ᠤᠶᠢᠷ᠎ᠠ ᠶᠢᠨ ᠡᠳᠦᠷ᠂ ᠠᠶᠢᠮᠠᠭ ᠤᠨ ᠭᠤᠤᠯᠳᠠᠯᠭᠠᠲᠦ ᠲᠦᠷᠦᠯ ᠵᠦᠢᠯ ᠪᠤᠯᠬᠤ ᠠᠯᠠᠱᠠ ᠠᠶᠢᠮᠠᠭ ᠤᠨ ᠷᠧᠨ ᠾᠧ | ᠰᠢᠨ᠎ᠠ ᠡᠨᠤᠷᠬᠢ ᠶᠢᠨ ᠰᠢᠨᠵᠢᠯᠡᠭᠡ ᠮᠡᠷᠬᠡᠵᠢᠯ ᠤᠨ ᠺᠤᠮᠫᠠᠨᠢ ᠶᠢᠨ ᠵᠢᠯ ᠳᠤ 20 ᠲᠦᠮᠡᠨ ᠲᠣᠨ ᠰᠠᠯᠬᠢᠨ ᠮᠠᠰᠢᠨ ᠤ | ᠰᠤᠪᠤᠷᠭ᠎ᠠ ᠦᠢᠯᠡᠳᠪᠦᠷᠢᠯᠡᠬᠦ ᠲᠦᠷᠦᠯ ᠵᠦᠢᠯ ᠠᠰᠢᠭᠯᠠᠯᠳᠠ ᠳᠤ ᠤᠷᠤᠭᠰᠠᠨ ᠪᠠᠶᠢᠨ᠎ᠠ᠃ | ᠠᠯᠠᠱᠠ ᠠᠶᠢᠮᠠᠭ ᠤᠨ ᠷᠧᠨ ᠾᠧ ᠰᠢᠨ᠎ᠡ ᠡᠨᠧᠷᠭᠢ ᠶᠢᠨ ᠰᠢᠨᠵᠢᠯᠡᠭᠡ ᠮᠡᠷᠭᠡᠵᠢᠯ ᠤᠨ ᠺᠣᠮᠫᠠᠨᠢ ᠪᠣᠯ ᠰᠢᠨ᠎ᠡ | ᠡᠨᠧᠷᠭᠢ ᠶᠢᠨ ᠠᠵᠢᠯ ᠲᠦᠷᠦᠯ ᠳᠤ ᠰᠢᠨ᠎ᠡ ᠪᠠᠷ ᠮᠠᠨᠳᠤᠵᠦ ᠪᠤᠢ ᠲᠣᠨᠣᠭᠯᠠᠯ ᠰᠤᠳᠤᠯᠤᠨ ᠦᠢᠯᠡᠳᠬᠦ ᠠᠵᠤ ᠠᠬᠤᠶᠢᠯᠠᠯ | ᠪᠣᠯᠤᠨ᠎ᠠ᠂ ᠰᠠᠯᠬᠢᠨ ᠬᠦᠴᠦᠨ ᠤ ᠴᠠᠬᠢᠯᠭᠠᠨ ᠤ ᠰᠤᠪᠤᠷᠭ᠎ᠠ᠂ ᠰᠠᠯᠬᠢᠨ ᠬᠦᠴᠦᠨ ᠤ ᠮᠠᠰᠢᠨ ᠤ ᠰᠡᠯᠪᠢᠭ ᠲᠤᠨᠤᠭ | ᠵᠢᠴᠢ ᠭᠡᠷᠡᠯ ᠢᠯᠴᠢ ᠪᠠᠷ ᠴᠠᠬᠢᠯᠭᠠᠨ ᠭᠠᠷᠭᠠᠬᠤ ᠲᠥᠬᠦᠭᠡᠷᠦᠮᠵᠢ ᠶᠢ ᠵᠢᠷᠤᠵᠤ ᠲᠥᠯᠥᠪᠯᠡᠬᠦ᠂ ᠦᠢᠯᠡᠳᠬᠦ᠂ ᠪᠣᠬᠢᠷᠲᠤᠯ | ᠦᠭᠡᠢ ᠴᠠᠬᠢᠯᠭᠠᠨ ᠤ ᠦᠷᠳᠡᠭᠡ ᠶᠢᠨ ᠪᠦᠳᠦᠬᠡᠨ ᠪᠠᠶᠢᠭᠤᠯᠤᠯᠲᠠ ᠶᠢ ᠡᠵᠡᠩᠨᠡᠵᠦ ᠪᠤᠢ᠃ ᠲᠤᠰ ᠲᠦᠷᠦᠯ ᠵᠦᠢᠯ | 166 ᠮᠥ ᠭᠠᠵᠡᠷ ᠡᠵᠡᠯᠡᠵᠦ᠂ ᠡᠨᠡ ᠵᠢᠯ ᠤᠨ 3 ᠰᠠᠷ᠎ᠠ ᠳᠤ ᠪᠠᠷᠢᠯᠭ᠎ᠠ ᠪᠠᠨ ᠡᠬᠢᠯᠡᠭᠦᠯᠤᠨ᠂ ᠪᠠᠷᠠᠭᠤᠨ ᠬᠤᠶᠢᠲᠤ | ᠣᠷᠣᠨ ᠳᠤ ᠰᠠᠯᠬᠢᠨ ᠬᠦᠴᠦᠨ ᠤ ᠴᠠᠬᠢᠯᠭᠠᠨ ᠤ ᠰᠤᠪᠤᠷᠭ᠎ᠠ ᠦᠢᠯᠡᠳᠪᠦᠷᠢᠯᠡᠬᠦ ᠴᠢᠳᠠᠪᠤᠷᠢ ᠪᠠᠷ ᠬᠠᠮᠤᠭ ᠤᠨ ᠲᠤᠮᠤ | ᠠᠵᠤ ᠠᠬᠤᠶᠢᠯᠠᠯ ᠪᠤᠯᠵᠡᠢ᠃ ᠤᠳᠤᠬᠠᠨ ᠳᠤ᠂ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠨᠢ ᠥᠪᠥᠷ | ᠮᠣᠩᠭᠤᠯ᠂ ᠨᠢᠩᠰᠢᠶᠠ᠂ ᠭᠠᠨᠰᠦ᠂ ᠰᠢᠨᠵᠢᠶᠠᠩ ᠵᠡᠷᠭᠡ ᠭᠠᠵᠠᠷ ᠢ ᠬᠠᠮᠤᠷᠴᠤ᠂ ᠵᠢᠯ ᠤᠨ ᠦᠢᠯᠡᠳᠬᠦᠨ ᠤ ᠥᠷᠲᠡᠭ ᠨᠢ | 15 ᠳ᠋ᠦᠩᠰᠢᠭᠤᠷ ᠲᠥᠭᠦᠷᠢᠭ ᠲᠤ ᠬᠦᠷᠴᠦ᠂ ᠪᠠᠷᠤᠭ 400 ᠠᠵᠢᠯ ᠤᠨ ᠪᠠᠶᠢᠷᠢ ᠪᠠ ᠠᠯᠠᠱᠠ ᠣᠷᠣᠨ ᠤ ᠵᠢᠯ | ᠪᠦᠷᠢ ᠶᠢᠨ 5GW ᠶᠢᠨ ᠰᠠᠯᠬᠢᠨ ᠬᠦᠴᠦᠨ ᠤ ᠴᠠᠬᠢᠯᠭᠠᠨ ᠤ ᠰᠤᠪᠤᠷᠭ᠎ᠠ ᠶᠢᠨ ᠬᠡᠷᠡᠭᠴᠡᠭᠡ ᠶᠢ ᠬᠠᠩᠭᠠᠵᠤ ᠳᠡᠶᠢᠯᠬᠦ | ᠪᠣᠯᠤᠨ᠎ᠠ᠃ | ᠺᠣᠮᠫᠠᠨᠢ ᠶᠢᠨ ᠨᠢᠭᠡᠳᠦᠭᠡᠷ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢᠨ ᠰᠠᠯᠬᠢᠨ ᠬᠦᠴᠦ ᠪᠠᠷ ᠴᠠᠬᠢᠯᠭᠠᠨ | ᠭᠠᠷᠭᠠᠬᠤ ᠰᠤᠪᠤᠷᠭ᠎ᠠ ᠦᠢᠯᠡᠳᠬᠦ ᠲᠥᠷᠥᠯ ᠵᠦᠢᠯ ᠤᠨ ᠶᠡᠷᠦᠩᠬᠡᠢ ᠪᠡᠯᠡ ᠤᠷᠤᠭᠤᠯᠤᠯᠳᠠ ᠨᠢ 1 ᠳ᠋ᠦᠩᠰᠢᠭᠤᠷ | ᠲᠥᠭᠦᠷᠢᠭ ᠲᠤ ᠬᠦᠷᠴᠦ᠂ ᠬᠤᠶᠠᠳᠤᠭᠠᠷ ᠬᠤᠭᠤᠴᠠᠭᠠᠨ ᠳᠤ ᠬᠡᠷᠡᠯ ᠢᠯᠴᠢ ᠪᠠᠷ ᠴᠠᠬᠢᠯᠭᠠᠨ ᠭᠠᠷᠭᠠᠬᠤ ᠲᠦᠷᠦᠯ | ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 8 ᠳ᠋ᠦᠩᠰᠢᠭᠤᠷ ᠲᠥᠭᠦᠷᠢᠭ ᠪᠣᠯᠤᠨ᠎ᠠ᠃ ᠲᠤᠰ ᠲᠦᠷᠦᠯ | ᠵᠦᠢᠯ ᠤᠨ ᠠᠰᠢᠭᠯᠠᠯᠳᠠ ᠳᠤ ᠤᠷᠤᠭᠰᠠᠨ ᠨᠢ ᠮᠠᠨ ᠤ ᠠᠶᠢᠮᠠᠭ ᠤᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ | ᠦᠢᠯᠡᠳᠬᠦ ᠦᠢᠯᠡᠰ ᠤᠨ ᠬᠤᠭᠤᠰᠤᠨ ᠢ ᠨᠦᠬᠦᠪᠦᠷᠢᠯᠡᠵᠦ᠂ ᠪᠥᠬᠦ ᠠᠶᠢᠮᠠᠭ ᠤᠨ ᠳ᠋ᠦᠩᠰᠢᠭᠤᠷ ᠮᠢᠩᠭᠠᠨ ᠲᠦᠮᠡᠨ | ᠲᠠᠰ ᠤᠨ ᠰᠢᠨ᠎ᠡ ᠡᠨᠧᠷᠭᠢ ᠶᠢᠨ ᠲᠣᠮᠣ ᠰᠠᠭᠤᠷᠢᠨ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | |