶᠢᠨ ᠵᠢᠷᠠᠨ ᠤ ᠤᠯᠤᠰ ᠤᠨ ᠴᠡᠴᠡᠷᠯᠢᠭ ᠢ ᠪᠠᠶᠢᠭᠤᠯᠬᠤ ᠪᠠᠷ ᠭᠤᠶᠤᠴᠢᠯᠠᠬᠤ ᠠᠵᠢᠯ ᠢ ᠲᠦᠷᠭᠡᠳᠭᠡᠨ ᠠᠬᠢᠭᠤᠯᠬᠤ ᠬᠡᠷᠡᠭᠲᠡᠢ᠃ ᠲᠡᠯᠡᠬᠡᠢ ᠶᠢᠨ ᠥᠪ ᠢᠶᠠᠷ ᠠᠮᠵᠢᠯᠲᠠ ᠲᠠᠢ ᠪᠦᠷᠢᠳᠭᠡᠭᠦᠯᠦᠭᠰᠡᠨ ᠶᠠᠪᠤᠳᠠᠯ ᠢᠶᠠᠷ ᠠᠵᠠ ᠲᠣᠬᠢᠶᠠᠯ ᠪᠣᠯᠭᠠᠨ᠂ ᠮᠠᠨ ᠤ ᠣᠷᠣᠨ ᠤ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠪᠣᠯᠤᠨ ᠪᠠᠶᠢᠭᠠᠯᠢ ᠶᠢᠨ ᠥᠪ ᠢ ᠬᠠᠮᠠᠭᠠᠯᠠᠭᠰᠠᠨ ᠦᠷ᠎ᠡ ᠪᠦᠲᠦᠮᠵᠢ ᠶᠢ ᠶᠡᠭᠡ ᠪᠠᠷ ᠤᠬᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠳᠠᠬᠢ ᠥᠪᠥᠷ ᠮᠣᠩᠭᠤᠯ ᠤᠨ ᠠᠯᠳᠠᠷᠰᠢᠯ ᠤᠨ ᠬᠡᠮᠵᠢᠶ᠎ᠡ᠂ ᠰᠠᠶᠢᠬᠠᠨ ᠨᠡᠷ᠎ᠡ ᠶᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠢᠩᠪᠦ᠋ᠸᠧ ᠨᠤᠲᠤᠭ ᠲᠠᠢ ᠰᠢᠶᠠᠩᠭᠠᠩ ᠤᠨ ᠠᠵᠤ ᠠᠬᠤᠶᠢᠯᠠᠯᠲᠠᠨ ᠳᠤ ᠦᠭᠭᠦᠭᠰᠡᠨ ᠬᠠᠷᠢᠭᠤ ᠵᠠᠬᠢᠳᠠᠯ᠂ ᠬᠤᠪᠧᠶ ᠶᠢᠨ ᠱᠢ ᠶᠠᠨ ᠤ ᠳ᠋ᠠᠨ ᠵᠢᠶᠠᠩ ᠺᠸᠦ ᠴᠥᠭᠦᠷᠥᠮ ᠤᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷᠠᠴᠤᠳ ᠲᠤ ᠥᠭᠭᠦᠭᠰᠡᠨ ᠬᠠᠷᠢᠭᠤ ᠵᠠᠬᠢᠳᠠᠯ ᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠥᠪᠥᠷ ᠮᠣᠩᠭᠤᠯ ᠤᠨ ᠠᠷᠠᠯᠵᠢᠶᠠᠴᠢᠳ ᠲᠠᠢ ᠬᠠᠷᠢᠯᠴᠠᠵᠤ ᠲᠡᠳᠡᠨ ᠳᠤ ᠦᠢᠯᠡᠴᠢᠯᠡᠬᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷᠠᠴᠤᠳ ᠤᠨ ᠡᠩᠨᠡᠭᠡ ᠶᠢᠨ ᠦᠢᠯᠡᠳᠦᠯ ᠢ ᠪᠠᠳᠠᠷᠠᠭᠤᠯᠬᠤ ᠲᠤᠬᠠᠶ ᠱᠠᠭᠠᠷᠳᠠᠯᠭ᠎ᠠ ᠳᠤᠷᠠᠳᠪᠠ᠃    ᠬᠤᠷᠠᠯ ᠠᠴᠠ ︽ᠨᠡᠶᠢᠭᠡᠮ ᠲᠣᠭᠤᠷᠢᠭ ᠤᠨ ᠠᠵᠢᠯᠳᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ ︶︾ ᠶᠢ ᠬᠢᠨᠠᠨ ᠵᠥᠪᠯᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号